ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠄ ᠪᠠᠶᠠᠨᠴᠠᠭᠠᠨ ᠪᠠᠯᠭᠠᠰᠤᠨ ᠤ ᠨᠢᠭᠡᠳᠤᠭᠡᠷ ᠪᠠᠭ᠎ᠠ ᠰᠤᠷᠭᠠᠭᠤᠯᠢ ︽ᠬᠠᠶᠢᠷ᠎ᠠ ᠬᠠᠯᠠᠮᠵᠢ ᠶᠢᠨ ᠥᠷᠯᠦᠭᠡᠨ ᠤ ᠬᠤᠭᠤᠯᠠ ᠨᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ ᠰᠠᠶᠢᠨ ᠳᠤᠷ᠎ᠠ ᠶᠢᠨ ᠦᠢᠯᠡᠴᠢᠯᠡᠭᠡ ᠪᠠᠷ ᠰᠠᠶᠢᠨ ᠰᠠᠶᠢᠬᠠᠨ ᠰᠤᠷᠲᠠᠯ ᠢ ᠤᠯᠠᠮᠵᠢᠯᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/5
   ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠡᠭᠡᠯᠢ ᠭᠤᠳᠤᠮᠵᠢ ᠳᠤ ︽ᠴᠡᠭᠡᠨ ᠦᠩᠭᠡ ᠶᠢᠨ ᠬᠤᠪᠴᠠᠰᠤ︾ ᠨᠢᠭᠡ ᠪᠦᠯᠦᠭ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠪᠣᠳᠠᠲᠤ ᠠᠵᠢᠯᠯᠠᠭ᠎ᠠ ᠪᠠᠷ ᠢᠶᠠᠨ ᠡᠨᠡᠬᠦ ᠬᠤᠲᠠ ᠶᠢᠨ ᠦᠵᠡᠰᠬᠦᠯᠡᠩᠲᠦ ᠰᠠᠶᠢᠬᠠᠨ ᠪᠠ ᠴᠡᠪᠡᠷ ᠴᠡᠮᠴᠡᠭᠡᠷ ᠰᠠᠶᠢᠬᠠᠨ ᠢ ᠰᠠᠬᠢᠨ ᠬᠠᠮᠠᠭᠠᠯᠠᠵᠤ ᠪᠠᠶᠢᠪᠠ᠃ ᠲᠡᠳᠡ ᠵᠢᠯ ᠪᠦᠷᠢ ᠨᠢᠭᠡ ᠵᠢᠯ ᠰᠢᠨᠡᠳᠴᠦ᠂ ᠰᠢᠷᠭᠠᠭᠤ ᠬᠥᠯᠥᠰᠥ ᠪᠠᠨ ᠤᠷᠤᠰᠬᠠᠨ᠂ ᠬᠤᠲᠠ ᠶᠢᠨ ᠬᠥᠭᠵᠢᠯᠲᠡ ᠳᠤ ᠳᠤᠲᠠᠭᠳᠠᠵᠤ ᠪᠣᠯᠤᠰᠢ ᠥᠬᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠬᠦᠨᠳᠦᠳᠬᠡᠵᠦ ᠲᠠᠯᠠᠷᠬᠠᠬᠤ ᠶᠢᠨ ᠲᠥᠯᠥᠭᠡ᠂ ᠪᠠᠶᠠᠨᠴᠠᠭᠠᠨ ᠪᠠᠯᠭᠠᠰᠤᠨ ᠤ ᠨᠢᠭᠡᠳᠤᠭᠡᠷ ᠪᠠᠭ᠎ᠠ ᠰᠤᠷᠭᠠᠭᠤᠯᠢ ᠎ᠶ᠋ᠢᠨ ᠨᠠᠮ ᠤᠨ ᠡᠭᠦᠷ 11 ᠰᠠᠷ᠎ᠠ ᠶᠢᠨ 3 ᠤ ᠡᠳᠦᠷ ᠤᠨ ᠥᠷᠯᠥᠭᠡ ᠡᠷᠲᠡ ᠥᠪᠡᠷᠮᠢᠴᠡ ᠣᠨᠴᠠᠯᠢᠭ ᠲᠠᠢ ︽ᠬᠠᠶᠢᠷ᠎ᠠ ᠬᠠᠯᠠᠮᠵᠢ ᠶᠢᠨ ᠥᠷᠯᠥᠭᠡ ᠶᠢᠨ ᠬᠤᠭᠤᠯᠠ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠪᠠ᠃
   ᠦᠷ ᠴᠠᠶᠢᠬᠤ ᠪᠠᠷ ᠪᠠᠶᠠᠨᠴᠠᠭᠠᠨ ᠪᠠᠯᠭᠠᠰᠤᠨ ᠤ ᠨᠢᠭᠡᠳᠤᠭᠡᠷ ᠪᠠᠭ᠎ᠠ ᠰᠤᠷᠭᠠᠭᠤᠯᠢ ᠶᠢᠨ ᠰᠠᠶᠢᠨ ᠳᠤᠷ᠎ᠠ ᠶᠢᠨ ᠬᠥᠮᠦᠰ ᠤᠷᠢᠳᠴᠢᠯᠠᠨ ᠴᠤᠭᠯᠠᠷᠠᠵᠤ᠂ ᠪᠤᠤᠰᠠ᠂ ᠰᠦ ᠲᠠᠢ ᠴᠠᠢ᠂ ᠲᠠᠬᠢᠶᠠᠨ ᠥᠨᠳᠡᠭᠡ ᠵᠡᠷᠭᠡ ᠠᠮᠲᠠᠲᠤ ᠥᠷᠯᠥᠭᠡ ᠶᠢᠨ ᠬᠤᠭᠤᠯᠠ ᠶᠢ ᠨᠠᠷᠢᠨ ᠨᠢᠮᠪᠠᠢ ᠰᠣᠩᠭᠤᠵᠤ ᠡᠬᠢᠯᠡᠪᠡ᠃ ᠡᠳᠡᠭᠡᠷ ᠥᠷᠯᠥᠭᠡᠨ ᠤ ᠬᠤᠭᠤᠯᠠ ᠨᠢ ᠠᠮᠲᠠ ᠨᠢ ᠡᠯᠪᠡᠭ ᠪᠠᠶᠠᠯᠢᠭ ᠪᠠᠶᠢᠬᠤ ᠪᠠᠷ ᠪᠠᠷᠠᠬᠤ ᠦᠭᠡᠢ᠂ ᠨᠡᠩ ᠴᠤ ᠬᠡᠦᠬᠡᠳ ᠤᠳ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠳᠤ ᠲᠠᠯᠠᠷᠬᠠᠬᠤ ᠰᠡᠳᠬᠢᠯᠭᠡ ᠠᠭᠤᠯᠤᠭᠳᠠᠵᠤ ᠪᠠᠶᠢᠨ᠎ᠠ᠃ ᠡᠨᠡ ᠬᠦ ᠬᠠᠯᠠᠭᠤᠨ ᠳᠤᠯᠠᠭᠠᠨ ᠪᠠ ᠬᠦᠰᠡᠯ ᠡᠷᠡᠮᠡᠯᠵᠡᠯ ᠢ ᠡᠪᠦᠷᠯᠡᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠵᠡᠭᠡᠯᠢ ᠭᠤᠳᠤᠮᠵᠢ ᠪᠠᠷ ᠶᠠᠪᠤᠵᠤ᠂ ᠲᠡᠳᠡᠭᠡᠷ ᠬᠤᠳᠠ ᠶᠢᠨ ᠲᠥᠯᠥᠭᠡ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠬᠦ ︽ᠪᠣᠬᠢᠷᠲᠤᠯ ᠦᠭᠡᠢ ᠬᠠᠮᠠᠭᠠᠯᠠᠭᠴᠢ︾ ᠶᠢ ᠡᠷᠢᠯᠬᠢᠯᠡᠪᠡ᠃
   ᠬᠥᠭᠵᠢᠶᠡᠨ ᠨᠠᠷᠭᠢᠶᠠᠨ ᠲᠠᠢ ᠬᠥᠮᠦᠰ ᠤᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠴᠡᠭᠡᠨ ᠦᠩᠭᠡ ᠶᠢᠨ ᠬᠤᠪᠴᠠᠰᠤ ᠡᠮᠦᠰᠦᠭᠰᠡᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠣᠯᠵᠤ᠂ ᠨᠠᠷᠢᠨ ᠨᠢᠮᠪᠠᠶ ᠪᠡᠯᠡᠳᠬᠡᠭᠰᠡᠨ ᠥᠷᠯᠥᠭᠡ ᠶᠢᠨ ᠬᠤᠭᠤᠯᠠ ᠶᠢ ᠲᠡᠳᠡᠨ ᠤ ᠭᠠᠷ ᠲᠤ ᠬᠦᠷᠭᠡᠪᠡ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠤ ᠴᠢᠷᠠᠢ ᠳᠡᠭᠡᠷ᠎ᠡ ᠰᠣᠴᠢᠨ ᠪᠠᠶᠠᠷᠯᠠᠵᠤ ᠢᠨᠢᠶᠡᠮᠰᠦᠭᠯᠡᠨ᠂ ᠡᠨᠡ ᠬᠦ ᠪᠢᠴᠢᠬᠠᠨ ᠬᠠᠶᠢᠷ᠎ᠠ ᠬᠠᠯᠠᠮᠵᠢᠳᠤ ᠥᠷᠯᠥᠭᠡᠨ ᠤ ᠬᠤᠭᠤᠯᠠ ᠨᠢ ᠬᠤᠳᠣᠭᠤᠳᠣ ᠎ᠶ᠋ᠢ  ᠳᠤᠯᠠᠭᠠᠴᠠᠭᠤᠯᠤᠭᠰᠠᠨ ᠢᠶᠠᠷ ᠪᠠᠷᠠᠬᠤ ᠦᠬᠡᠢ ᠰᠡᠳᠬᠢᠯ ᠢ ᠨᠢ ᠨᠡᠩ ᠳᠤᠯᠠᠭᠠᠯᠠᠭᠰᠠᠨ ᠪᠠᠶᠢᠨ᠎ᠠ᠃
   ︽ᠬᠠᠶᠢᠷ᠎ᠠ ᠬᠠᠯᠠᠮᠵᠢ ᠶᠢᠨ ᠥᠷᠯᠦᠭᠡᠨ ᠤ ᠬᠤᠭᠤᠯᠠ︾ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠠᠯᠠᠭᠤᠨ ᠳᠣᠲᠣᠨᠣ ᠮᠡᠨᠳᠦᠴᠢᠯᠡᠯ᠂ ᠬᠠᠯᠠᠭᠤᠨ ᠳᠤᠯᠠᠭᠠᠨ ᠥᠷᠯᠥᠭᠡ ᠶᠢᠨ ᠬᠤᠭᠤᠯᠠ᠂ ᠡᠶᠡᠯᠳᠡᠭ ᠳᠣᠲᠣᠨᠣ ᠢᠨᠢᠶᠡᠮᠰᠦᠭᠯᠡᠯ ᠤᠳ ᠬᠠᠷᠢᠯᠴᠠᠨ ᠠᠭᠤᠰᠤᠯᠴᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠬᠦᠨᠳᠦᠳᠬᠡᠨ ᠬᠠᠯᠠᠮᠵᠢᠯᠠᠵᠤ ᠪᠠᠶᠢᠬᠤ ᠶᠢ ᠳᠠᠮᠵᠢᠭᠤᠯᠬᠤ ᠶᠢᠨ ᠬᠠᠮᠲᠤ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠰᠢᠷᠭᠠᠭᠤ ᠴᠢᠷᠮᠠᠶᠢᠯᠭ᠎ᠠ ᠪᠠ ᠭᠤᠶᠠᠴᠢ ᠦᠭᠡᠢ ᠬᠤᠪᠢ ᠨᠡᠮᠡᠷᠢ ᠦᠵᠡᠭᠦᠯᠦᠭᠰᠡᠨ ᠢ ᠣᠶᠢᠯᠠᠭᠠᠭᠤᠯᠪᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠢᠯᠡᠷᠬᠡᠶᠢᠯᠡᠬᠦ ᠳᠡᠭᠡᠨ᠂ ᠢᠷᠡᠭᠡᠳᠦᠶ ᠳᠤ ᠡᠶᠢᠮᠦᠷᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠦᠷᠭᠦᠯᠵᠢᠯᠡᠨ ᠣᠷᠣᠯᠴᠠᠵᠤ᠂ ᠥᠪᠡᠷ ᠤᠨ ᠠᠵᠢᠯᠯᠠᠭ᠎ᠠ ᠪᠠᠷ ᠢᠶᠠᠨ ᠬᠠᠶᠢᠷ᠎ᠠ ᠪᠠ ᠬᠠᠶᠢᠷ᠎ᠠ ᠬᠠᠯᠠᠮᠵᠢ ᠶᠢ ᠳᠠᠮᠵᠢᠭᠤᠯᠬᠤ ᠶᠢᠨ ᠬᠠᠮᠲᠤ ᠪᠠᠰᠠ ᠨᠠᠩ ᠣᠯᠠᠨ ᠬᠥᠮᠦᠰ ᠳᠡᠷᠭᠡᠳᠡᠬᠢ ᠬᠥᠳᠡᠯᠮᠦᠷᠢᠴᠢᠳ ᠢ ᠠᠩᠬᠠᠷᠴᠤ᠂ ᠬᠠᠶᠢᠷ᠎ᠠ ᠰᠡᠳᠬᠢᠯᠭᠡ ᠪᠢᠯᠬᠠᠭᠰᠠᠨ ᠬᠤᠲᠠ ᠶᠢᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠶ᠃
   ᠲᠣᠰ ᠤᠳᠠᠭᠠᠨ ᠤ ︽ᠬᠠᠶᠢᠷ᠎ᠠ ᠬᠠᠯᠠᠮᠵᠢ ᠶᠢᠨ ᠥᠷᠯᠥᠭᠡ ᠶᠢᠨ ᠬᠤᠭᠤᠯᠠ︾ ᠶᠢᠨ ᠠᠵᠢᠯᠯᠠᠭ᠎ᠠ ᠪᠣᠯ ᠪᠠᠶᠠᠨᠴᠠᠭᠠᠨ ᠪᠠᠯᠭᠠᠰᠤᠨ ᠤ ᠨᠢᠭᠡᠳᠤᠭᠡᠷ ᠪᠠᠭ᠎ᠠ ᠰᠤᠷᠭᠠᠭᠤᠯᠢ ᠶᠢᠨ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠷ ᠭᠤᠤᠯ ᠰᠢᠵᠢᠮ ᠪᠣᠯᠭᠠᠭᠰᠠᠨ ᠨᠢᠭᠡ ᠤᠳᠠᠭᠠᠨ ᠤ ᠪᠣᠳᠠᠲᠠᠶ ᠦᠢᠯᠡᠳᠦᠯᠭᠡ ᠪᠣᠯᠤᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠳ ᠲᠤ ᠨᠡᠶᠢᠭᠡᠮ ᠤᠨ ᠬᠠᠯᠠᠮᠵᠢᠯᠠᠯ ᠪᠠ ᠬᠦᠨᠳᠦᠳᠬᠡᠯ ᠢ ᠬᠦᠷᠲᠡᠭᠰᠡᠨ ᠢᠶᠠᠷ ᠪᠠᠷᠠᠬᠤ ᠥᠬᠡᠶ ᠪᠠᠰᠠ ᠪᠠᠶᠠᠨᠴᠠᠭᠠᠨ ᠪᠠᠯᠭᠠᠰᠤᠨ ᠤ ᠨᠢᠭᠡᠳᠤᠭᠡᠷ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ ᠴᠢᠳᠠᠯ ᠢᠶᠠᠨ ᠡᠷᠭᠦᠵᠡᠶ᠃                            ᠵᠣᠬᠢᠶᠠᠭᠴᠢ᠄ ᠴᠢᠮᠡᠭᠡᠯᠡᠭᠴᠢ᠄ ᠰᠦᠨ ᠯᠢ ᠨᠠ᠂ ᠶᠣᠣ ᠰᠢᠨ                            ᠤᠷᠴᠢᠭᠤᠯᠤᠭᠴᠢ᠄ ᠡᠷᠳᠡᠨᠢᠴᠢᠮᠡᠭ                            ᠬᠢᠨᠠᠭᠴᠢ᠄ ᠰᠤᠷᠤᠨ᠎ᠠ
 
ᠢᠷᠡᠯᠲᠡ᠄ ᠪᠠᠶᠠᠨᠴᠠᠭᠠᠨ ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号