12 ᠰᠠᠷ᠎ᠠ ᠶᠢᠨ 27 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ | ᠶᠡᠭᠡ ᠬᠤᠷᠠᠯ ᠪᠠᠶᠠᠨᠴᠠᠭᠠᠨ ᠪᠠᠯᠭᠠᠰᠤᠨ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠬᠤᠲᠠ ᠶᠢᠨ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠬᠡᠷᠡᠭ ᠡᠷᠬᠢᠯᠡᠭᠴᠢᠳ ᠤᠨ ᠬᠤᠷᠠᠯ ᠤᠨ ᠳᠡᠳ᠋ ᠡᠷᠬᠢᠯᠡᠭᠴᠢ ᠬᠤ᠋ ᠴᠢᠤᠸᠠᠨ ᠶᠢᠤ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠼᠦᠢ ᠯᠢ ᠹᠠᠩ | ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠶᠠᠷ ᠤᠨ ᠦᠭᠡ ᠬᠡᠯᠡᠵᠡᠶ᠃ ᠪᠥᠬᠦ ᠬᠤᠰᠢᠭᠤᠨ ᠤ | ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ 40 ᠲᠥᠯᠥᠭᠡᠯᠡᠭᠴᠢ ᠬᠤᠷᠠᠯ ᠳᠤ ᠣᠷᠣᠯᠴᠠᠵᠤ᠂ | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠷᠢᠯᠭ᠎ᠠ ᠪᠠᠷ | ᠬᠤᠷᠠᠯ ᠳᠤ ᠣᠷᠣᠯᠴᠠᠵᠠᠶ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠤᠰᠢᠭᠤᠨ ᠤ ᠨᠠᠮ ᠤᠨ ᠬᠤᠷᠢᠶ᠎ᠠ᠂ | ᠬᠤᠰᠢᠭᠤᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠤᠲᠠ ᠶᠢᠨ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠳᠡᠭᠡᠳᠦ ᠬᠡᠮᠵᠢᠶᠡᠨ ᠤ ᠤᠯᠤᠰ ᠲᠥᠷᠥ ᠶᠢᠨ | ᠬᠠᠷᠢᠭᠤᠴᠠᠯᠭᠠᠲᠤ ᠰᠡᠳᠬᠢᠯᠭᠡ ᠪᠠ ᠲᠡᠤᠬᠡ ᠶᠢᠨ ᠡᠭᠦᠷᠭᠡᠲᠦ ᠰᠡᠳᠬᠢᠯᠭᠡ ᠪᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠬᠦᠴᠢᠷ ᠢ ᠰᠦᠷᠦᠨ ᠤᠷᠤᠭᠰᠢᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠠᠬᠢᠭᠤᠯᠬᠤ᠂ | ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ | ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠰᠢᠨ᠎ᠡ ᠴᠠᠭ ᠦᠶ᠎ᠡ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠬᠥᠭᠵᠢᠯᠲᠡ ᠶᠢᠨ ᠠᠮᠢᠳᠤᠯᠢᠭ ᠬᠠᠭᠤᠳᠠᠰᠤ ᠶᠢ ᠪᠢᠴᠢᠭᠯᠡᠪᠡ᠃ | | ᠬᠤᠷᠠᠯ ᠠᠴᠠ᠂ ᠬᠤᠶᠢᠰᠢᠳᠠ ᠶᠢᠨ ᠲᠠᠪᠤᠨ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠨᠠᠮ ᠤᠨ | ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠮᠥᠨᠴᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ | ᠨᠡᠩ ᠴᠤ ᠪᠦᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠲᠠᠪᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ | ᠥᠷᠨᠢᠭᠦᠯᠬᠦ ᠬᠡᠷᠡᠭᠲᠡᠶ᠄ ᠨᠢᠭᠡ ᠳᠤ ᠥᠭᠡᠷᠡᠴᠢᠯᠡᠯᠲᠡ ᠶᠢᠨ ᠲᠣᠭᠤᠷᠢᠨ ᠳᠤ ᠬᠤᠷᠰᠢᠶ᠎ᠠ ᠶᠢ ᠬᠥᠭᠵᠢᠭᠦᠯᠵᠦ᠂ ︽ | ᠠᠮᠢᠵᠢᠷᠠᠯ ᠤᠨ ᠬᠦᠴᠦᠨ ᠢ ᠬᠠᠩᠭᠠᠨ ᠪᠣᠷᠣᠯᠠᠭᠤᠯᠬᠤ︾ ᠶᠢ ᠪᠠᠶᠢᠭᠤᠯᠵᠤ᠂ ᠬᠤᠯᠪᠣᠭᠠᠲᠤ ᠬᠤᠷᠰᠢᠶ᠎ᠠ ᠶᠢᠨ | ᠵᠠᠰᠠᠯᠲᠠ ᠶᠢᠨ ᠲᠦᠪᠰᠢᠨ ᠪᠠ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ | ᠬᠤᠶᠠᠷ ᠲᠤ ᠦᠨᠳᠦᠰᠦᠨ ᠱᠠᠲᠤᠨ ᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠰᠢᠨᠵᠢ ᠴᠢᠨᠠᠷ ᠪᠠ ᠵᠣᠬᠢᠶᠠᠨ | ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ ᠭᠤᠷᠪᠠ ᠳᠤ᠂ | ᠦᠢᠯᠡᠴᠢᠯᠡᠭᠡᠨ ᠤ ᠲᠣᠭᠤᠷᠢᠨ ᠳᠤ ᠬᠤᠷᠰᠢᠶ᠎ᠠ ᠶᠢ ᠪᠠᠶᠢᠭᠤᠯᠵᠤ᠂ ︽ᠦᠢᠯᠡᠴᠢᠯᠡᠭᠡᠨ ᠤ ᠬᠠᠩᠭᠠᠨ ᠪᠣᠷᠣᠯᠠᠭᠤᠯᠭ᠎ᠠ︾ | ᠶᠢ ᠪᠣᠶ ᠪᠣᠯᠭᠠᠵᠤ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠬᠦᠷᠢᠶ᠎ᠡ ᠪᠠ ᠦᠢᠯᠡᠴᠢᠯᠡᠭᠡᠨ ᠤ ᠠᠷᠭ᠎ᠠ ᠬᠡᠯᠪᠡᠷᠢ ᠶᠢ | ᠲᠠᠰᠤᠷᠠᠯᠲᠠ ᠥᠬᠡᠶ ᠥᠷᠭᠡᠳᠬᠡᠬᠦ ᠬᠡᠷᠡᠭᠲᠡᠶ︔ ᠲᠦᠷᠪᠡ ᠳᠤ᠂ ᠴᠢᠳᠠᠪᠤᠷᠢᠲᠠᠨ ᠢᠶᠠᠷ ᠬᠤᠷᠰᠢᠶ᠎ᠠ ᠪᠠᠨ | ᠬᠦᠴᠦᠷᠬᠡᠭᠵᠢᠭᠦᠯᠵᠦ᠂ ︽ᠣᠭ ᠰᠠᠨᠠᠭ᠎ᠠ ᠪᠠᠨ ᠬᠠᠩᠭᠠᠨ ᠪᠣᠷᠣᠯᠠᠭᠤᠯᠬᠤ︾ ᠶᠢ ᠡᠭᠦᠳᠴᠦ᠂ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠥᠬᠡᠶ ᠪᠠᠲᠤ ᠴᠢᠩᠭ᠎ᠠ ᠴᠢᠳᠠᠪᠤᠷᠢᠲᠠᠨ ᠤ ᠪᠠᠲᠤᠯᠠᠭ᠎ᠠ | ᠬᠠᠩᠭᠠᠬᠤ ᠬᠡᠷᠡᠭᠲᠡᠢ︔ ᠲᠠᠪᠤ ᠳᠤ᠂ ᠬᠤᠷᠰᠢᠶ᠎ᠠ ᠶᠢ ᠴᠢᠩᠭ᠎ᠠ ᠵᠠᠰᠠᠬᠤ ᠶᠢᠨ ᠲᠣᠭᠤᠷᠢᠨ ᠳᠤ ᠥᠭᠡᠷᠡᠴᠢᠯᠡᠯᠲᠡ | ᠬᠥᠭᠵᠢᠯᠲᠡ ᠶᠢᠨ ᠦᠨᠳᠦᠰᠦ ᠪᠠ ᠰᠤᠷᠲᠠᠯ ᠤᠨ ᠪᠠᠲᠤᠯᠠᠭ᠎ᠠ ᠶᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠢ᠃ | | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠰᠢᠰᠲ᠋ᠧᠮ ᠤᠨ ᠥᠷᠭᠡᠨ | ᠣᠯᠠᠨ ᠺᠠᠳ᠋ᠷ ᠠᠵᠢᠯᠲᠠᠨ ᠠᠵᠢᠯᠴᠢᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ | ᠵᠠᠰᠠᠭ ᠤᠨ ᠣᠷᠳᠣᠨ ᠪᠣᠯᠤᠨ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ᠂ | ᠰᠢᠨᠲᠠᠷᠠᠰᠢ ᠥᠬᠡᠶ ᠠᠵᠢᠯᠯᠠᠵᠤ᠂ ᠠᠵᠠ ᠲᠣᠬᠢᠶᠠᠯ ᠢ ᠠᠮᠵᠢᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠰᠢᠨ᠎ᠡ ᠴᠠᠭ ᠦᠶ᠎ᠡ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠤᠨ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠨᠠᠩ ᠶᠡᠭᠡ ᠬᠦᠴᠦᠨ ᠴᠢᠳᠠᠯ ᠢᠶᠠᠨ | ᠡᠷᠭᠦᠬᠦ ᠬᠡᠷᠡᠭᠲᠡᠶ᠃ | | ᠬᠤᠷᠠᠯ ᠠᠴᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠬᠤᠯᠪᠣᠭᠠᠲᠤ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠪᠠ ︽ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ | ᠲᠦᠷᠢᠮ︾ ᠢ ᠬᠢᠨᠠᠨ ᠵᠥᠪᠯᠡᠵᠦ ᠪᠠᠲᠤᠯᠠᠭᠠᠳ᠂ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ ᠬᠢᠨᠠᠭᠴᠢᠳ ᠤᠨ | ᠵᠥᠪᠯᠡᠯ ᠤᠨ ᠬᠢᠨᠠᠯᠲᠠ ᠲᠠᠯᠪᠢᠭᠴᠢ ᠵᠢᠴᠢ ᠬᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ᠂ ᠳᠡᠳ᠋ ᠡᠷᠬᠢᠯᠡᠭᠴᠢ᠂ | ᠬᠢᠨᠠᠭᠴᠢᠳ ᠤᠨ ᠵᠥᠪᠯᠡᠯ ᠤᠨ ᠡᠷᠬᠢᠯᠡᠭᠴᠢ ᠶᠢ ᠰᠣᠩᠭᠤᠨ ᠭᠠᠷᠭᠠᠪᠠ᠃ | ᠶᠡᠭᠡ ᠬᠤᠷᠡᠯ ᠤᠨ ᠪᠡᠯᠡᠳᠭᠡᠯ ᠬᠤᠷᠡᠯ ᠤᠨ ᠲᠠᠷᠠᠭ᠎ᠠ᠂ ᠲᠣᠬᠠᠶᠢᠯᠬᠠᠰᠠᠨ ᠠᠵᠢᠯ ᠤᠨ ᠪᠤᠯᠪᠠᠰᠣᠷᠡᠭᠤᠯᠥᠯ ᠤᠨ | ᠬᠤᠷᠡᠯ ᠡᠷᠬᠢᠯᠡᠵᠦ᠂ ᠦᠨᠳᠣᠰᠣᠡ ᠱᠠᠳᠣᠨ ᠤ ᠬᠤᠷᠰᠢᠶ᠎ᠠ᠂ ᠨᠡᠭᠡᠭᠡᠯᠳᠡ ᠬᠢᠵᠦ ᠬᠤᠷᠰᠢᠶ᠎ᠠ ᠡᠷᠬᠢᠯᠡᠬᠦ ᠠᠵᠦ ᠠᠬᠤᠶᠢᠯᠠᠯ᠂ | ᠲᠣᠰᠬᠠᠢ ᠬᠤᠷᠰᠢᠶ᠎ᠠ ᠶᠢᠨ ᠬᠠᠷᠢᠭᠤᠴᠠᠯᠭᠠᠳᠡᠨ ᠳᠤ ᠪᠤᠯᠪᠠᠰᠣᠷᠡᠭᠤᠯᠥᠯ ᠤᠨ ᠠᠵᠢᠯᠯᠠᠭ᠎ᠠ ᠦᠷᠨᠢᠬᠦᠯᠥᠨ᠎ᠠ᠃ | | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |