ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠶᠡᠷᠦᠩᠬᠡᠢ ᠱᠦᠵᠢ ᠰᠢ ᠶᠢᠨ ᠫᠢᠩ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠢ ᠴᠢᠬᠤᠯᠠ ᠥᠭᠦᠯᠡᠯᠲᠡ ᠪᠠ ︽10. 30︾ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠰᠠᠶᠢᠰᠢᠶᠠᠵᠤ | ᠪᠣᠯᠬᠤᠶᠢᠴᠠ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ | ᠭᠦᠨᠵᠡᠭᠡᠶᠢᠷᠡᠭᠦᠯᠦᠨ᠎ᠡ᠃ 11 ᠰᠠᠷ᠎ᠠ ᠶᠢᠨ 5 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠡᠮᠡᠭᠲᠡᠶᠢᠴᠦᠳ ᠤᠨ ᠬᠤᠯᠪᠣᠭ᠎ᠠ᠂ ᠬᠠᠮ ᠵᠠᠭᠤᠴᠢᠯᠠᠭᠤᠷ ᠤᠨ ᠲᠥᠪ᠂ ᠡᠷᠡᠭᠦᠯ ᠬᠠᠮᠠᠭᠠᠯᠠᠯ ᠬᠢᠭᠡᠳ ᠡᠷᠡᠭᠦᠯ | ᠮᠡᠨᠳᠦ ᠶᠢᠨ ᠵᠥᠪᠯᠡᠯ ᠬᠠᠮᠲᠤᠷᠠᠨ ︽ᠪᠢ ᠡᠬᠡ ᠤᠯᠤᠰ ᠲᠠᠢ ᠪᠠᠨ ᠬᠠᠮᠲᠤ ᠪᠠᠶᠠᠷ ᠢ ᠪᠡᠯᠭᠡᠯᠡᠶ᠎ᠡ︾ ᠭᠡᠬᠦ | ᠡᠮᠡᠭᠲᠡᠶᠢᠴᠦᠳ ᠤᠨ ᠰᠠᠶᠢᠨ ᠳᠤᠷ᠎ᠠ ᠶᠢᠨ ᠨᠠᠰᠤᠲᠠᠨ ᠢᠶᠠᠨ ᠬᠦᠨᠳᠦᠯᠡᠬᠦ ᠦᠢᠯᠡᠴᠢᠯᠡᠭᠡᠨ ᠤ ᠭᠤᠣᠯ ᠰᠡᠳᠦᠪᠲᠦ | ᠠᠵᠢᠯᠯᠠᠭ᠎ᠠ ᠡᠷᠬᠢᠯᠡᠪᠡ 75 ᠨᠠᠰᠤᠲᠠᠢ ᠨᠠᠰᠤᠲᠠᠨ ᠡᠬᠡ ᠤᠯᠤᠰ ᠤᠨ ᠭᠡᠷᠡᠯ ᠰᠠᠴᠤᠷᠠᠩᠭᠤᠢ ᠠᠮᠵᠢᠯᠲᠠ ᠶᠢ ᠬᠠᠮᠲᠤ ᠪᠠᠷ | ᠪᠡᠯᠭᠡᠯᠡᠪᠡ᠃ | | ᠠᠵᠢᠯᠯᠠᠭ᠎ᠠ ᠶᠢᠨ ᠳᠤᠮᠳᠠ᠂ ᠠᠵᠢᠯᠲᠠᠳ ᠡᠬᠡ ᠤᠯᠤᠰ ᠲᠠᠢ ᠪᠠᠨ ᠨᠠᠰᠤ ᠠᠬᠢᠭᠰᠠᠨ ᠨᠠᠰᠤᠲᠠᠨ ᠶᠠᠩ ᠹᠧᠩ ᠶᠢᠩ | ᠪᠣᠯᠤᠨ ᠴᠧᠨ ᠵᠢᠶᠦ᠋ᠨ ᠰᠢᠶᠠ ᠶᠢᠨ ᠭᠡᠷ ᠲᠤ ᠬᠦᠷᠴᠦ᠂ ᠨᠠᠰᠤᠲᠠᠶᠢᠴᠤᠳ ᠲᠤ ᠭᠤᠶᠢᠳᠠ ᠰᠠᠶᠢᠬᠠᠨ ᠳᠤᠷᠠᠰᠬᠠᠯ ᠤᠨ | ᠡᠳ᠋ ᠪᠡᠯᠡᠳᠬᠡᠭᠰᠡᠨ ᠪᠥᠭᠡᠳ ᠲᠡᠳᠡᠨ ᠳᠤ ᠴᠢᠩ ᠰᠡᠳᠬᠢᠯ ᠤᠨ ᠵᠥᠩᠨᠡᠯ ᠳᠡᠪᠰᠢᠭᠦᠯᠪᠡ᠃ ᠨᠠᠰᠤᠲᠠᠶᠢᠴᠤᠳ ᠤᠨ | ᠴᠢᠷᠠᠶ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠥᠪᠡᠷ ᠤᠨ ᠪᠡᠶ᠎ᠡ ᠪᠠᠷ ᠢᠶᠠᠨ ᠥᠩᠭᠡᠷᠡᠭᠦᠯᠵᠦ᠂ ᠡᠬᠡ | ᠤᠯᠤᠰ ᠲᠠᠢ ᠪᠠᠨ ᠬᠠᠮᠲᠤ ᠦᠰᠦᠨ ᠪᠤᠶᠢᠵᠢᠭᠰᠠᠨ ᠵᠢᠵᠢᠭ ᠦᠯᠢᠭᠡᠷ ᠶᠠᠷᠢᠵᠤ ᠪᠠᠶᠢᠯ᠎ᠠ᠃ ᠲᠡᠳᠡᠨ ᠤ ᠶᠠᠷᠢᠶᠠᠨ ᠳᠠᠭᠠᠨ | ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠡᠬᠡ | ᠤᠯᠤᠰ ᠲᠠᠭᠠᠨ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠪᠠ ᠵᠥᠩᠨᠡᠯ ᠢᠶᠠᠷ ᠪᠢᠯᠬᠠᠵᠤ ᠪᠠᠶᠢᠯ᠎ᠠ᠃ | | ᠰᠢᠨ᠎ᠡ ᠳᠤᠮᠳᠠᠳᠤ ᠤᠯᠤᠰ ᠯᠤᠭ᠎ᠠ ᠨᠢᠭᠡ ᠨᠠᠰᠤᠨ ᠤ ᠨᠠᠰᠤᠲᠠᠶᠢᠴᠤᠳ ᠲᠠᠢ ᠡᠬᠡ ᠤᠯᠤᠰ ᠤᠨ ᠪᠣᠰᠴᠤ | ᠵᠣᠭᠰᠣᠭᠰᠠᠨ᠂ ᠪᠠᠶᠠᠵᠢᠭᠰᠠᠨ ᠠᠴᠠ ᠬᠦᠴᠦᠷᠬᠡᠭᠵᠢᠭᠰᠡᠨ ᠬᠦᠷᠲᠡᠯᠡᠬᠢ ᠠᠭᠤᠤ ᠶᠡᠭᠡ ᠲᠡᠦᠬᠡᠨ ᠶᠠᠪᠤᠴᠠ ᠶᠢ | ᠭᠡᠷᠡᠴᠢᠯᠡᠪᠡ᠃ ᠲᠡᠳᠡ ᠪᠣᠯ ᠲᠡᠦᠬᠡ ᠶᠢᠨ ᠭᠡᠷᠡᠴᠢᠯᠡᠭᠴᠢ ᠪᠥᠭᠡᠳ ᠡᠬᠡ ᠣᠷᠣᠨ ᠤ ᠨᠠᠨᠳᠢᠨ ᠬᠥᠷᠥᠩᠭᠡ ᠶᠤᠮ᠃ | ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠢᠶᠠᠷ | ᠪᠠᠷᠠᠬᠤ ᠥᠬᠡᠶ᠂ ᠨᠠᠰᠤᠲᠠᠶᠢᠴᠤᠳ ᠤᠨ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ | ᠨᠡᠮᠡᠭᠳᠡᠭᠦᠯᠦᠭᠰᠡᠨ ᠪᠥᠭᠡᠳ ᠲᠡᠳᠡᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ | ᠬᠥᠭᠵᠢᠭᠡᠭᠰᠡᠨ ᠪᠠᠶᠢᠨ᠎ᠠ᠃ | | | | | | ᠵᠣᠬᠢᠶᠠᠭᠴᠢ᠄ ᠴᠢᠮᠡᠭᠡᠯᠡᠭᠴᠢ᠄ ᠰᠦᠨ ᠶᠢᠩ᠂ ᠸᠠᠩ ᡁᠢ ᠸᠧᠨ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |