ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠨᠢ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠳᠤ ᠠᠷᠠᠳᠴᠢᠯᠠᠯ ᠢᠶᠠᠷ ᠦᠨᠡᠯᠡᠪᠡ
ᠨᠡᠶᠢᠲᠡᠯᠡᠭᠰᠡᠨ ᠴᠠᠭ᠄
2024/12/2
   ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ 2024 ᠣᠨ ᠤ ᠠᠷᠠᠳᠴᠢᠯᠠᠯ ᠢᠶᠠᠷ ᠦᠨᠡᠯᠡᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ 11 ᠰᠠᠷ᠎ᠠ ᠶᠢᠨ 29 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠵᠢᠶᠠᠩ ᠪᠦᠯᠬᠦᠮ ᠳᠠᠭᠠᠭᠤᠯᠤᠨ ᠵᠠᠮ ᠲᠡᠭᠡᠭᠡᠪᠦᠷᠢ ᠶᠢᠨ ᠲᠣᠪᠴᠢᠶ᠎ᠠ ᠳᠤ ᠠᠷᠠᠳᠴᠢᠯᠠᠯ ᠢᠶᠠᠷ ᠦᠨᠡᠯᠡᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠶᠢᠨ ᠵᠥᠪᠯᠡᠯ᠂ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠺᠠᠳ᠋ᠷ᠂ ᠬᠤᠶᠠᠳᠤᠭᠠᠷ ᠳᠡᠰ ᠤᠨ ᠨᠢᠭᠡᠴᠡ ᠶᠢᠨ ᠪᠠᠭ ᠤᠨ ᠪᠦᠷᠢᠯᠳᠦᠬᠦᠨ ᠦᠨᠡᠯᠡᠨ ᠶᠠᠷᠢᠯᠴᠠᠬᠤ ᠳᠤ ᠣᠷᠣᠯᠴᠠᠪᠠ᠃
   ᠦᠨᠡᠯᠡᠯᠲᠡ ᠶᠢᠨ ᠬᠤᠷᠠᠯ ᠳᠡᠭᠡᠷ᠎ᠡ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠥᠬᠦ ᠬᠤᠰᠢᠭᠤᠨ ᠤ ᠵᠠᠮ ᠲᠡᠭᠡᠭᠡᠪᠦᠷᠢ ᠶᠢᠨ ᠠᠵᠢᠯ ᠤᠨ ᠪᠠᠶᠢᠳᠠᠯ ᠢ ᠨᠠᠷᠢᠨ ᠨᠢᠮᠪᠠᠶ ᠬᠠᠷᠢᠭᠤ ᠮᠡᠳᠡᠭᠦᠯᠵᠦ᠂ ᠦᠨᠡᠯᠡᠬᠦ ᠳᠤᠭᠤᠶᠢᠯᠠᠩ ᠤᠨ ᠪᠦᠷᠢᠯᠳᠦᠬᠦᠨ ᠵᠢᠴᠢ ᠪᠤᠰᠤᠳ ᠬᠤᠷᠠᠯ ᠳᠤ ᠣᠷᠣᠯᠴᠠᠭᠰᠠᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠠᠷᠢᠨ ᠬᠢᠨᠠᠮᠠᠭᠠᠶ ᠬᠠᠷᠢᠭᠤ ᠲᠤᠰᠬᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠠᠷᠠᠳᠴᠢᠯᠠᠯ ᠢᠶᠠᠷ ᠰᠢᠯᠭᠠᠨ ᠦᠨᠡᠯᠡᠪᠡ᠃    ᠦᠨᠡᠯᠡᠨ ᠶᠠᠷᠢᠯᠴᠠᠬᠤ ᠳᠤᠭᠤᠶᠢᠯᠠᠩ ᠨᠢ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠡᠨᠡ ᠵᠢᠯ ᠠᠴᠠ ᠨᠠᠰᠢᠬᠢ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠪᠠ ᠰᠠᠨᠠᠯ ᠳᠤᠷᠠᠳᠤᠯᠭ᠎ᠠ ᠶᠢ ᠬᠦᠢᠴᠡᠳᠭᠡᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠦᠢᠴᠡᠳ ᠨᠤᠲᠠᠯᠠᠪᠠ᠃ ᠦᠨᠡᠯᠡᠨ ᠶᠠᠷᠢᠯᠴᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠵᠠᠮ ᠬᠠᠷᠢᠯᠴᠠᠭ᠎ᠠ ᠪᠣᠯ ᠠᠵᠤ ᠠᠬᠤᠶ ᠶᠢᠨ ᠬᠥᠭᠵᠢᠯᠲᠡ ᠶᠢᠨ ︽ᠤᠷᠢᠳ ᠢᠶᠠᠷ ᠬᠡᠷᠡᠭᠵᠢᠭᠦᠯᠬᠦ ᠨᠣᠶᠠᠨ︾ ᠮᠥᠨ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠶᠠᠪᠤᠵᠤ ᠰᠠᠭᠤᠬᠤ ᠳᠤ ᠠᠮᠤᠷ ᠲᠦᠪᠰᠢᠨ ᠪᠥᠭᠡᠳ ᠳᠥᠭᠦᠮ ᠳᠥᠲᠡ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠶᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠪᠠᠲᠤ ᠪᠠᠬᠢ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃                                      ᠤᠷᠴᠢᠭᠤᠯᠤᠭᠴᠢ᠄ ᠡᠷᠳᠡᠨᠢᠴᠢᠮᠡᠭ                                      ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠦᠪᠯᠡᠯᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号