11 ᠰᠠᠷ᠎ᠠ ᠶᠢᠨ 6 ᠤ ᠡᠳᠦᠷ᠂ ᠲᠠᠬᠢᠨ ᠡᠬᠦᠰᠬᠦ ᠪᠣᠬᠢᠷᠲᠤᠯ ᠦᠭᠡᠢ ᠤᠰᠤᠲᠥ᠋ᠷᠥᠭᠴᠢ ᠶᠢᠨ ᠠᠽᠢᠶ᠎ᠠ ᠲᠢᠪ ᠤᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠷᠦᠢ ᠴᠧᠨ ᠨᠠᠷ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠳᠤ ᠬᠦᠷᠴᠦ᠂ ᠹᠧᠩ ᠭᠤᠸᠠᠩ ᠤᠰᠤᠲᠥ᠋ᠷᠥᠭᠴᠢ ᠶᠢᠨ ᠰᠢᠪᠲᠦᠷ ᠤᠨ ᠲᠥᠷᠥᠯ ᠵᠦᠢᠯ ᠢ | ᠵᠣᠯᠭᠠᠭᠤᠯᠬᠤ ᠶᠠᠷᠢᠯᠴᠠᠬᠤ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠵᠠᠩ ᠵᠢᠶᠠᠨ ᠪᠢᠨ᠂ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠣᠣ ᠯᠦᠩ ᠹᠸᠢ᠂ ᠬᠤᠰᠢᠭᠤᠨ ᠤ ᠤᠳᠤᠷᠢᠳᠤᠯᠭ᠎ᠠ | ᠼᠦᠢ ᠯᠢ ᠹᠠᠩ ᠪᠣᠯᠤᠨ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ᠂ ᠯᠢᠦ ᠷᠦᠢ ᠴᠧᠨ ᠹᠧᠩ ᠭᠤᠸᠠᠩ ᠤᠰᠤᠲᠥ᠋ᠷᠥᠭᠴᠢ ᠰᠢᠪᠲᠦᠷ ᠤᠨ ᠲᠦᠷᠦᠯ ᠵᠦᠢᠯ ᠤᠨ | ᠦᠨᠳᠦᠰᠦᠨ ᠪᠠᠶᠢᠳᠠᠯ ᠪᠣᠯᠤᠨ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠨᠠᠷᠢᠨ ᠲᠠᠨᠢᠯᠴᠠᠭᠤᠯᠵᠤ᠂ | ᠬᠤᠶᠠᠷ ᠲᠠᠯ᠎ᠠ ᠪᠠᠷ ᠢᠶᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠣᠳᠠᠲᠠᠢ ᠶᠠᠪᠤᠳᠠᠯ ᠤᠨ ᠲᠣᠭᠤᠷᠢᠨ ᠳᠤ | ᠰᠠᠨᠠᠯ ᠢᠶᠠᠨ ᠭᠦᠨᠵᠡᠭᠡᠢ ᠰᠣᠯᠢᠯᠴᠠᠪᠠ᠃ | ᠵᠠᠩ ᠵᠢᠶᠠᠨ ᠪᠢᠨ ᠲᠠᠬᠢᠨ ᠡᠬᠦᠰᠬᠦ ᠪᠣᠬᠢᠷᠲᠤᠯ ᠦᠭᠡᠢ ᠤᠰᠤᠲᠥ᠋ᠷᠥᠭᠴᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠽᠢᠶ᠎ᠠ ᠲᠢᠪ ᠤᠨ ᠺᠣᠮᠫᠠᠨᠢ ᠨᠠᠷ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ | ᠵᠣᠯᠭᠠᠭᠤᠯᠬᠤ ᠲᠦᠷᠦᠯ ᠵᠦᠢᠯ ᠢ ᠵᠣᠯᠭᠠᠭᠤᠯᠬᠤ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ | ᠹᠧᠩ ᠭᠤᠸᠠᠩ ᠤᠰᠤᠲᠥ᠋ᠷᠥᠭᠴᠢ ᠶᠢᠨ ᠰᠢᠪᠲᠦᠷ ᠤᠨ ᠲᠦᠷᠦᠯ ᠵᠦᠢᠯ ᠢ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠳᠤ ᠨᠤᠲᠤᠭᠰᠢᠭᠰᠠᠨ ᠰᠠᠯᠬᠢᠨ ᠬᠦᠴᠦᠨ ᠤ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠵᠠᠮ | ᠬᠠᠷᠢᠯᠴᠠᠭᠠᠨ ᠤ ᠳᠠᠪᠠᠭᠤᠯᠢᠭ᠂ ᠰᠠᠭᠤᠷᠢ ᠪᠠᠲᠤᠯᠠᠭ᠎ᠠ ᠶᠢᠨ ᠳᠠᠪᠠᠭᠤᠯᠢᠭ᠂ ᠠᠵᠤ ᠠᠬᠤᠶᠢᠯᠠᠯ ᠤᠨ ᠠᠵᠢᠯᠴᠢᠨ | ᠬᠡᠷᠡᠭᠯᠡᠬᠦ ᠳᠠᠪᠠᠭᠤᠯᠢᠭ ᠪᠣᠯᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠳᠠᠪᠠᠭᠤᠯᠢᠭ ᠵᠡᠷᠭᠡ ᠶᠢᠨ ᠲᠤᠬᠠᠢ | ᠠᠵᠤ ᠠᠬᠤᠶᠢᠯᠠᠯ ᠳᠤ ᠨᠠᠷᠢᠨ ᠲᠠᠨᠢᠯᠴᠠᠭᠤᠯᠪᠠ᠃ ᠲᠡᠷᠡ ᠵᠢᠭᠠᠵᠤ ᠭᠠᠷᠭᠠᠭᠰᠠᠨ ᠨᠢ᠂ ᠹᠧᠩ ᠭᠤᠸᠠᠩ | ᠤᠰᠤᠲᠥ᠋ᠷᠥᠭᠴᠢ ᠰᠢᠪᠲᠦᠷ ᠤᠨ ᠲᠥᠷᠥᠯ ᠵᠦᠢᠯ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠠᠢ ᠣᠷᠳᠣ | ᠬᠤᠭᠤᠴᠠᠭ᠎ᠠ ᠪᠠᠷ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ᠂ ᠠᠵᠤ ᠦᠢᠯᠡᠰ ᠤᠨ ᠪᠦᠲᠦᠴᠡ ᠶᠢ | ᠲᠣᠬᠢᠷᠠᠭᠤᠯᠬᠤ ᠴᠢᠭᠯᠡᠯ ᠲᠠᠢ ᠵᠣᠬᠢᠴᠠᠯᠳᠤᠬᠤ ᠶᠢ ᠠᠩᠬᠠᠷᠴᠤ᠂ ᠳᠠᠬᠢᠨ ᠡᠭᠦᠰᠴᠦ ᠪᠣᠯᠬᠤ ᠪᠣᠬᠢᠷᠲᠤᠯ ᠥᠬᠡᠶ | ᠤᠰᠤᠲᠥ᠋ᠷᠥᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠽᠢᠶ᠎ᠠ ᠲᠢᠪ ᠤᠨ ᠺᠣᠮᠫᠠᠨᠢ ᠶᠢᠨ ᠥᠩᠭᠡ ᠦᠵᠡᠮᠵᠢ | ᠤᠰᠤᠲᠥ᠋ᠷᠥᠭᠴᠢ ᠶᠢᠨ ᠰᠢᠪᠲᠦᠷ ᠤᠨ ᠲᠥᠷᠥᠯ ᠵᠦᠢᠯ ᠤᠨ ᠬᠥᠭᠵᠢᠯᠲᠡ ᠶᠢᠨ ᠢᠷᠡᠭᠡᠳᠦᠶ ᠥᠷᠭᠡᠨ ᠠᠭᠤᠳᠠᠮ ᠪᠠᠶᠢᠵᠤ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠥᠬᠦ | ᠬᠦᠴᠦᠨ ᠢᠶᠠᠷ ᠢᠶᠠᠨ ᠳᠡᠮᠵᠢᠪᠡ᠃ ᠠᠵᠤ ᠠᠬᠤᠶᠢᠯᠠᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠮᠦᠨ ᠤ | ᠬᠦᠴᠦ᠂ ᠪᠡᠯᠡ ᠮᠥᠩᠭᠦ ᠵᠡᠷᠭᠡ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ | ᠭᠠᠵᠠᠷ ᠰᠣᠩᠭᠤᠬᠤ᠂ ᠵᠢᠷᠤᠵᠤ ᠲᠥᠯᠥᠪᠯᠡᠬᠦ ᠶᠢ ᠰᠤᠳᠤᠯᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ | ᠢᠳᠡᠪᠬᠢᠲᠡᠢ ᠠᠬᠢᠭᠤᠯᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠶᠢᠯᠠᠯ ᠲᠠᠢ ᠴᠠᠭ | ᠲᠤᠬᠠᠢ ᠳᠤᠨᠢ ᠵᠣᠯᠭᠠᠭᠤᠯᠤᠨ ᠰᠣᠯᠢᠯᠴᠠᠵᠤ᠂ ᠬᠦᠴᠢᠷ ᠠᠰᠠᠭᠤᠳᠠᠯ ᠢ ᠦᠨᠡᠨᠬᠦ ᠬᠠᠪᠰᠤᠷᠤᠨ ᠰᠢᠢᠳᠪᠦᠷᠢᠯᠡᠵᠦ᠂ ᠠᠵᠤ | ᠠᠬᠤᠶᠢᠯᠠᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠵᠦ᠂ | ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃ | | | | | ᠵᠣᠬᠢᠶᠠᠭᠴᠢ᠄ ᠹᠧᠩ ᠯᠢ ᠶᠤᠸᠠᠨ | ᠴᠢᠮᠡᠭᠡᠯᠡᠭᠴᠢ᠄ ᠯᠢ ᠷᠦᠩ ᠰᠢᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |