ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠴᠠᠬᠠᠷ ᠰᠣᠶᠣᠯ ᠤᠨ ᠮᠦᠽᠧᠶ ᠪᠠᠶᠢᠭᠤᠯᠤᠭᠳᠠᠭᠰᠠᠨ ᠠᠷᠪᠠᠨ ᠵᠢᠯ ᠤᠨ ᠣᠶ ᠶᠢ ᠪᠡᠯᠭᠡᠯᠡᠬᠦ ᠵᠢᠴᠢ ᠤᠯᠤᠰ ᠤᠨ ᠭᠤᠷᠪᠠᠨ ᠳᠡᠰ ᠤᠨ ᠮᠦᠽᠧᠶ ᠳᠤ ᠳᠡᠪᠰᠢᠭᠦᠯᠬᠦ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/12/26
   12 ᠰᠠᠷ᠎ᠠ ᠶᠢᠨ 25 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠴᠠᠬᠠᠷ ᠰᠣᠶᠣᠯ ᠤᠨ ᠮᠦᠽᠧᠶ ᠶᠢᠨ ᠣᠷᠳᠣᠨ ᠪᠠᠶᠢᠭᠤᠯᠤᠭᠳᠠᠭᠰᠠᠨ ᠠᠷᠪᠠᠨ ᠵᠢᠯ ᠤᠨ ᠣᠶ ᠶᠢ ᠪᠡᠯᠭᠡᠯᠡᠬᠦ ᠵᠢᠴᠢ ᠤᠯᠤᠰ ᠤᠨ ᠭᠤᠷᠪᠠᠨ ᠳᠡᠰ ᠤᠨ ᠮᠦᠽᠧᠶ ᠳᠤ ᠳᠡᠪᠰᠢᠭᠦᠯᠬᠦ ᠶᠠᠷᠢᠯᠴᠠᠬᠤ ᠬᠤᠷᠠᠯ ᠡᠷᠭᠢᠯᠡᠪᠡ᠃ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠲᠡᠷᠢᠭᠦᠯᠡᠭᠴᠢ ᠼᠤᠤ ᠯᠢ᠂ ᠬᠤᠲᠠ ᠶᠢᠨ ᠮᠦᠽᠧᠶ ᠶᠢᠨ ᠳᠡᠳ᠋ ᠳᠠᠷᠤᠭ᠎ᠠ ᠵᠠᠩ ᠲᠤᠤ᠂ ᠬᠤᠰᠢᠭᠤᠨ ᠤ ᠤᠳᠤᠷᠢᠳᠤᠯᠭ᠎ᠠ ᠴᠢᠨ ᠳ᠋ᠦᠩ ᠼᠠᠢ᠂ ᠴᠢᠶᠣᠤ ᠰᠢᠶᠣᠤ ᠶᠠᠨ᠂ ᠵᠤᠤ ᠬᠠᠶ ᠫᠢᠩ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠠᠵᠢᠯᠲᠠᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠣᠶᠣᠯ ᠵᠤᠭᠠᠴᠠᠯ ᠤᠨ ᠲᠣᠪᠴᠢᠶ᠎ᠠ ᠵᠢᠴᠢ ᠴᠠᠬᠠᠷ ᠰᠣᠶᠣᠯ ᠤᠨ ᠮᠦᠽᠧᠶ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
   ᠶᠠᠷᠢᠯᠴᠠᠬᠤ ᠬᠤᠷᠠᠯ ᠳᠡᠭᠡᠷ᠎ᠡ᠂ ᠴᠠᠬᠠᠷ ᠰᠣᠶᠣᠯ ᠤᠨ ᠮᠦᠽᠧᠶ ᠶᠢᠨ ᠳᠠᠷᠤᠭ᠎ᠠ ᠮᠦᠽᠧᠶ ᠶᠢᠨ ᠬᠥᠭᠵᠢᠯᠲᠡ ᠶᠢᠨ ᠶᠠᠪᠤᠴᠠ᠂ ᠮᠦᠽᠧᠶ ᠶᠢᠨ ᠬᠠᠳᠠᠭᠠᠯᠠᠵᠤ ᠪᠠᠶᠢᠭ᠎ᠠ ᠣᠨᠴᠠᠯᠢᠭ ᠵᠢᠴᠢ ᠢᠷᠡᠭᠡᠳᠦᠶ ᠶᠢᠨ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠵᠠᠶ᠃ ᠲᠡᠷᠡ᠂ ᠮᠦᠽᠧᠶ ᠪᠠᠶᠢᠭᠤᠯᠤᠭᠳᠠᠭᠰᠠᠨ ᠠᠴᠠ ᠨᠠᠰᠢ᠂ ᠴᠠᠬᠠᠷ ᠰᠣᠶᠣᠯ ᠢ ᠠᠭᠤᠳᠠᠯᠬᠤ᠂ ᠰᠤᠳᠤᠯᠬᠤ᠂ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠳᠤ ᠢᠮᠠᠭᠲᠠ ᠴᠢᠷᠮᠠᠶᠢᠵᠤ᠂ ᠡᠯ᠎ᠡ ᠲᠥᠷᠥᠯ ᠤᠨ ᠦᠵᠡᠭᠦᠯᠦᠯᠭᠡ᠂ ᠡᠷᠳᠡᠮ ᠰᠢᠨᠵᠢᠯᠡᠭᠡᠨ ᠤ ᠲᠠᠶᠢᠯᠤᠮᠵᠢ ᠪᠠ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠨᠢᠭᠡᠨᠲᠡ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠮᠡᠳᠡᠷᠡᠮᠵᠢ ᠶᠢᠨ ᠲᠥᠷᠥᠭᠳᠡᠯ ᠪᠠ ᠦᠨᠳᠦᠰᠦᠲᠡᠨ ᠤ ᠨᠢᠭᠲᠠᠷᠠᠯ ᠤᠨ ᠬᠦᠴᠦᠨ ᠢ ᠨᠡᠮᠡᠭᠳᠡᠭᠦᠯᠬᠦ ᠴᠢᠬᠤᠯᠠ ᠴᠣᠩᠬᠤ ᠪᠣᠯᠵᠠᠶ᠃    ᠼᠤᠤ ᠯᠢ ᠴᠠᠬᠠᠷ ᠰᠣᠶᠣᠯ ᠤᠨ ᠮᠦᠽᠧᠶ ᠶᠢᠨ ᠥᠩᠭᠡᠷᠡᠭᠰᠡᠨ ᠠᠷᠪᠠᠨ ᠵᠢᠯ ᠤᠨ ᠭᠡᠷᠡᠯ ᠰᠠᠴᠤᠷᠠᠩᠭᠤᠶ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠮᠦᠽᠧᠶ ᠶᠢᠨ ᠤᠯᠤᠰ ᠤᠨ ᠭᠤᠷᠪᠠᠳᠤᠭᠠᠷ ᠳᠡᠰ ᠤᠨ ᠮᠦᠽᠧᠶ ᠪᠣᠯᠵᠤ ᠳᠡᠰ ᠳᠠᠪᠰᠢᠭᠰᠠᠨ ᠳᠤ ᠴᠢᠩ ᠰᠡᠳᠬᠢᠯ ᠤᠨ ᠪᠠᠶᠠᠷ ᠬᠦᠷᠭᠡᠪᠡ᠃ ᠲᠡᠷᠡ᠂ ᠴᠠᠬᠠᠷ ᠰᠤᠶᠤᠯ ᠤᠨ ᠮᠦᠽᠸᠢ ᠶᠢᠨ ᠠᠮᠵᠢᠯᠳᠠ ᠲᠠᠢ ᠲᠠᠪᠰᠢᠬᠤ ᠨᠢ ᠦᠩᠬᠡᠷᠡᠭᠰᠡᠨ ᠠᠷᠪᠠᠨ ᠵᠢᠯ ᠤᠨ ᠰᠢᠷᠭᠠᠭᠤ ᠴᠢᠷᠮᠠᠶᠢᠯᠭ᠎ᠠ ᠳᠤ ᠦᠵᠡᠬᠦᠯᠦᠭᠰᠡᠨ ᠬᠠᠮᠤᠭ ᠤᠨ ᠰᠠᠶᠢᠨ ᠠᠴᠢ ᠬᠠᠷᠢᠭᠤᠯᠳᠠ ᠪᠤᠯᠬᠤ ᠪᠦᠭᠡᠳ ᠪᠠᠰᠠ ᠴᠦ ᠢᠷᠡᠭᠡᠳᠦᠢ ᠶᠢᠨ ᠬᠦᠭᠵᠢᠯᠳᠡ ᠳᠤ ᠬᠦᠴᠦᠳᠠᠢ ᠱᠠᠭᠠᠷᠳᠠᠯᠭ᠎ᠠ ᠪᠤᠯᠬᠤ ᠶᠤᠮ᠃ ᠮᠦᠽᠧᠶ ᠡᠭᠦᠨ ᠢᠶᠠᠷ ᠠᠵᠠ ᠲᠣᠬᠢᠶᠠᠯ ᠪᠣᠯᠭᠠᠵᠤ᠂ ᠰᠣᠶᠣᠯ ᠢ ᠠᠭᠤᠳᠠᠯᠬᠤ ᠪᠠ ᠬᠠᠮᠠᠭᠠᠯᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠳᠡᠮ ᠰᠢᠨᠵᠢᠯᠡᠭᠡᠨ ᠤ ᠰᠤᠳᠤᠯᠭᠠᠨ ᠪᠠ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠩᠭᠡᠷᠡᠭᠰᠡᠨ ᠤ ᠪᠠ ᠢᠷᠡᠭᠡᠳᠦᠶ ᠶᠢ ᠬᠤᠯᠪᠣᠬᠤ᠂ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠴᠢᠬᠤᠯᠠ ᠬᠥᠭᠦᠷᠭᠡ ᠪᠣᠯᠬᠤ ᠪᠠᠷ ᠴᠢᠷᠮᠠᠶᠢᠬᠤ ᠬᠡᠷᠡᠭᠲᠡᠶ᠃    ᠴᠢᠶᠣᠤ ᠰᠢᠶᠣᠣ ᠶᠠᠨ ᠴᠠᠬᠠᠷ ᠰᠣᠶᠣᠯ ᠤᠨ ᠮᠦᠽᠧᠶ ᠶᠢᠨ ᠰᠣᠶᠣᠯ ᠤᠨ ᠤᠯᠠᠮᠵᠢᠯᠠᠯ᠂ ᠡᠷᠳᠡᠮ ᠰᠢᠨᠵᠢᠯᠡᠭᠡᠨ ᠤ ᠰᠤᠳᠤᠯᠭᠠᠨ᠂ ᠨᠡᠶᠢᠭᠡᠮ ᠤᠨ ᠰᠤᠷᠭᠠᠨ ᠬᠥᠮᠦᠵᠢᠯ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠳᠡᠰ ᠳᠡᠪᠰᠢᠯᠲᠡ ᠳᠤ ᠪᠠᠶᠠᠷ ᠬᠦᠷᠭᠡᠪᠡ᠃ ᠲᠡᠷᠡ᠂ ᠡᠨᠡᠬᠦ ᠢᠷᠠᠭᠤ ᠠᠯᠳᠠᠷ ᠪᠣᠯ ᠮᠦᠽᠧᠶ ᠶᠢᠨ ᠠᠵᠢᠯ ᠢ ᠨᠤᠲᠠᠯᠠᠬᠤ ᠪᠠᠷ ᠪᠠᠷᠠᠬᠤ ᠥᠬᠡᠶ᠂ ᠨᠠᠩ ᠴᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠣᠶᠣᠯ ᠤᠨ ᠦᠢᠯᠡᠰ ᠤᠨ ᠬᠥᠭᠵᠢᠯᠲᠡ ᠶᠢᠨ ᠬᠦᠴᠦᠲᠡᠶ ᠠᠬᠢᠭᠤᠯᠤᠯ ᠮᠥᠨ᠃    ᠲᠣᠰ ᠤᠳᠠᠭᠠᠨ ᠤ ᠶᠠᠷᠢᠯᠴᠠᠬᠤ ᠬᠤᠷᠠᠯ ᠢ ᠠᠮᠵᠢᠯᠲᠠ ᠲᠠᠢ ᠡᠷᠬᠢᠯᠡᠭᠰᠡᠨ ᠨᠢ ᠴᠠᠬᠠᠷ ᠰᠣᠶᠣᠯ ᠤᠨ ᠮᠦᠽᠧᠶ ᠶᠢᠨ ᠢᠷᠡᠭᠡᠳᠦᠶ ᠶᠢᠨ ᠬᠥᠭᠵᠢᠯᠲᠡ ᠳᠤ ᠴᠢᠭᠯᠡᠯ ᠢ ᠲᠣᠳᠣᠷᠬᠠᠶ ᠵᠢᠭᠠᠭᠰᠠᠨ ᠢᠶᠠᠷ ᠪᠠᠷᠠᠬᠤ ᠦᠭᠡᠢ ᠪᠠᠰᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠢᠷᠡᠭᠡᠳᠦᠶ ᠳᠤ ᠮᠦᠽᠧᠶ ᠦᠢᠯᠡᠴᠢᠯᠡᠭᠡᠨ ᠤ ᠲᠥᠬᠦᠭᠡᠷᠦᠮᠵᠢ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠠᠩ ᠥᠨᠳᠥᠷ ᠪᠠᠷᠢᠮᠵᠢᠶ᠎ᠠ ᠪᠠᠷ ᠤᠷᠤᠭᠰᠢ ᠤᠷᠤᠭᠰᠢᠯᠠᠨ᠎ᠠ᠃                   ᠵᠣᠬᠢᠶᠠᠭᠴᠢ᠄ ᠴᠢᠮᠡᠭᠡᠯᠡᠭᠴᠢ᠄ ᠰᠤᠯᠤᠩᠭ᠎ᠠ᠂ ᠸᠠᠩ ᡁᠢ ᠸᠧᠨ                   ᠤᠷᠴᠢᠭᠤᠯᠤᠭᠴᠢ᠄ ᠰᠤᠷᠤᠨ᠎ᠠ                   ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号