ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠢᠨᠲ᠋ᠧᠷ ᠰᠦᠯᠵᠢᠶᠡᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠠᠶ ᠭᠦᠨᠵᠡᠭᠡᠶᠢᠷᠡᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/11/7
    ᠡᠨᠡ ᠵᠢᠯ ᠠᠴᠠ ᠴᠠᠬᠠᠷ ᠪᠠᠷᠠᠭᠤᠨ ᠭᠠᠷᠤᠨ ᠬᠤᠶᠢᠳᠤ  ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠨᠢᠭᠡ ᠴᠣᠩᠬᠤᠨ ᠬᠡᠯᠪᠡᠷᠢ ᠶᠢᠨ ᠬᠦᠯᠢᠶᠡᠨ ᠠᠪᠴᠤ ᠰᠢᠢᠳᠪᠤᠷᠢᠯᠡᠬᠦ᠂ ᠨᠢᠭᠡ ᠥᠷᠲᠡᠭᠡ  ᠮᠠᠶ᠋ᠢᠭ ᠤᠨ ᠦᠢᠯᠡᠴᠢᠯᠡᠭᠡ︾ ᠶᠢᠨ ᠵᠠᠭᠪᠤᠷ ᠢ ᠶᠡᠬᠡᠪᠡᠷ ᠠᠬᠢᠭᠤᠯᠵᠤ᠂ ︽ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ ᠦᠷᠭᠦᠯᠵᠢᠯᠡᠨ ᠬᠦᠨᠵᠡᠭᠡᠶᠢᠷᠡᠬᠦᠯᠵᠤ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ  ᠰᠢᠯᠢᠳᠡᠭᠵᠢᠭᠦᠯᠵᠠᠢ᠃
   ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠬᠠᠶ ᠶᠢᠨ ᠲᠠᠯᠠᠪᠤᠷ ᠲᠤ ᠵᠢᠯᠣᠭᠤᠳᠬᠤ᠂ ᠪᠣᠳᠠᠲᠤ ᠠᠵᠢᠯᠯᠠᠭᠠᠨ ᠤ ᠦᠵᠡᠭᠦᠯᠭᠡ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠵᠡᠷᠭᠡ ᠲᠠᠪᠴᠠᠩ ᠤᠨ ᠴᠢᠳᠠᠮᠵᠢ ᠵᠢᠴᠢ ᠠᠵᠢᠯᠯᠠᠭᠠᠨ ᠤ ᠶᠠᠪᠤᠴᠠ ᠶᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠢ ᠬᠡᠷ ᠠᠴᠠ ᠪᠠᠨ ᠭᠠᠷᠬᠤ ᠦᠭᠡᠢ ᠪᠠᠷ ᠰᠦᠯᠵᠢᠶᠡᠨ ᠳᠡᠭᠡᠷ᠎ᠡ ᠭᠤᠶᠤᠴᠢᠯᠠᠬᠤ᠂ ᠰᠢᠢᠳᠪᠦᠷᠢᠯᠡᠬᠦ ᠬᠠᠷᠠᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ ︽ᠴᠠᠭ ᠢ ᠤᠷᠲᠤᠳᠬᠠᠨ ᠴᠠᠭ ᠢ ᠵᠥᠷᠢᠭᠦᠯᠬᠦ︾ ︽ᠤᠷᠢᠳᠴᠢᠯᠠᠨ ᠪᠣᠯᠵᠣᠵᠤ ᠬᠡᠷ ᠲᠤ ᠨᠢ ᠬᠦᠷᠭᠡᠬᠦ︾ ᠵᠡᠷᠭᠡ ᠠᠷᠠᠳ ᠲᠤ ᠲᠥᠬᠦᠮ ᠦᠵᠡᠭᠦᠯᠬᠦ ᠣᠯᠠᠨ ᠵᠦᠢᠯ ᠤᠨ ᠦᠢᠯᠡᠴᠢᠯᠡᠭᠡᠨ ᠤ ᠠᠷᠭ᠎ᠠ ᠮᠠᠶ᠋ᠢᠭ ᠢ ᠢᠳᠡᠪᠬᠢᠲᠡᠶ ᠪᠠᠷ ᠰᠦᠪᠡᠭᠴᠢᠯᠡᠨ ᠬᠡᠷᠡᠭᠵᠢᠭᠦᠯᠵᠦ᠂ ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠮᠠᠰᠢ ᠣᠯᠠᠨ ᠰᠢᠯᠭᠠᠭᠤᠯᠤᠭᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠭᠦᠢᠴᠡᠳᠬᠡᠬᠦ ᠴᠢᠬᠤᠯᠠᠲᠠᠶ᠂ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠤᠨ ᠫᠠᠰᠫᠣᠷᠲ ᠭᠦᠢᠴᠡᠳᠭᠡᠬᠦ ᠵᠡᠷᠭᠡ ᠣᠯᠠᠨ ᠵᠦᠢᠯ ᠤᠨ ᠪᠠᠶᠢᠳᠠᠯ ᠲᠠᠢ ᠤᠶᠠᠯᠳᠤᠭᠤᠯᠤᠨ᠂ ᠣᠯᠠᠨ ᠲᠦᠮᠡᠨ᠂ ᠠᠵᠤ ᠠᠬᠤᠶᠢᠯᠠᠯ ᠳᠤ ︽7 × 24︾ ᠴᠠᠭ ᠤᠨ ᠦᠢᠯᠡᠴᠢᠯᠡᠭᠡ ᠬᠠᠩᠭᠠᠬᠤ ᠬᠡᠷᠡᠭᠲᠡᠶ᠃ ᠡᠭᠦᠨ ᠠᠴᠠ ᠭᠠᠳᠠᠨ᠎ᠠ᠂ ︽ᠸᠢᠴᠠᠲ ᠢᠶᠠᠷ ᠭᠦᠢᠴᠡᠳᠭᠡᠬᠦ︾᠂ ︽ᠤᠲᠠᠰᠤ ᠪᠠᠷ ᠭᠦᠢᠴᠡᠳᠭᠡᠬᠦ︾ ᠵᠡᠷᠭᠡ ︽ᠥᠯᠥ ᠣᠶᠢᠷᠠᠲᠤᠯᠴᠠᠬᠤ ᠬᠡᠯᠪᠡᠷᠢ︾ ᠶᠢ ᠭᠦᠢᠴᠡᠳᠭᠡᠬᠦ ᠪᠠᠷ ᠳᠠᠮᠵᠢᠭᠤᠯᠤᠨ᠂ ︽ᠮᠡᠳᠡᠭᠡ ᠵᠠᠩᠭᠢ ᠶᠢ ᠭᠦᠶᠦᠯᠭᠡᠬᠦ︾ ᠶᠢ ︽ᠣᠯᠠᠨ ᠲᠦᠮᠡᠨ ᠤ ᠭᠦᠶᠦᠬᠦ︾ ᠶᠢ ᠣᠷᠣᠯᠠᠭᠤᠯᠵᠤ᠂ ᠠᠵᠢᠯ ᠶᠠᠪᠤᠳᠠᠯ ᠭᠦᠢᠴᠡᠳᠭᠡᠬᠦ ᠳᠤ ︽ᠬᠠᠷᠰᠢ ᠰᠠᠭᠠᠳ ᠥᠬᠡᠶ︾ ᠪᠠᠶᠢᠬᠤ ᠶᠢ ᠦᠨᠡᠨ ᠬᠦ ᠪᠡᠶᠡᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠦᠨᠡᠨ ᠬᠦ ᠨᠡᠪᠲᠡᠷᠡᠭᠦᠯᠪᠡ᠃
    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠠ ᠶᠢᠨ ᠲᠡᠭᠦᠷᠭᠡ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠷᠧᠨ ᡁᠢ ᠴᠢᠶᠠᠩ ᠢᠯᠡᠷᠬᠡᠶᠢᠯᠡᠬᠦ ᠳᠡᠭᠡᠨ᠄ ︽ᠣᠳᠣᠬᠠᠨ ᠳᠤ ᠰᠠᠭᠤᠭᠠᠯᠢ ᠠᠷᠠᠳ ᠤᠨ ᠭᠠᠷᠭᠠᠵᠤ ᠥᠭᠬᠦ ᠴᠢᠬᠤᠯᠠᠲᠠᠶ ᠶᠠᠯ᠎ᠠ ᠬᠢᠭᠰᠡᠨ ᠲᠡᠮᠳᠡᠭᠯᠡᠯ ᠤᠨ ᠭᠡᠷᠡᠴᠢ᠂ ᠰᠠᠶ᠋ᠢ ᠲᠥᠷᠥᠭᠰᠡᠨ ᠬᠡᠦᠬᠡᠳ ᠢ ᠡᠷᠦᠬᠡ ᠳᠤ ᠬᠦᠷᠭᠡᠬᠦ᠂ ᠦᠬᠦᠬᠦ ᠶᠢ ᠬᠦᠴᠦᠨ ᠥᠬᠡᠶ ᠪᠣᠯᠭᠠᠬᠤ ᠵᠡᠷᠭᠡ ᠲᠤᠬᠠᠶᠢᠯᠠᠭᠰᠠᠨ ᠠᠵᠢᠯ ᠢ ᠴᠥᠮ ᠢᠨᠲ᠋ᠧᠷ ᠰᠦᠯᠵᠢᠶᠡᠨ ᠤ ᠦᠵᠦᠭᠦᠷ ᠢᠶᠠᠷ ᠭᠤᠶᠤᠴᠢᠯᠠᠨ ᠭᠦᠢᠴᠡᠳᠬᠡᠵᠦ ᠪᠣᠯᠤᠨ᠎ᠠ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠶᠢ ᠦᠨᠡᠨ ᠬᠦ ᠪᠡᠶᠡᠯᠡᠭᠦᠯᠵᠦ᠂ ᠥᠷᠭᠡᠨ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠦᠷᠲᠡᠭᠡᠨ᠎ᠡ︾᠃                             ᠵᠣᠬᠢᠶᠠᠭᠴᠢ᠄ ᠭᠦᠸᠧ ᡁᠢ ᠴᠢᠶᠠᠩ                            ᠴᠢᠮᠡᠭᠡᠯᠡᠭᠴᠢ᠄ ᠯᠢ ᠷᠦᠩ ᠰᠢᠨ᠂ ᠯᠦ ᠰᠢᠶᠤᠤ ᠲᠢᠩ                            ᠤᠷᠴᠢᠭᠤᠯᠤᠭᠴᠢ᠄ ᠡᠷᠳᠡᠨᠢᠴᠢᠮᠡᠭ                            ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号