ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/26
   12 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧᠦ ᠵᠢᠶᠦ᠋ᠨ ᠢᠦᠶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠷᠧᠨ ᠯᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
   ᠬᠤᠷᠠᠯ ᠠᠴᠠ ᠬᠠᠪᠰᠤᠷᠤᠨ ᠲᠡᠳᠬᠦᠬᠦ ᠲᠦᠷᠦᠯ ᠵᠦᠢᠯ ᠤᠨ ᠡᠳ᠋ ᠬᠦᠷᠦᠩᠭᠡ ᠶᠢᠨ ᠬᠠᠮᠢᠶᠠᠷᠤᠯᠲᠠ᠂ ᠪᠡᠯᠡ ᠮᠥᠩᠭᠦ ᠶᠢ ᠵᠣᠯᠭᠠᠭᠤᠯᠬᠤ ᠲᠦᠷᠦᠯ ᠵᠦᠢᠯ ᠪᠣᠯᠤᠨ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠠᠵᠢᠯ᠂ ᠥᠩᠭᠡᠷᠡᠭᠰᠡᠨ ᠵᠢᠯ ᠤᠳ ᠤᠨ ᠲᠦᠷᠦᠯ ᠵᠦᠢᠯ ᠤᠨ ᠡᠳ᠋ ᠬᠦᠷᠦᠩᠭᠡ᠂ ᠬᠤᠪᠢ ᠣᠷᠣᠭᠤᠯᠤᠭᠰᠠᠨ ᠲᠦᠷᠦᠯ ᠵᠦᠢᠯ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠪᠣᠯᠤᠨ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠳᠤᠲᠠᠭᠤᠳᠠᠯ ᠢ ᠦᠷᠭᠦᠯᠵᠢᠯᠡᠨ ᠪᠠᠶᠢᠴᠠᠭᠠᠨ ᠨᠥᠬᠦᠪᠥᠷᠢᠯᠡᠵᠦ᠂ ᠠᠵᠢᠯ ᠤᠨ ᠲᠥᠰᠦᠯ ᠪᠣᠯᠤᠨ ᠡᠯ᠎ᠡ ᠲᠦᠷᠦᠯ ᠤᠨ ᠳᠠᠩᠰᠠ ᠡᠪᠬᠡᠮᠡᠯ ᠵᠢᠴᠢ ᠲᠤᠭ᠎ᠠ ᠪᠠᠷᠢᠮᠲᠠ ᠶᠢᠨ ᠠᠵᠢᠯ ᠢ ᠲᠡᠭᠦᠯᠳᠡᠷᠵᠢᠭᠦᠯᠬᠦ ᠬᠡᠷᠡᠭᠲᠡᠢ︔ ᠠᠵᠢᠯ ᠬᠢᠵᠤ ᠴᠢᠳᠠᠬᠤ᠂ ᠰᠤᠷᠪᠤᠯᠵᠢᠯᠠᠨ ᠶᠠᠷᠢᠯᠴᠠᠬᠤ ᠠᠰᠠᠭᠤᠯᠲᠠ ᠶᠢᠨ ᠬᠠᠭᠤᠳᠠᠰᠤ᠂ ᠠᠵᠢᠯ ᠤᠨ ᠳ᠋ᠦᠩᠨᠡᠯᠲᠡ ᠵᠡᠷᠭᠡ ᠠᠵᠢᠯ ᠢ ᠲᠦᠷᠦᠭᠦᠯᠡᠨ ᠰᠠᠶᠢᠲᠤᠷ ᠬᠢᠬᠦ ᠶᠢᠨ ᠬᠠᠮᠲᠤ ᠬᠤᠯᠪᠣᠭᠳᠠᠯ ᠪᠦᠬᠦᠢ ᠪᠣᠯᠪᠠᠰᠤᠷᠠᠯ ᠢ ᠰᠠᠶᠢᠲᠤᠷ ᠬᠢᠬᠦ ᠬᠡᠷᠡᠭᠲᠡᠢ᠃              ᠵᠣᠬᠢᠶᠠᠭᠴᠢ᠄ ᠰᠤᠷᠪᠤᠯᠵᠢᠯᠠᠭᠴᠢ᠄ ᠰᠦᠨ ᠯᠢ ᠨᠠ᠂ ᠹᠠᠨ ᠵᠢᠶᠠ ᠸᠧᠨ                ᠤᠷᠴᠢᠭᠤᠯᠤᠭᠴᠢ᠄ ᠰᠤᠷᠤᠨ᠎ᠠ              ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号