ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠥᠬᠦ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/26
   ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ 12 ᠰᠠᠷ᠎ᠠ ᠶᠢᠨ 25 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠬᠤ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠠᠵᠢᠯᠲᠠᠨ ᠪᠠ ᠠᠳᠠᠯ ᠠᠬᠤᠶ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠶᠦᠩ ᠹᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠡᠯ᠎ᠡ ᠠᠳᠠᠯ ᠠᠬᠤᠶ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃
   ᠬᠤᠷᠠᠯ ᠠᠴᠠ ︽ᠠᠳᠠᠯ ᠠᠬᠤᠶ ᠶᠢᠨ ᠬᠠᠮᠢᠶᠠᠷᠤᠯᠲᠠ ᠶᠢᠨ ᠵᠢᠵᠢᠭ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠢ ᠤᠯᠠᠮᠵᠢᠯᠠᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠤᠨ ᠰᠡᠷᠡᠮᠵᠢ ᠶᠢᠨ ᠹᠢᠯᠢᠮ ᠢ ᠲᠥᠪᠯᠡᠷᠡᠭᠦᠯᠦᠨ ᠦᠵᠡᠵᠦ᠂ ᠣᠳᠣᠬᠠᠨ ᠤ ᠪᠥᠬᠦ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠬᠤ ᠦᠵᠡᠭᠳᠡᠯ ᠳᠤ ᠳᠠᠯᠳᠠ ᠨᠢᠭᠤᠭᠳᠠᠵᠤ ᠪᠠᠶᠢᠭ᠎ᠠ ᠮᠠᠰᠢ ᠣᠯᠠᠨ ᠠᠮᠤᠷ ᠲᠦᠪᠰᠢᠨ ᠤ ᠳᠠᠯᠳᠠ ᠬᠡᠮ ᠢ ᠭᠦᠨᠵᠡᠭᠡᠶ ᠵᠠᠳᠠᠯᠤᠭᠰᠠᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
   ᠸᠠᠩ ᠶᠦᠩ ᠹᠧᠩ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠳᠠᠯ ᠠᠬᠤᠶ ᠶᠢᠨ ᠠᠵᠢᠯ ᠲᠥᠷᠥᠯ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠶᠢᠨ ᠴᠢᠬᠤᠯᠠ ᠴᠢᠨᠠᠷ ᠪᠠ ᠪᠤᠳᠤᠯᠢᠶᠠᠨᠲᠤ ᠴᠢᠨᠠᠷ ᠢ ᠲᠣᠳᠣᠷᠬᠠᠶ ᠲᠠᠨᠢᠵᠤ᠂ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠶ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠴᠠᠬᠢᠯᠭᠠᠨ ᠬᠡᠷᠡᠭᠯᠡᠬᠦ᠂ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠤᠬᠠᠮᠰᠠᠷ ᠢ ᠪᠠᠲᠤ ᠪᠣᠶ ᠪᠣᠯᠭᠠᠬᠤ ᠬᠡᠷᠡᠭᠲᠡᠶ︔ ᠡᠯ᠎ᠡ ᠠᠳᠠᠯ ᠠᠬᠤᠶ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠤᠳ ᠠᠳᠠᠯ ᠠᠬᠤᠶ ᠶᠢᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠱᠠᠭᠠᠷᠳᠠᠯᠭ᠎ᠠ ᠪᠠ ᠲᠣᠭᠲᠠᠭᠠᠯ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠵᠢᠭ ᠲᠣᠭᠤᠷᠢᠭ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠵᠤ ᠴᠠᠬᠢᠯᠭᠠᠨ ᠴᠡᠨᠡᠭᠯᠡᠬᠦ ᠵᠡᠷᠭᠡ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠴᠢᠩᠭᠠᠳᠬᠠᠨ᠂ ᠠᠳᠠᠯ ᠠᠬᠤᠶ ᠶᠢᠨ ᠦᠢᠯᠡᠴᠢᠯᠡᠭᠡᠨ ᠤ ᠬᠦᠷᠢᠶᠡᠨ ᠳᠠᠬᠢ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ᠃                                     ᠵᠣᠬᠢᠶᠠᠭᠴᠢ᠄ ᠹᠠᠨ ᠵᠢᠶᠠ ᠸᠧᠨ                                   ᠴᠢᠮᠡᠭᠡᠯᠡᠭᠴᠢ᠄ ᠡᠦ ᠰᠢᠨ ᠢᠦᠢ ︵ᠲᠠᠳᠤᠯᠭ᠎ᠠ︶                                   ᠤᠷᠴᠢᠭᠤᠯᠤᠭᠴᠢ᠄ ᠰᠤᠷᠤᠨ᠎ᠠ                                   ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号