ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2024 ᠣᠨ ᠤ ︽12 · 4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠵᠢᠴᠢ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/12/5
   12 ᠰᠠᠷ᠎ᠠ ᠶᠢᠨ 4 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2024 ᠣᠨ ᠤ ︽12 · 4︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠵᠢᠴᠢ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠹᠦ᠋ ᠵᠢᠶᠠᠨ᠂ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠲᠣᠪᠴᠢᠶ᠎ᠠ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠯᠠᠭᠠᠨᠮᠥ᠋ᠴᠢᠷ ᠤᠨ ᠲᠣᠭᠯᠠᠯᠲᠠ ᠭᠠᠷᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠨᠠᠰᠢ ᠴᠠᠰᠢ ᠥᠩᠭᠡᠷᠡᠬᠦ ᠰᠠᠭᠤᠭᠠᠯᠢ ᠠᠷᠠᠳ ᠲᠤ ᠦᠨᠳᠦᠰᠦᠨ ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠭᠤᠭᠠᠯᠢ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠬᠠᠤᠯᠢ ᠪᠠᠷ ᠵᠠᠰᠠᠬᠤ ᠦᠵᠡᠯᠲᠡ ᠶᠢ ᠪᠤᠢ ᠪᠣᠯᠭᠠᠵᠤ᠂ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠪᠠ᠃
   ᠹᠦ᠋ ᠵᠢᠶᠠᠨ ᠪᠠᠶᠠᠷ ᠤᠨ ᠦᠭᠡ ᠳᠡᠭᠡᠨ᠂ ᠤᠢᠢᠷ᠎ᠠ ᠶᠢᠨ ᠵᠢᠯ ᠠᠴᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠂ ᠡᠳᠡᠭᠡᠷ ᠪᠣᠯ ᠴᠥᠮ ᠦᠨᠳᠦᠰᠦᠨ ᠬᠠᠤᠯᠢ ᠶᠢᠨ ᠵᠣᠷᠢᠭ ᠰᠠᠨᠠᠭᠠᠨ ᠤ ᠳᠠᠭᠠᠭᠤᠯᠭ᠎ᠠ ᠳᠣᠣᠷᠠᠬᠢ ᠥᠭᠡᠷᠡᠴᠢᠯᠡᠯᠲᠡ ᠶᠢᠨ ᠦᠷ᠎ᠡ ᠪᠦᠲᠦᠭᠡᠯ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠯ ᠤᠨ ᠰᠡᠳᠬᠢᠬᠦᠢ ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠥᠭᠡᠷᠡᠴᠢᠯᠡᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠯᠤᠨ᠎ᠠ᠃ ᠡᠭᠦᠨ ᠤ ᠬᠠᠮᠲᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠦᠬᠦ ᠨᠡᠶᠢᠭᠡᠮ ᠤᠨ ᠬᠠᠮᠲᠤ ᠶᠢᠨ ᠵᠢᠷᠤᠮᠯᠠᠯ ᠪᠣᠯᠭᠠᠨ᠎ᠠ᠃    ᠲᠣᠰ ᠤᠳᠠᠭᠠᠨ ᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠨᠢ ᠰᠠᠭᠤᠭᠠᠯᠢ ᠠᠷᠠᠳ ᠤᠨ ᠦᠨᠳᠦᠰᠦᠨ ᠬᠠᠤᠯᠢ ᠶᠢᠨ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠬᠠᠤᠯᠢ ᠪᠠᠷ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠰᠠᠭᠤᠭᠠᠯᠢ ᠠᠷᠠᠳ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠬᠤ ᠪᠠᠷ ᠳᠠᠮᠵᠢᠨ᠂ ᠦᠨᠳᠦᠰᠦᠨ ᠬᠠᠤᠯᠢ ᠶᠢᠨ ᠴᠢᠬᠤᠯᠠ ᠴᠢᠨᠠᠷ ᠢ ᠨᠠᠩ ᠭᠦᠨᠵᠡᠭᠡᠶ ᠲᠠᠨᠢᠵᠤ᠂ ᠬᠤᠶᠢᠰᠢᠳᠠ ᠦᠨᠳᠦᠰᠦᠨ ᠬᠠᠤᠯᠢ ᠬᠠᠤᠯᠢ ᠴᠠᠭᠠᠵᠠ ᠶᠢ ᠤᠬᠠᠮᠰᠠᠷ ᠠᠴᠠ ᠪᠠᠨ ᠵᠢᠷᠤᠮᠯᠠᠵᠤ᠂ ᠬᠠᠤᠯᠢ ᠪᠠᠷ ᠵᠠᠰᠠᠬᠤ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ ᠭᠡᠵᠦ ᠢᠯᠡᠳᠬᠡᠵᠡᠭᠡᠪᠡ᠃                              ᠵᠣᠬᠢᠶᠠᠭᠴᠢ᠄ ᠴᠢ ᠷᠦᠢ ᠶᠢᠨ᠂ ᠸᠠᠩ ᡁᠢ ᠸᠧᠨ                              ᠤᠷᠴᠢᠭᠤᠯᠤᠭᠴᠢ᠄ ᠰᠤᠷᠤᠨ᠎ᠠ                              ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号