ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠭᠡᠬᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/6
   11 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠪᠥᠬᠦ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠭᠦᠢᠴᠡᠳᠭᠡᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢᠨ ᠬᠤᠭᠤᠴᠠᠭ᠎ᠠ ᠠᠴᠠ ᠬᠡᠲᠦᠷᠡᠭᠰᠡᠨ ᠪᠠᠶᠢᠳᠠᠯ ᠳᠤ ᠬᠤᠯᠪᠣᠭᠳᠠᠭᠰᠠᠨ ᠠᠰᠠᠭᠤᠳᠠᠯ ᠵᠢᠴᠢ ᠨᠢᠭᠡᠴᠡ ᠳᠤ ᠲᠣᠬᠢᠷᠠᠭᠤᠯᠤᠯᠲᠠ ᠬᠢᠵᠦ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠥᠷᠲᠡᠭᠡ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠣᠷᠣᠯᠴᠠᠵᠠᠶ᠃
   ᠬᠤᠷᠠᠯ ᠠᠴᠠ ᠬᠤᠯᠪᠣᠭᠳᠠᠯ ᠪᠦᠬᠦᠢ ᠨᠢᠭᠡᠴᠡ ᠶᠢᠨ ᠠᠵᠢᠯ ᠤᠨ ᠬᠠᠭᠤᠳᠠᠰᠤ ᠶᠢ ᠭᠦᠢᠴᠡᠳᠬᠡᠭᠰᠡᠨ ᠪᠠᠶᠢᠳᠠᠯ ᠵᠢᠴᠢ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠵᠦ᠂ ᠳᠠᠭᠠᠭᠠᠨ ᠰᠢᠢᠳᠪᠦᠷᠢᠯᠡᠬᠦ ᠨᠢᠭᠡᠴᠡ ᠬᠦᠴᠢᠷ ᠲᠦᠪᠡᠭᠲᠡᠢ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠠᠰᠠᠭᠤᠳᠠᠯ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠵᠤ ᠰᠤᠳᠤᠯᠤᠨ ᠮᠠᠭᠠᠳᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠰᠢᠢᠳᠪᠦᠷᠢᠯᠡᠬᠦ ᠲᠥᠰᠦᠯ ᠢ ᠵᠥᠪᠳᠡᠯᠴᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠳᠠᠭᠠᠭᠠᠨ ᠠᠪᠴᠤ ᠭᠦᠢᠴᠡᠳᠭᠡᠬᠦ ᠨᠢᠭᠡᠴᠡ ᠶᠢᠨ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠭᠠᠷᠳᠠᠨ ᠬᠠᠮᠢᠶᠠᠷᠴᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠳᠤᠷ᠎ᠠ ᠪᠠᠷ ᠢᠶᠠᠨ ᠬᠠᠷᠢᠭᠤᠴᠠᠯᠭ᠎ᠠ ᠲᠠᠢ ᠠᠵᠢᠯᠲᠠᠨ ᠢ ᠰᠣᠩᠭᠤᠨ 12345 ᠬᠠᠯᠠᠮᠰᠢᠯ ᠤᠲᠠᠰᠤ ᠶᠢ ᠰᠢᠢᠳᠪᠦᠷᠢᠯᠡᠬᠦ ᠠᠵᠢᠯ ᠢ ᠡᠭᠦᠷᠭᠡᠯᠡᠵᠦ᠂ ᠠᠵᠤ ᠠᠬᠤᠶᠢᠯᠠᠯ ᠤᠨ ᠤᠯᠠᠨ ᠲᠦᠮᠡᠨ ᠳᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠬᠡᠷᠡᠭᠲᠡᠢ︔ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠣᠬᠤᠷ ᠬᠤᠭᠤᠴᠠᠭᠠᠨ ᠳᠤ ᠰᠢᠢᠳᠪᠦᠷᠢᠯᠡᠵᠦ ᠳᠡᠶᠢᠯᠬᠦ ᠦᠭᠡᠢ ᠠᠵᠢᠯ ᠤᠨ ᠬᠠᠭᠤᠳᠠᠰᠤ ᠶᠢ ᠨᠢᠭᠡ ᠯᠡ ᠤᠳᠠᠭ᠎ᠠ ᠳᠤ ᠲᠣᠬᠢᠲᠠᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ︔ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠳᠤ ᠨᠡᠶᠢᠴᠡᠬᠦ ᠦᠭᠡᠢ ᠠᠵᠢᠯ ᠤᠨ ᠬᠠᠭᠤᠳᠠᠰᠤ ᠶᠢ ᠤᠯᠠᠨ ᠲᠦᠮᠡᠨ ᠳᠤ ᠵᠥᠪ ᠲᠠᠶᠢᠯᠪᠤᠷᠢᠯᠠᠬᠤ ᠶᠢᠨ ᠬᠠᠮᠲᠤ ᠵᠦᠢ ᠵᠣᠬᠢᠰᠲᠠᠢ ᠬᠡᠷᠡᠭᠯᠡᠵᠦ᠂ ︽12345︾ ᠬᠠᠯᠠᠮᠰᠢᠯ ᠤᠲᠠᠰᠤ ᠶᠢ ᠦᠨᠡᠨ ᠬᠦ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ︽ᠰᠡᠳᠬᠢᠯ ᠢ ᠨᠢ ᠳᠤᠯᠠᠭᠠᠴᠠᠭᠤᠯᠬᠤ ᠱᠤᠭᠤᠮ︾ ᠪᠣᠯᠭᠠᠬᠤ ᠬᠡᠷᠡᠭᠲᠡᠢ᠃                                             ᠵᠣᠬᠢᠶᠠᠭᠴᠢ᠄ ᠹᠧᠩ ᠯᠢ ᠶᠤᠸᠠᠨ                                             ᠴᠢᠮᠡᠭᠡᠯᠡᠭᠴᠢ᠄ ᠪᠤᠯᠠᠭ                                             ᠤᠷᠴᠢᠭᠤᠯᠤᠭᠴᠢ᠄ ᠰᠤᠷᠤᠨ᠎ᠠ                                             ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号