ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠯ᠎ᠠ ᠨᠤᠲᠤᠭ ᠤᠨ ᠮᠠᠯᠵᠢᠬᠤ ᠣᠷᠣᠨ ᠤ ᠠᠰᠠᠭᠤᠳᠠᠯ ᠢ ᠢᠳᠡᠪᠬᠢᠲᠡᠶ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/11/5
   ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠪᠦᠰᠡ ᠶᠢᠨ ᠲᠠᠯᠠᠪᠠᠢ 3783 ᠲᠡᠭᠰᠢ ᠳᠥᠷᠪᠡᠯᠵᠢᠨ ᠺᠢᠯᠤᠮᠧᠲᠷ᠂ ᠨᠤᠲᠤᠭ ᠪᠡᠯᠴᠢᠭᠡᠷ ᠤᠨ ᠲᠠᠯᠠᠪᠠᠢ 338 ᠲᠦᠮᠡᠨ ᠮᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ 50.5%᠂ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠤ ᠲᠠᠯᠠᠪᠠᠶ 131.7 ᠲᠦᠮᠡᠨ ᠮᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠲᠠᠯᠠᠪᠠᠢ 206.3 ᠲᠦᠮᠡᠨ ᠮᠦ᠂ ᠮᠤᠨᠢ ᠠᠭᠤᠯᠠ ᠶᠢᠨ ᠠᠷᠤ ᠬᠤᠷᠮᠣᠶ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠴᠢᠳᠠᠮᠵᠢᠲᠤ ᠣᠷᠣᠨ ᠤ ᠴᠢᠬᠤᠯᠠ ᠨᠢᠭᠡ ᠭᠤᠭᠴᠤᠭ᠎ᠠ ᠪᠣᠯᠤᠨ᠎ᠠ᠃ ᠡᠨᠡ ᠵᠢᠯ ᠤᠨ 1 ᠰᠠᠷ᠎ᠠ ᠶᠢᠨ ᠡᠬᠢ ᠪᠣᠯᠲᠠᠯ᠎ᠠ᠂ ᠪᠥᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ 3387 ᠡᠷᠦᠬᠡ ᠶᠢᠨ 24.2 ᠲᠦᠮᠡᠨ ᠲᠣᠯᠣᠭᠠᠶ ᠬᠤᠨᠢ ᠪᠠᠶᠢᠵᠤ᠂ 1462 ᠡᠷᠦᠬᠡ ᠶᠢᠨ 2.7 ᠲᠦᠮᠡᠨ ᠲᠣᠯᠣᠭᠠᠶ ᠦᠬᠡᠷ ᠂ 8 ᠲᠦᠮᠡᠨ ᠬᠤᠨᠢᠨ ᠨᠢᠭᠡᠴᠢ ︵ᠡᠭᠦᠨ ᠳᠤ 6 ᠲᠦᠮᠡᠨ ᠬᠤᠨᠢ᠂ 4000 ᠦᠬᠡᠷ ᠮᠠᠯ︶᠂ 29.7 ᠲᠦᠮᠡᠨ ᠬᠤᠨᠢ ᠶᠢ ᠳᠠᠭᠠᠭᠠᠴᠠ ᠠᠴᠠ ᠬᠡᠲᠦᠷᠡᠭᠦᠯᠦᠨ ᠮᠠᠯᠵᠢᠭᠤᠯᠪᠠ᠃    ᠪᠦᠬᠦ ᠤᠯᠤᠰ᠂ ᠪᠦᠬᠦ ᠣᠷᠣᠨ ᠤ ᠨᠤᠲᠤᠭ ᠪᠡᠯᠴᠢᠭᠡᠷ ᠬᠡᠳᠤᠷᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠳᠠ ᠶᠢᠨ ᠬᠤᠰᠢᠭᠤ ᠰᠢᠶᠠᠨ ᠤ ᠨᠢᠬᠡ ᠪᠤᠯᠤᠬᠰᠠᠨ ᠤ ᠬᠤᠪᠢ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠮᠠᠯᠵᠢᠬᠤ ᠶᠢ ᠴᠠᠭᠠᠵᠠᠯᠠᠬᠰᠠᠨ ᠴᠤ ᠲᠡᠵᠢᠭᠡᠬᠦ ᠶᠢ ᠬᠤᠷᠢᠬᠯᠠᠬᠤ ᠦᠭᠡᠢ᠂ ᠮᠠᠯ ᠤᠨᠤᠭ᠎ᠠ ᠶᠢ ᠪᠠᠭᠠᠰᠬᠠᠨ ᠬᠤᠷᠢᠶᠠᠬᠤ ᠦᠭᠡᠢ︾ ᠵᠠᠷᠴᠢᠮ ᠢ ᠪᠠᠷᠢᠮᠳᠠᠯᠠᠵᠦ᠂ ︽ᠲᠦᠭᠵᠢᠬᠦ︾ ︽ᠲᠠᠷᠬᠠᠭᠠᠬᠤ︾᠂ ︽ᠤᠷᠤᠭᠤᠯᠬᠤ︾ ᠶᠢ ᠤᠶᠠᠯᠳᠤᠭᠤᠯᠬᠤ ᠵᠠᠭᠪᠤᠷ ᠢ ᠠᠪᠴᠦ᠂ ᠨᠤᠲᠤᠭ ᠪᠡᠯᠴᠢᠭᠡᠷ ᠬᠡᠳᠤᠷᠬᠡᠢ ᠮᠠᠯᠵᠢᠬᠤ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠪᠡ᠃    ︽ᠲᠦᠭᠵᠢᠷᠡᠬᠦ︾ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠬᠢᠨᠠᠨ ᠬᠠᠮᠢᠶᠠᠷᠤᠨ᠎ᠠ᠃    ᠣᠶ ᠰᠢᠭᠤᠶ ᠡᠪᠡᠰᠦ ᠪᠡᠯᠴᠢᠭᠡᠷ ᠢ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠬᠤᠰᠢᠭᠤ ᠬᠥᠳᠡᠭᠡ ᠲᠣᠰᠬᠤᠨ ᠤ ᠭᠤᠷᠪᠠᠨ ᠱᠠᠲᠤᠨ ᠤ ᠣᠶ ᠰᠢᠭᠤᠶ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠦᠢᠯᠡᠳᠤᠯ ᠢ ᠢᠳᠡᠪᠬᠢᠲᠡᠶ ᠪᠠᠳᠠᠷᠠᠭᠤᠯᠤᠨ᠂ 0.5 ᠲᠦᠮᠡᠨ ᠮᠥ ᠨᠤᠲᠤᠭ ᠪᠡᠯᠴᠢᠭᠡᠷ ᠨᠢᠭᠡᠪᠦᠷᠢ ᠳᠤ ᠠᠮᠢ ᠠᠬᠤᠶ ᠶᠢᠨ ᠬᠠᠮᠢᠶᠠᠷᠤᠨ ᠬᠠᠮᠠᠭᠠᠯᠠᠭᠴᠢ ᠶᠢ ᠨᠢᠭᠡ ᠤᠳᠠᠭ᠎ᠠ ᠲᠣᠬᠢᠷᠠᠭᠤᠯᠪᠠ︔ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠡᠩᠨᠡᠭᠡ ᠶᠢ 2 ᠪᠠᠶᠢᠭᠤᠯᠵᠤ᠂ ᠰᠤᠮᠤ ᠰᠢᠶᠠᠩ ᠪᠠᠯᠭᠠᠰᠤᠨ ᠤ ᠱᠠᠲᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠡᠩᠨᠡᠭᠡ ᠶᠢ 8 ᠪᠠᠶᠢᠭᠤᠯᠵᠤ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠲᠤᠰᠬᠠᠶ ᠤᠬᠠᠭᠤᠯᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠡᠵᠢᠭᠡᠨ ᠦᠷᠡᠵᠢᠭᠦᠯᠬᠦ ᠲᠣᠮᠣ ᠡᠷᠦᠬᠡ ᠲᠠᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠵᠤ᠂ ᠶᠠᠷᠢᠯᠴᠠᠬᠤ ᠬᠤᠷᠠᠯ᠂ ᠡᠷᠦᠬᠡ ᠳᠤ ᠣᠷᠣᠵᠤ ᠤᠬᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ ᠶᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠪᠡᠯᠴᠢᠭᠡᠷᠯᠡᠭᠦᠯᠬᠦ ᠬᠡᠪᠴᠢᠶ᠎ᠡ ᠶᠢ ᠪᠠᠭᠠᠰᠬᠠᠬᠤ᠂ ᠠᠮᠢ ᠠᠬᠤᠶ ᠶᠢᠨ ᠬᠠᠮᠠᠭᠠᠯᠠᠯᠲᠠ ᠶᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠪᠠ᠃    ᠰᠡᠶᠢᠷᠡᠭᠵᠢᠭᠦᠯᠬᠦ ᠠᠵᠢᠯ ᠢ ᠰᠠᠶᠢᠨ ᠬᠢᠵᠦ᠂ ᠲᠠᠯ᠎ᠠ ᠨᠤᠲᠤᠭ ᠤᠨ ᠥᠷᠳᠡᠭ ᠢ ᠨᠡᠮᠡᠭᠳᠡᠭᠦᠯᠦᠶ᠎ᠡ᠃    ᠮᠠᠯᠵᠢᠬᠤ ᠶᠢ ᠴᠠᠭᠠᠵᠠᠯᠠᠬᠤ ᠨᠢ ᠲᠡᠵᠢᠭᠡᠬᠦ ᠶᠢ ᠴᠠᠭᠠᠵᠠᠯᠠᠭᠰᠠᠨ ᠶᠠᠪᠤᠳᠠᠯ ᠪᠢᠰᠢ᠂ ᠮᠠᠯ ᠠᠵᠤ ᠠᠬᠤᠶ ᠶᠢ ᠬᠠᠰᠤᠭᠰᠠᠨ ᠨᠢ ᠬᠤᠷᠢᠶᠠᠯᠲᠠ ᠬᠠᠰᠤᠭᠳᠠᠭᠰᠠᠨ ᠲᠠᠢ ᠲᠡᠩᠴᠡᠬᠦ ᠦᠭᠡᠶ᠂ ᠨᠤᠲᠤᠭ ᠪᠡᠯᠴᠢᠭᠡᠷ ᠥᠩᠭᠡᠷᠡᠬᠦ ᠠᠰᠠᠭᠤᠳᠠᠯ ᠢ  ᠰᠢᠢᠳᠪᠦᠷᠢᠯᠡᠬᠦ ᠶᠠᠪᠤᠴᠠ ᠴᠤ ᠶᠠᠭ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠬᠤ ᠰᠠᠶᠢᠨ ᠲᠣᠬᠢᠶᠠᠯ ᠪᠣᠯᠤᠭᠰᠠᠨ ᠪᠠᠶᠢᠨ᠎ᠠ᠃    ᠲᠤᠬᠠᠶ ᠶᠢᠨ ᠭᠠᠵᠠᠷ ᠲᠤᠨᠢ ᠬᠠᠰᠢᠶᠠᠯᠠᠨ ᠲᠡᠵᠢᠭᠡᠬᠦ᠂ ᠲᠥᠪᠯᠡᠷᠡᠭᠦᠯᠦᠨ ᠲᠡᠵᠢᠭᠡᠨ ᠦᠷᠡᠵᠢᠭᠦᠯᠬᠦ᠂ ᠦᠢᠯᠡᠳᠪᠦᠷᠢᠯᠡᠯ ᠢ ᠨᠢ ᠬᠤᠪᠢᠷᠠᠭᠤᠯᠤᠨ ᠠᠵᠤ ᠦᠢᠯᠡᠰ ᠢ ᠨᠢ ᠬᠤᠪᠢᠷᠠᠭᠤᠯᠬᠤ᠂ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠳᠥᠷᠪᠡᠨ ᠵᠦᠢᠯ ᠤᠨ ᠵᠠᠭᠪᠤᠷ ᠢ ᠠᠬᠢᠭᠤᠯᠬᠤ ᠪᠠᠷ ᠳᠠᠮᠵᠢᠭᠤᠯᠤᠨ᠂ ᠪᠥᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ 24.29 ᠲᠦᠮᠡᠨ ᠬᠤᠨᠢᠨ ᠨᠢᠭᠡᠴᠢ ᠶᠢ ᠲᠤᠬᠠᠶ ᠶᠢᠨ ᠭᠠᠵᠠᠷ ᠲᠤᠨᠢ ᠬᠠᠰᠢᠶᠠᠯᠠᠨ ᠲᠡᠵᠢᠭᠡᠬᠦ ᠶᠢ ᠪᠡᠶᠡᠯᠡᠭᠦᠯᠵᠦ᠂ 2.3 ᠲᠦᠮᠡᠨ ᠬᠤᠨᠢᠨ ᠨᠢᠭᠡᠴᠢ᠂ ᠦᠢᠯᠡᠳᠪᠦᠷᠢᠯᠡᠯ ᠢ ᠬᠤᠪᠢᠷᠠᠭᠤᠯᠤᠨ 230 ᠡᠷᠦᠬᠡ᠂ 1.11 ᠲᠦᠮᠡᠨ ᠬᠤᠨᠢᠨ ᠨᠢᠭᠡᠴᠢ ᠶᠢ ᠲᠥᠪᠯᠡᠷᠡᠭᠦᠯᠦᠨ ᠲᠡᠵᠢᠭᠡᠨ ᠦᠷᠡᠵᠢᠭᠦᠯᠵᠡᠶ᠃    ᠡᠭᠦᠨ ᠤ ᠬᠠᠮᠲᠤ᠂ ᠫᠧᠩ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠱᠠᠩᠨᠠᠵᠤ ᠨᠥᠬᠦᠪᠦᠷᠢᠯᠡᠬᠦ᠂ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠳᠠᠮ ᠬᠦᠦ ᠶᠢ ᠲᠡᠳᠬᠦᠨ ᠳᠡᠮᠵᠢᠬᠦ᠂ ᠡᠪᠡᠰᠦᠨ ᠤ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠠᠵᠤ ᠦᠢᠯᠡᠰ ᠤᠨ ᠬᠥᠭᠵᠢᠯᠲᠡ ᠶᠢ ᠴᠢᠩᠭᠠᠳᠬᠠᠬᠤ ᠵᠡᠷᠭᠡ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠵᠦ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠤᠨ ᠲᠡᠩᠴᠡᠭᠦᠷᠢ ᠶᠢᠨ ᠴᠡᠭ ᠢ ᠣᠨᠣᠪᠴᠢᠲᠠᠢ ᠡᠷᠢᠨ ᠣᠯᠵᠤ᠂ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠬᠦ ᠶᠢᠨ ᠬᠠᠮᠲᠤ᠂ ᠮᠠᠯᠴᠢᠨ ᠲᠠᠷᠢᠶᠠᠴᠢᠨ ᠤ ᠣᠷᠣᠯᠭ᠎ᠠ ᠬᠠᠰᠤᠭᠳᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃    ︽ᠲᠠᠲᠠᠬᠤ︾ ᠦᠢᠯᠡᠳᠦᠯ ᠢ ᠪᠠᠳᠠᠷᠠᠭᠤᠯᠵᠤ᠂ ᠲᠠᠯ᠎ᠠ ᠨᠤᠲᠤᠭ ᠤᠨ ︽ᠥᠩᠭᠡ ᠨᠡᠮᠡᠭᠳᠡᠭᠦᠯᠬᠦ︾    ᠲᠡᠮᠦᠷᠳᠡᠢ ᠪᠠᠯᠭᠠᠰᠤᠨ ᠤ ᠠᠯᠠᠰᠢᠨ ᠬᠤᠨᠢ ᠪᠣᠷᠳᠣᠵᠤ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠪᠠ ᠪᠤᠩᠬᠤᠨ ᠪᠠᠯᠭᠠᠰᠤᠨ ᠤ ᠳ᠋ᠠ ᠬᠤᠩ ᠱᠦᠢ ᠲᠣᠰᠬᠤᠨ ᠤ ᠠᠯᠠᠰᠢᠨ ᠬᠤᠨᠢ ᠪᠣᠷᠳᠣᠵᠤ ᠲᠠᠷᠭᠤᠯᠠᠭᠤᠯᠬᠤ ᠲᠠᠯᠠᠪᠠᠢ ᠳᠤ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠠᠵᠢᠯ ᠢ ᠥᠷᠨᠢᠭᠦᠯᠪᠡ︔ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠲᠡᠮᠦᠷᠳᠡᠢ ᠪᠠᠯᠭᠠᠰᠤᠨ ᠤ ᠳ᠋ᠠ ᠰᠢ ᠲᠣᠰᠬᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ᠂ ᠰᠢᠯᠢ  ᠰᠢᠶᠠᠩ ᠤᠨ ᠸᠠᠩ ᠮᠦ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ᠂ ᠪᠠᠶᠠᠨᠴᠠᠭᠠᠨ ᠪᠠᠯᠭᠠᠰᠤᠨ ᠤ ᠵᠢᠶᠠᠨ ᠱᠧ ᠲᠣᠰᠬᠤᠨ᠂ ᠵᠢᠶᠠᠨ ᠰᠢᠨ ᠲᠣᠰᠬᠤᠨ ᠤ ᠬᠠᠲᠠᠭᠠᠭᠰᠡᠨ ᠦᠬᠡᠷ ᠤᠨ ᠮᠢᠬ᠎ᠠ ᠡᠳ᠋ᠰᠢᠭᠦᠯᠬᠦ ᠦᠢᠯᠡᠳᠪᠦᠷᠢ ᠶᠢᠨ ᠬᠤᠭᠤᠷᠣᠨᠳᠣᠬᠢ ᠠᠵᠤ ᠠᠬᠤᠶᠢᠯᠠᠯ ᠬᠠᠮᠲᠤᠷᠠᠨ ᠠᠵᠢᠯᠯᠠᠨ᠎ᠠ︔ ᠠᠵᠤ ᠦᠢᠯᠡᠰ ᠤᠨ ᠰᠢᠯᠵᠢᠯᠲᠡ  ᠶᠢ ᠪᠡᠶᠡᠯᠡᠭᠦᠯᠤᠭ᠍ᠰᠡᠨ ᠤᠯᠠᠭᠠᠨᠬᠠᠳᠠ ᠰᠤᠮᠤ ᠶᠢᠨ ᠠᠷᠦ ᠶᠢᠨ ᠤᠰᠤ᠂ ᠴᠢ ᠴᠢᠩ ᠳ᠋ᠢ᠂ ᠨᠢᠦ ᠮᠢᠩ ᠲᠤᠰᠬᠤᠨ ᠵᠡᠷᠭᠡ ᠭᠠᠵᠠᠷ ᠤᠨ ᠠᠷᠠᠳ ᠤᠨ ᠤᠷᠤᠨ ᠰᠠᠭᠤᠴᠠ︔ 8 ᠰᠤᠮᠤ ᠰᠢᠶᠠᠩ ᠪᠠᠯᠭᠠᠰᠤᠨ ᠤ 40 ᠨᠡᠶᠢᠲᠡᠯᠢᠭ ᠲᠣᠰᠬᠤᠨ ᠳᠤ ᠲᠠᠷᠢᠶᠠᠴᠢᠨ ᠡᠷᠦᠬᠡ ᠬᠠᠰᠢᠶᠠᠯᠠᠨ ᠲᠡᠵᠢᠭᠡᠬᠦ ᠵᠠᠭᠪᠤᠷ ᠢ ᠬᠡᠷᠡᠭᠯᠡᠨ᠎ᠡ᠃ ᠨᠢᠭᠡ ᠪᠦᠯᠦᠭ ᠰᠡᠳᠬᠢᠯᠴᠢᠯᠡᠨ ᠪᠠᠶᠢᠭᠤᠯᠤᠭᠰᠠᠨ ᠵᠢᠱᠢᠶ᠎ᠡ ᠦᠵᠡᠭᠦᠯᠬᠦ ᠴᠡᠭ ᠨᠢ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠠᠰᠠᠭᠤᠳᠠᠯ ᠢ ᠰᠢᠢᠳᠪᠦᠷᠢᠯᠡᠬᠦ ᠳᠤ ᠲᠣᠯᠢ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ᠂ ᠨᠠᠶᠢᠳᠠᠪᠤᠷᠢᠵᠢᠭᠤᠯᠵᠤ ᠪᠣᠯᠬᠤ᠂ ᠦᠷ᠎ᠡ ᠪᠦᠲᠦᠮᠵᠢ ᠣᠯᠵᠤ ᠳᠡᠶᠢᠯᠬᠦ ᠨᠡᠶᠢᠲᠡᠯᠢᠭ ᠲᠤᠷᠰᠢᠯᠭ᠎ᠠ ᠪᠠ ᠠᠮᠵᠢᠯᠲᠠ ᠲᠠᠢ ᠵᠠᠭᠪᠤᠷ ᠬᠠᠩᠭᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ᠂ ᠮᠠᠯᠴᠢᠳ ᠤᠨ ᠠᠮᠢᠳᠤᠷᠠᠯ᠂ ᠮᠠᠯ ᠠᠵᠤ ᠠᠬᠤᠶ ᠶᠢᠨ ᠬᠥᠭᠵᠢᠯᠲᠡ ᠶᠠᠭ ᠪᠥᠬᠦ ᠲᠠᠯ᠎ᠠ ᠪᠠᠷ ᠦᠷᠭᠦᠯᠵᠢᠯᠡᠨ ᠬᠥᠭᠵᠢᠵᠦ ᠪᠠᠶᠢᠨ᠎ᠠ᠃                        ᠵᠣᠬᠢᠶᠠᠭᠴᠢ᠄ ᠰᠤᠷᠪᠤᠯᠵᠢᠯᠠᠭᠴᠢ᠄ ᠵᠠᠩ ᠯᠢ ᠵᠢᠦᠸᠠᠨ                        ᠴᠢᠮᠡᠭᠡᠯᠡᠭᠴᠢ᠄ ᠱᠢ ᠸᠧᠶ ᠷᠠᠨ᠂ ᠵᠣᠣ ᠪᠦᠦ ᠲᠦᠩ                        ᠤᠷᠴᠢᠭᠤᠯᠤᠭᠴᠢ᠄ ᠰᠤᠷᠤᠨ᠎ᠠ                        ᠬᠢᠨᠠᠭᠴᠢ᠄ ᠡᠷᠳᠡᠨᠢᠴᠢᠮᠡᠭ
 
ᠢᠷᠡᠯᠲᠡ᠄ ᠤᠯᠠᠭᠠᠨᠴᠠᠪ ᠤᠨ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号