ᠸᠠᠩ ᠶᠦᠩ ᠹᠧᠩ ᠰᠢᠶᠠᠩ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/9
   12 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠸᠠᠩ ᠶᠦᠩ ᠹᠧᠩ ᠰᠢᠶᠠᠩ ᠪᠠᠯᠭᠠᠰᠤᠨ ᠤ ᠪᠠᠶᠠᠨᠴᠠᠭᠠᠨ ᠪᠠᠯᠭᠠᠰᠤᠨ ᠤ ᠰᠢᠶᠠ ᠵᠢᠶᠠᠩ ᠾᠧ ᠲᠣᠰᠬᠤᠨ ᠤ ᠠᠷᠠᠳ ᠤᠨ ᠵᠥᠪᠯᠡᠯ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ᠃
   ᠰᠢᠶᠠ ᠵᠢᠶᠠᠩ ᠾᠧ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠸᠠᠩ ᠶᠦᠩ ᠹᠧᠩ ᠡᠩ ᠲᠡᠷᠢᠭᠦᠨ ᠳᠤ ᠲᠣᠰᠬᠤᠨ ᠤ ︽ᠬᠤᠶᠠᠷ ᠵᠥᠪᠯᠡᠯ︾ ᠤᠨ ᠲᠥᠯᠥᠭᠡᠯᠡᠭᠴᠢ᠂ ᠲᠣᠰᠬᠤᠨ ᠳᠤ ᠰᠠᠭᠤᠭ᠎ᠠ ᠠᠵᠢᠯᠯᠠᠬᠤ ᠭᠡᠰᠢᠭᠦᠨ ᠲᠠᠢ ᠶᠠᠷᠢᠯᠴᠠᠨ ᠰᠣᠯᠢᠯᠴᠠᠵᠤ᠂ ᠠᠶᠢᠯ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠲᠣᠰᠬᠤᠨ ᠤ ᠶᠠᠪᠤᠳᠠᠯ ᠢ ᠢᠯᠡ ᠪᠣᠯᠭᠠᠭᠰᠠᠨ ᠵᠡᠷᠭᠡ ᠪᠠᠶᠢᠳᠠᠯ ᠢ ᠯᠠᠪᠯᠠᠨ ᠠᠰᠠᠭᠤᠬᠤ ᠶᠢᠨ ᠬᠠᠮᠲᠤ ᠮᠠᠯᠴᠢᠨ ᠲᠠᠷᠢᠶᠠᠴᠢᠨ ᠡᠷᠦᠬᠡ ᠶᠢᠨ 2024 ᠣᠨ ᠤ ᠭᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠬᠦ ᠬᠦᠰᠦᠨᠦᠭᠲᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠲᠣᠳᠣᠷᠬᠠᠶ ᠺᠠᠷᠲ ᠢ ᠨᠠᠷᠢᠨ ᠪᠠᠶᠢᠴᠠᠭᠠᠨ ᠦᠵᠡᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠪᠠᠶᠢᠳᠠᠯ ᠢ ᠣᠶᠢᠯᠠᠭᠠᠪᠠ᠃ ᠳᠠᠷᠠᠭ᠎ᠠ ᠨᠢ ᠡᠷᠦᠬᠡ ᠳᠤ ᠣᠷᠣᠵᠤ ᠰᠤᠷᠪᠤᠯᠵᠢᠯᠠᠬᠤ ᠳᠤᠮᠳᠠ᠂ ᠸᠠᠩ ᠶᠦᠩ ᠹᠧᠩ ᠲᠠᠷᠢᠶᠠᠴᠢᠨ ᠡᠷᠦᠬᠡ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠬᠡᠷ ᠪᠦᠯᠢ ᠶᠢᠨ ᠪᠠᠶᠢᠳᠠᠯ᠂ ᠠᠵᠤ ᠠᠬᠤᠶ ᠶᠢᠨ ᠣᠷᠣᠯᠭ᠎ᠠ ᠪᠠ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠠᠷᠢᠶᠠᠴᠢᠨ ᠡᠷᠦᠬᠡ ᠶᠢᠨ ᠬᠡᠷ ᠤᠨ ᠳᠤᠯᠠᠭᠠᠯᠠᠭ᠎ᠠ ᠶᠢᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠪᠡ᠃
   ᠸᠠᠩ ᠶᠦᠩ ᠹᠧᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠪᠣᠯ ᠡᠷᠬᠡᠪᠰᠢ ᠪᠠᠲᠤ ᠡᠭᠦᠷᠭᠡᠯᠡᠬᠦ ᠬᠡᠷᠡᠭᠲᠡᠢ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠨᠢᠭᠲᠠ ᠤᠶᠠᠯᠳᠤᠭᠤᠯᠵᠤ᠂ ᠬᠤᠯᠪᠣᠭᠳᠠᠯ ᠪᠦᠬᠦᠢ ᠬᠠᠪᠰᠤᠷᠤᠨ ᠲᠡᠳᠬᠦᠬᠦ ᠪᠡᠯᠡ ᠮᠥᠩᠭᠦ ᠪᠣᠯᠤᠨ ᠲᠦᠷᠦ ᠶᠢᠨ ᠪᠤᠳᠤᠯᠭ᠎ᠠ ᠶᠢ ᠭᠦᠢᠴᠡᠳ ᠪᠥᠭᠡᠳ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ︽ᠲᠤᠰᠢᠶᠠᠪᠠᠰᠤ ᠵᠣᠬᠢᠬᠤ ᠶᠢ ᠨᠢ ᠪᠦᠬᠦᠨ ᠢ ᠪᠠᠭᠲᠠᠭᠠᠵᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ︾ ᠶᠢ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠪᠣᠯᠤᠨ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠶᠢᠵᠢᠭᠤᠯᠵᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠠᠨ ᠲᠦᠮᠡᠨ ᠢ ᠲᠠᠶᠢᠴᠢᠯᠠᠨ ᠦᠷᠭᠦᠯᠵᠢᠯᠡᠨ ᠲᠣᠭᠲᠠᠭᠤᠨ ᠢᠶᠠᠷ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃ ᠡᠷᠦᠭᠡ ᠳᠤ ᠣᠷᠣᠵᠤ ᠰᠤᠷᠪᠤᠯᠵᠢᠯᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠣᠰᠬᠤᠨ ᠤ ᠪᠠᠶᠢᠳᠠᠯ ᠡᠷᠦᠬᠡ ᠶᠢᠨ ᠪᠠᠶᠢᠳᠠᠯ ᠢ ᠣᠨᠣᠪᠴᠢᠲᠠᠢ ᠡᠵᠡᠮᠰᠢᠵᠦ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠤᠯᠠᠨ ᠲᠦᠮᠡᠨ ᠤ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ ᠪᠣᠯᠤᠨ ᠠᠵᠢᠯ ᠤᠨ ᠮᠡᠳᠡᠷᠡᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃                                         ᠵᠣᠬᠢᠶᠠᠭᠴᠢ᠄ ᠶᠦᠨ ᠰᠢᠤᠢ ᠳ᠋ᠦᠩ                                    ᠤᠷᠴᠢᠭᠤᠯᠤᠭᠴᠢ᠄ ᠰᠤᠷᠤᠨ᠎ᠠ                                    ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号