ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/2/19
ᠵᠠᠰᠠᠭ ᠤᠨ ᠣᠷᠳᠣᠨ ᠤ ᠠᠵᠢᠯ ᠤᠨ ᠢᠯᠡᠳᠬᠡᠯ      — 2024 ᠣᠨ ᠤ 1 ᠰᠠᠷ᠎ᠠ ᠶᠢᠨ 25 ᠤ ᠡᠳᠦᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ‍ᠤ‌ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠭᠡᠷ᠎ᠡ ᠬᠤᠰᠢᠭᠤᠨ ᠳᠠᠷᠤᠭ᠎ᠠ ᠵᠠᠩ ᠵᠢᠶᠠᠨ ᠪᠢᠨᠲᠥᠯᠥᠭᠡᠯᠡᠭᠴᠢᠳ ᠠ᠋᠄      ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠭᠤᠷᠪᠠᠨ ᠵᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠡᠰᠡᠭ ᠬᠤᠭᠤᠴᠠᠭ᠎ᠠ ᠰᠢᠯᠵᠢᠭᠦᠯᠦᠭᠰᠡᠨ ᠤ ᠳᠠᠷᠠᠭᠠᠬᠢ ᠠᠵᠤ ᠠᠬᠤᠢ ᠶᠢ ᠰᠡᠷᠭᠦᠭᠡᠨ ᠬᠥᠭᠵᠢᠭᠦᠯᠬᠦ ᠠᠩᠬᠠᠨ ᠤ ᠵᠢᠯ ᠮᠥᠨ᠃ ᠨᠢᠭᠡ ᠵᠢᠯ ᠤᠨ ᠲᠤᠷᠰᠢ᠂ ᠪᠢᠳᠡ ᠶᠡᠷᠦᠩᠬᠡᠢ ᠱᠦᠵᠢ ᠰᠢ ᠶᠢᠨ ᠫᠢᠩ  ᠤ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷᠳᠡᠯ ᠤᠨ ᠳᠤᠮᠳᠠ ᠰᠡᠳᠦᠪ ᠢ ᠰᠢᠪᠲᠤᠯᠵᠤ᠂ ᠰᠥᠷᠭᠡᠦ ᠪᠠᠶᠢᠳᠠᠯ ᠤᠨ ᠳᠤᠮᠳᠠ ᠡᠷᠡᠯᠬᠡᠭᠯᠡᠨ ᠤᠷᠤᠭᠰᠢᠯᠠᠵᠤ᠂ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠮᠠᠰᠢ ᠤᠯᠠᠨ ᠪᠣᠳᠠᠲᠠᠢ ᠶᠠᠪᠤᠳᠠᠯ ᠢ ᠪᠦᠲᠦᠭᠡᠵᠦ᠂ ᠬᠦᠴᠢᠷ ᠤᠨ ᠳᠤᠮᠳᠠ ᠰᠢᠢᠳᠪᠦᠷᠢᠯᠡᠯᠲᠡ ᠲᠠᠢ᠂ ᠠᠵᠢᠯᠯᠠᠬᠤ ᠶᠢᠨ ᠳᠤᠮᠳᠠ ᠵᠢᠳᠬᠦᠯ ᠴᠢᠷᠮᠠᠶᠢᠯᠭ᠎ᠠ ᠲᠠᠢ᠂ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠭᠦᠨ ᠵᠤᠵᠠᠭᠠᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃      — ᠡᠨᠡ ᠨᠢᠭᠡ ᠵᠢᠯ ᠳᠤ᠂ ᠪᠢᠳᠡ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠡᠬᠢ ᠪᠤᠯᠠᠭ ᠲᠦᠷᠭᠡᠨ ᠢᠶᠠᠷ ᠬᠤᠷᠠᠮᠳᠤᠵᠠᠢ᠃ 24 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 24.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠯ ᠤᠨ ᠲᠥᠯᠥᠪᠯᠡᠭᠡ ᠠᠴᠠ 7.1 ᠳ᠋ᠦᠩᠰᠢᠭᠤᠷ ᠲᠥᠭᠦᠷᠢᠭ ᠳᠠᠪᠠᠪᠠ᠃ ᠲᠥᠪ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ 12 ᠲᠥᠷᠥᠯ ᠵᠦᠢᠯ ᠢ ᠴᠢᠷᠮᠠᠶᠢᠨ ᠣᠯᠵᠤ᠂ 8540 ᠲᠦᠮᠡᠨ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠤᠨ᠎ᠠ᠃ ᠪᠥᠬᠦ ᠵᠢᠯ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠢᠯ 80 ᠪᠠᠶᠢᠵᠤ᠂ ᠵᠢᠯ ᠤᠨ ᠲᠥᠯᠥᠪᠯᠡᠭᠡ ᠶᠢᠨ 106.7% ᠶᠢ ᠪᠡᠶᠡᠯᠡᠭᠦᠯᠵᠦ᠂ ᠣᠷᠣᠨ ᠤ ᠭᠠᠳᠠᠨᠠᠬᠢ ᠪᠣᠳᠠᠲᠠᠶᠢᠵᠢᠭᠤᠯᠤᠭᠰᠠᠨ ᠪᠡᠯᠡ ᠮᠥᠩᠭᠦ 13.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.7% ᠪᠠᠷ ᠨᠡᠮᠡᠭᠳᠡᠪᠡ᠃ ᠣᠳᠣᠬᠠᠨ ᠤ᠂ ᠠᠯᠤᠰ ᠢᠷᠡᠭᠡᠳᠦᠢ ᠳᠤ ᠠᠰᠢᠭ ᠲᠤᠰᠠ ᠬᠦᠷᠲᠡᠭᠡᠬᠦ‍ ᠨᠢᠭᠡ ᠪᠦᠯᠦᠭ ᠰᠠᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠵᠤ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 90.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 2% ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 3.81 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.6% ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.3% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 8.5% ᠨᠡᠮᠡᠭᠳᠡᠪᠡ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 5.6% ᠪᠠ 9% ᠪᠠᠷ ᠨᠡᠮᠡᠭᠳᠡᠵᠦ᠂ ᠠᠵᠤ ᠠᠬᠤᠢ ᠶᠢᠨ ᠠᠵᠢᠯᠯᠠᠭᠠᠨ ᠳᠤ ᠲᠣᠭᠲᠠᠭᠤᠨ ᠢᠶᠠᠷ ᠳᠡᠭᠡᠭᠰᠢᠯᠡᠵᠦ ᠰᠠᠶᠢᠵᠢᠷᠠᠬᠤ ᠪᠠᠶᠢᠳᠠᠯ ᠢᠯᠡᠷᠡᠪᠡ᠃      — ᠡᠨᠡ ᠨᠢᠭᠡ ᠵᠢᠯ ᠳᠤ᠂ ᠪᠢᠳᠡ ᠦᠨᠡᠨᠬᠦ ᠠᠳᠬᠤᠨ ᠪᠣᠳᠠᠲᠠᠢ ᠠᠵᠢᠯᠯᠠᠵᠤ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠵᠤ ᠦᠢᠯᠡᠰ ᠤᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠨᠡᠮᠡᠭᠳᠡᠯ ᠤᠨ ᠠᠮᠤ ᠪᠤᠳᠠᠭ᠎ᠠ ᠳᠠᠷᠢᠬᠤ ᠲᠠᠯᠠᠪᠠᠶ ᠶᠢ 58.2 ᠲᠦᠮᠡᠨ ᠮᠦ ᠳᠤ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ 2.3 ᠳ᠋ᠦᠩᠰᠢᠭᠤᠷ ᠵᠢᠩ ᠳᠤ ᠬᠦᠷᠦᠭᠦᠯᠵᠦ᠂ ᠲᠦᠷᠦᠭᠦᠸ ᠵᠢᠯ ᠤᠨ ᠬᠢ ᠠᠴᠠ 9.4% ᠪᠠᠷ ᠨᠡᠮᠡᠭᠳᠡᠭᠦᠯᠦᠨ᠎ᠡ᠃ ᠮᠢᠬᠠᠨ ᠤ ᠭᠠᠷᠤᠯᠲᠠ 4.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3% ᠨᠡᠮᠡᠭᠳᠡᠪᠡ︔ ᠰᠦᠨ ᠤ ᠭᠠᠷᠤᠯᠲᠠ 3.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1% ᠨᠡᠮᠡᠭᠳᠡᠵᠡᠢ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 86% ᠳᠤ ᠬᠦᠷᠦᠭᠦᠯᠵᠦ᠂ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠪᠢᠷᠠᠭᠤᠯᠬᠤ ᠨᠣᠷᠮ᠎ᠠ ᠶᠢ 74% ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ︽ᠡᠳ᠋ ᠬᠥᠷᠥᠩᠭᠡ ᠶᠢ ᠪᠠᠲᠤᠯᠠᠬᠤ︾ ᠵᠠᠭᠪᠤᠷ ᠢ ᠪᠥᠬᠦ ᠣᠷᠣᠨ ᠳᠤ ᠳᠡᠯᠭᠡᠷᠡᠭᠦᠯᠦᠨ᠎ᠡ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠬᠤᠲᠠ ᠳᠤ ᠦᠬᠡᠷ ᠬᠤᠨᠢᠨ ᠤ ᠲᠣᠭᠠᠨ ᠤ ᠠᠮᠢᠲᠠᠨ ᠤ ᠬᠢᠵᠢᠭ ᠢ ᠰᠡᠷᠭᠡᠶᠢᠯᠡᠬᠦ ᠴᠠᠭᠠᠰᠦ ᠦᠭᠡᠢ‌ᠬᠠᠮᠢᠶᠠᠷᠤᠯᠲᠠ ᠶᠢᠨ ᠰᠢᠰᠲ᠋ᠧᠮ ᠢ ᠡᠩ ᠲᠡᠷᠢᠭᠦᠨ ᠳᠤ ᠳᠡᠯᠭᠡᠷᠡᠭᠦᠯᠦᠨ ᠬᠡᠷᠡᠭᠯᠡᠪᠡ᠃ 70 ᠲᠠᠷᠢᠶᠠᠯᠠᠩ ᠤᠨ ᠣᠨᠴᠠ ᠭᠠᠷᠤᠯᠲᠠ ᠨᠢ ︽ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠳᠤ ᠰᠣᠩᠭᠤᠭᠳᠠᠨ ᠣᠷᠣᠵᠤ᠂ 9 ᠪᠣᠬᠢᠷᠲᠤᠯ ᠦᠭᠡᠢ ᠪᠦᠲᠦᠭᠡᠭᠳᠡᠬᠦᠨ ᠨᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ ᠣᠯᠪᠠ᠃ ᠸᠠᠩ ᠮᠦ ᠳᠠᠷᠢᠵᠤ ᠲᠡᠵᠢᠭᠡᠨ ᠦᠷᠡᠵᠢᠭᠦᠯᠬᠦ ᠬᠤᠷᠰᠢᠶ᠎ᠠ ᠥᠪᠡᠷᠲᠡᠭᠡᠨ ᠵᠠᠰᠠᠬᠤ ᠣᠷᠣᠨ ᠤ ︽ᠲᠠᠪᠤᠨ ᠣᠳᠣᠨ ᠲᠠᠰ︾ ᠤᠨ ᠨᠡᠶᠢᠲᠡᠯᠢᠭ ᠬᠤᠷᠰᠢᠶ᠎ᠠ ᠪᠠᠷ ᠦᠨᠡᠯᠡᠭᠳᠡᠪᠡ᠃ ︽ᠬᠤᠶᠢᠲᠤ ᠬᠤᠰᠢᠭᠤᠨ ᠤ ᠤᠯᠠᠭᠠᠨ ᠲᠥᠮᠥᠰᠥ︾ ᠲᠤᠯᠤᠭᠠᠨ ᠵᠢᠯ ᠳᠠᠷᠠᠭᠠᠯᠠᠨ ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠦᠵᠡᠰᠬᠦᠯᠡᠩ ᠤᠨ ᠠᠯᠲᠠᠨ ᠮᠧᠳᠠᠯ ᠢ ᠭᠥᠷᠳᠡᠪᠡ᠃      ᠠᠵᠤ ᠦᠢᠯᠡᠳᠪᠦᠷᠢ ᠶᠢᠨ ᠠᠵᠤ ᠦᠢᠯᠡᠰ ᠬᠡᠯᠪᠡᠷᠢ ᠪᠠᠨ ᠬᠤᠪᠢᠷᠠᠭᠤᠯᠪᠡ᠃  30 ᠠᠵᠤ ᠠᠬᠤᠶᠢᠯᠠᠯ ᠲᠣᠭᠠᠴᠢᠯᠠᠭᠰᠠᠨ ᠣᠨᠣᠰᠢᠯᠠᠯᠲᠠ ᠶᠢ ᠪᠡᠶᠡᠯᠡᠭᠦᠯᠵᠦ᠂ ᠴᠠᠬᠢᠯᠭᠠᠨ ᠴᠢᠯᠠᠭᠤᠨ ᠤ 4 ᠠᠵᠤ ᠠᠬᠤᠶᠢᠯᠠᠯ ᠵᠤᠤᠬ᠎ᠠ ᠶᠢᠨ ᠡᠮᠦᠨᠡᠬᠢ ᠮᠠᠰᠢᠨ ᠢᠶᠠᠷ ᠬᠥᠮᠥᠨ ᠰᠣᠯᠢᠬᠤ ᠶᠢ ᠪᠡᠶᠡᠯᠡᠭᠦᠯᠪᠡ᠃ ᠲᠦᠩ ᠬᠤᠢ ᠺᠠᠯᠢ ᠶᠢᠨ ᠪᠣᠷᠳᠣᠭᠤᠷ᠂ ᠱᠧᠩ ᠢᠦᠢ ᠬᠢᠮᠢ ᠶᠢᠨ ᠠᠵᠤ ᠦᠢᠯᠡᠳᠪᠦᠷᠢ ᠶᠢ ᠠᠮᠵᠢᠯᠲᠠ ᠲᠠᠢ ᠪᠠᠷ ᠠᠮᠢᠯᠠᠭᠤᠯᠪᠠ᠃ ᠺᠧᠮᠠ ᠺᠣᠮᠫᠠᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠨ ᠱᠠᠩᠨᠠᠯ ᠭᠥᠷᠳᠡᠵᠦ᠂ ᠮᠧᠩ ᠸᠧᠢ ᠺᠣᠮᠫᠠᠨᠢ ᠨᠢ ᠪᠥᠬᠦ ᠬᠤᠲᠠ ᠶᠢᠨ ᠠᠩᠬᠠᠳᠠᠭᠴᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠪᠣᠯᠤᠭᠰᠠᠨ ᠪᠠᠶᠢᠨ᠎ᠠ᠃ ᠪᠠᠢ ᠶᠠᠨ ᠬᠤ᠋ ᠬᠢᠮᠢ ᠶᠢᠨ ᠠᠵᠤ ᠦᠢᠯᠡᠳᠪᠦᠷᠢ᠂ ᠰᠢᠨ ᠶᠤᠸᠠᠨ ᠪᠠᠯ ᠴᠢᠯᠠᠭᠤᠨ ᠠᠯᠺᠧᠨ ᠬᠤᠶᠠᠷ ᠠᠵᠤ ᠠᠬᠤᠶᠢᠯᠠᠯ︽ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠬᠤ︾ᠬᠠᠮᠢᠶᠠᠷᠤᠯᠲᠠ ᠶᠢᠨ ᠰᠢᠰᠲ᠋ᠧᠮ ᠤᠨ A ᠳᠡᠰ ᠤᠨ ᠭᠡᠷᠡᠴᠢᠯᠡᠯᠲᠡ ᠪᠠᠷ ᠳᠠᠮᠵᠢᠭᠤᠯᠵᠤ᠂ ᠥᠪᠥᠷ ᠮᠣᠩᠭᠤᠯ ᠤᠨ ᠲᠢᠶᠠᠨ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠥᠪᠥᠷ ᠮᠣᠩᠭᠤᠯ ᠤᠨ︽ᠲᠤᠰᠬᠠᠢ ᠨᠠᠷᠢᠯᠢᠭ ᠣᠨᠴᠠ ᠰᠢᠨ᠎ᠡ︾ᠠᠵᠤ ᠠᠬᠤᠶᠢᠯᠠᠯ ᠤᠨ ᠨᠤᠲᠠᠯᠠᠯᠲᠠ ᠶᠢ ᠣᠯᠵᠤ᠂ 3 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠪᠠᠭ᠎ᠠ ᠠᠵᠤ ᠠᠬᠤᠶᠢᠯᠠᠯ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ︽ᠲᠤᠰᠬᠠᠢ ᠨᠠᠷᠢᠯᠢᠭ ᠣᠨᠴᠠ ᠰᠢᠨ᠎ᠡ︾ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠪᠠᠭ᠎ᠠ ᠠᠵᠤ ᠠᠬᠤᠶᠢᠯᠠᠯ ᠨᠡᠶᠢᠳᠡ 8 ᠪᠣᠯᠪᠠ᠃ ᠪᠥᠬᠦ ᠵᠢᠯ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ︵ᠬᠦᠷᠢᠶᠡᠯᠡᠩ ᠲᠣᠭᠤᠷᠢᠭ︶ ᠤᠨ ᠲᠤᠰᠬᠠᠢ ᠪᠡᠯᠡ ᠮᠥᠩᠭᠦ ᠶᠢ ᠨᠡᠶᠢᠲᠡ 3227.35 ᠲᠦᠮᠡᠨ ᠲᠥᠭᠦᠷᠢᠭ ᠭᠤᠶᠤᠴᠢᠯᠠᠨ ᠮᠡᠳᠡᠭᠦᠯᠵᠦ᠂ ᠪᠥᠬᠦ ᠬᠤᠲᠠ ᠶᠢᠨ 21% ᠶᠢ ᠡᠵᠡᠯᠡᠪᠡ᠃ ᠬᠦᠷᠢᠶᠡᠯᠡᠩ ᠲᠣᠭᠤᠷᠢᠭ ᠢ ᠳᠠᠬᠢᠨ ᠬᠢᠨᠠᠵᠤ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ  ᠶᠢ ᠬᠦᠴᠦᠯᠡᠨ ᠠᠬᠢᠭᠤᠯᠵᠤ᠂ 2.12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠶᠤᠨᠲᠤ ᠬᠦᠷᠢᠶᠡᠯᠡᠩ ᠲᠣᠭᠤᠷᠢᠭ᠂ ᠭᠠᠯ ᠤᠨᠲᠠᠷᠠᠭᠠᠬᠤ ᠥᠷᠲᠡᠭᠡ᠂ ᠠᠶᠤᠯ ᠲᠠᠢ ᠬᠢᠮᠢ ᠶᠢᠨ ᠠᠵᠤ ᠦᠢᠯᠡᠳᠪᠦᠷᠢ ᠶᠢᠨ ᠲᠡᠷᠭᠡ ᠵᠣᠭᠰᠣᠬᠤ ᠲᠠᠯᠠᠪᠠᠶ ᠵᠡᠷᠭᠡ ᠲᠥᠷᠥᠯ ᠵᠦᠢᠯ ᠢ ᠪᠠᠶᠢᠭᠤᠯᠵᠤ᠂ ᠲᠡᠮᠤᠷᠲᠠᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠡᠰᠡᠭ ᠲᠣᠭᠤᠷᠢᠭ  ᠨᠢ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 9 ᠲᠢᠩᠬᠢᠮ ᠲᠣᠪᠴᠢᠶ᠎ᠠ ᠶᠢᠨ ᠠᠮᠤᠷ ᠲᠦᠪᠰᠢᠨ ᠤ ᠲᠦᠭᠰᠢᠭᠦᠷᠢ ᠶᠢ ᠳᠠᠬᠢᠨ ᠬᠢᠨᠠᠵᠤ ᠦᠨᠡᠯᠡᠨ ᠵᠢᠱᠢᠬᠦ ᠶᠢ ᠤᠷᠤᠭᠰᠢᠲᠠᠢ ᠥᠩᠭᠡᠷᠡᠭᠡᠵᠦ᠂ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠢᠯᠵᠢᠯᠲᠡ ᠶᠢᠨ ᠭᠤᠣᠯᠳᠠᠯᠭ᠎ᠠ ᠲᠠᠢ ᠰᠢᠶᠠᠨ ᠤ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠦᠢᠯᠡᠴᠢᠯᠡᠭᠡ ᠶᠢᠨ ᠬᠢᠷᠢ ᠪᠦᠲᠦᠮᠵᠢ ᠨᠢ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠨᠢ ᠨᠠᠩ ᠲᠡᠭᠦᠯᠳᠡᠷᠵᠢᠵᠦ᠂ ᠲᠥᠷᠥᠯ ᠵᠦᠢᠯ ᠤᠨ ᠳᠠᠭᠠᠭᠠᠬᠤ ᠴᠢᠳᠠᠪᠤᠷᠢ ᠨᠢ ᠲᠠᠰᠤᠷᠠᠯᠲᠠ ᠦᠭᠡᠢ ᠳᠡᠭᠡᠭᠰᠢᠯᠡᠪᠡ᠃      ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ᠃ ᠡᠮᠦᠨᠡᠲᠦ ᠶᠢᠨ ᠵᠤᠭᠠᠴᠠᠭᠰᠠᠳ ᠤᠨ ᠦᠢᠯᠡᠴᠢᠯᠡᠭᠡᠨ ᠤ ᠲᠥᠪ ᠢ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠤᠯᠠᠭᠠᠨᠬᠠᠳᠠ ᠶᠢᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠲᠤ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ︽ᠪᠥᠬᠦ ᠤᠯᠤᠰ ᠤᠨ ᠣᠳᠣᠨ ᠲᠠᠰ ᠤᠨ ᠠᠮᠢ ᠠᠬᠤᠢ ᠶᠢᠨ ᠡᠷᠡᠭᠦᠯᠵᠢᠯ ᠤᠨ ᠰᠠᠭᠤᠷᠢᠨ ᠭᠠᠵᠠᠷ︾ ᠢ ᠭᠥᠷᠳᠡᠵᠦ᠂ ᠪᠥᠬᠦ ᠵᠢᠯ ᠳᠤ 200 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠦᠢᠯᠡᠰ ᠤᠨ 9% ᠪᠠᠷ ᠨᠡᠮᠡᠭᠳᠡᠬᠦ ᠶᠢ ᠳᠠᠶᠢᠴᠢᠯᠠᠨ᠂ GDP ᠶᠢᠨ 0.55 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ᠃ ᠲᠠᠪᠤᠨ ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠨᠡᠶᠢᠭᠡᠮ ᠤᠨ ᠪᠡᠯᠡ ᠣᠷᠣᠭᠤᠯᠤᠯᠲᠠ ᠶᠢ ᠳᠠᠶᠢᠴᠢᠯᠠᠨ 2.3 ᠳ᠋ᠦᠩᠰᠢᠭᠤᠷ ᠲᠥᠭᠦᠷᠢᠭ ᠤᠨ ᠠᠷᠠᠳ ᠤᠨ ᠣᠷᠣᠨ ᠰᠠᠭᠤᠴᠠ ᠶᠢ ᠪᠦᠲᠦᠭᠡᠨ ᠪᠠᠶᠢᠭᠤᠯᠵᠤ᠂ ᠠᠷᠠᠳ ᠤᠨ ᠣᠷᠣᠨ ᠰᠠᠭᠤᠴᠠ ᠶᠢᠨ ᠶᠡᠷᠦᠩᠬᠡᠢ ᠬᠡᠮᠵᠢᠶ᠎ᠡ ᠶᠢ ᠵᠢᠯ ᠤᠨ ᠡᠬᠢᠨ ᠳᠤ 34 ᠪᠠᠶᠢᠭᠰᠠᠨ ᠠᠴᠠ 103 ᠪᠣᠯᠭᠠᠨ ᠨᠡᠮᠡᠭᠳᠡᠭᠦᠯᠵᠦ᠂ 1 ᠬᠥᠬᠡ ᠲᠠᠰ ᠤᠨ ᠠᠷᠠᠳ ᠤᠨ ᠣᠷᠣᠨ ᠰᠠᠭᠤᠴᠠ᠂ 9 ᠤᠯᠠᠭᠠᠨ ᠲᠠᠰ ᠤᠨ ᠠᠷᠠᠳ ᠤᠨ ᠣᠷᠣᠨ ᠰᠠᠭᠤᠴᠠ ᠶᠢ ᠠᠮᠵᠢᠯᠲᠠ ᠲᠠᠢ ᠪᠠᠷ ᠦᠨᠡᠯᠡᠨ ᠲᠣᠭᠲᠠᠭᠠᠵᠤ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠪᠠ᠃ ᠬᠥᠳᠡᠭᠡ ᠲᠣᠰᠬᠤᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠦᠷᠭᠡᠨ ᠬᠦᠷᠭᠡᠯᠲᠡ ᠶᠢᠨ ᠪᠠᠭᠤᠷᠠᠯᠲᠠ ᠶᠢᠨ ᠬᠠᠭᠤᠳᠠᠰᠤ ᠶᠢ 67 ᠲᠦᠮᠡᠨ ᠬᠤᠪᠢ ᠪᠣᠯᠭᠠᠵᠤ᠂ 70% ᠪᠠᠷ ᠨᠡᠮᠡᠭᠳᠡᠭᠦᠯᠦᠨ᠂ ᠳᠡᠭᠡᠭᠰᠢ ᠶᠠᠪᠤᠭᠤᠯᠬᠤ ᠬᠠᠭᠤᠳᠠᠰᠤ ᠶᠢ 1.8 ᠲᠦᠮᠡᠨ ᠬᠤᠪᠢ ᠠᠴᠠ ᠳᠠᠪᠠᠭᠤᠯᠵᠤ᠂ 20% ᠪᠠᠷ ᠨᠡᠮᠡᠭᠳᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 1.58 ᠳ᠋ᠦᠩᠰᠢᠭᠤᠷ ᠲᠥᠭᠦᠷᠢᠭ ᠲᠤ ᠬᠦᠷᠴᠦ᠂ 61% ᠪᠠᠷ ᠨᠡᠮᠡᠭᠳᠡᠪᠡ᠃ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ 3300 ᠲᠦᠮᠡᠨ ᠲᠥᠭᠦᠷᠢᠭ ᠲᠤ ᠬᠦᠷᠴᠦ᠂ 79% ᠪᠠᠷ ᠨᠡᠮᠡᠭᠳᠡᠪᠡ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠬᠦ ᠲᠤᠭ᠎ᠠ 6620 ᠲᠦᠮᠡᠨ ᠳ᠋ᠣᠯᠯᠠᠷ ᠲᠤ ᠬᠦᠷᠴᠦ᠂ 152.86% ᠪᠠᠷ ᠨᠡᠮᠡᠭᠳᠡᠪᠡ᠃      — ᠡᠨᠡ ᠨᠢᠭᠡ ᠵᠢᠯ ᠳᠤ᠂ ᠪᠢᠳᠡ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠠᠮᠢ ᠠᠬᠤᠢ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠥᠩᠭᠡ ᠶᠢ ᠨᠡᠩ ᠢᠯᠡ ᠲᠣᠳᠣ ᠪᠣᠯᠭᠠᠵᠠᠢ᠃ ᠣᠷᠴᠢᠨ ᠠᠬᠤᠢ ᠶᠢᠨ ᠴᠢᠨᠠᠷ ᠴᠢᠨᠰᠠᠭ᠎ᠠ ᠲᠠᠰᠤᠷᠠᠯᠲᠠ ᠦᠭᠡᠢ ᠰᠠᠶᠢᠵᠢᠷᠠᠪᠠ᠃ ᠬᠤᠲᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠰᠠᠶᠢᠨ ᠡᠳᠦᠷ ᠤᠨ ᠲᠤᠭ᠎ᠠ ᠶᠢ 286 ᠡᠳᠦᠷ ᠲᠤ ᠬᠦᠷᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ 71% ᠳᠤ ᠬᠦᠷᠦᠭᠦᠯᠵᠦ᠂ 3 ᠪᠠᠶᠢᠭᠤᠯᠤᠯᠲᠠᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠪᠠᠶᠢᠭᠤᠯᠤᠨ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠲᠠᠷᠢᠶᠠᠨ ᠡᠮ᠂ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠵᠤᠵᠠᠭᠠᠨ ᠰᠦᠯᠢᠶᠥᠦ ᠪᠦᠷᠬᠦᠪᠴᠢ ᠶᠢ ᠳᠡᠯᠭᠡᠷᠡᠭᠦᠯᠦᠨ ᠬᠡᠷᠡᠭᠯᠡᠵᠦ᠂ ᠪᠥᠬᠦ ᠠᠮᠢᠳᠤ ᠪᠣᠳᠠᠰ ᠤᠨ ᠵᠠᠳᠠᠷᠠᠭᠤᠯᠤᠨ ᠵᠠᠳᠠᠷᠠᠭᠤᠯᠬᠤ ᠰᠦᠯᠢᠶᠥᠦ ᠪᠦᠷᠬᠦᠪᠴᠢ ᠶᠢ 10 ᠲᠦᠮᠡᠨ ᠮᠦ ᠳᠡᠯᠭᠡᠷᠡᠭᠦᠯᠦᠨ ᠬᠡᠷᠡᠭᠯᠡᠵᠦ᠂ ᠰᠦᠯᠢᠶᠥᠦ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢ 85.5% ᠳᠤ ᠬᠦᠷᠦᠭᠦᠯᠵᠦ᠂ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ᠂ ᠪᠣᠬᠢᠷᠲᠤᠭᠰᠠᠨ ᠲᠠᠷᠢᠶᠠᠨ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ ᠶᠢ ᠴᠥᠮ 100% ᠳᠤ ᠬᠦᠷᠦᠭᠦᠯᠬᠦ ᠶᠢ ᠪᠠᠲᠤᠯᠠᠪᠠ᠃      ᠠᠮᠢ ᠠᠬᠤᠢ ᠶᠢᠨ ᠰᠡᠷᠭᠦᠭᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠭᠤᠣᠯ ᠮᠥᠷᠡᠨ᠂ ᠨᠠᠭᠤᠷ ᠴᠥᠭᠦᠷᠥᠮ ᠤᠨ ᠡᠷᠡᠭᠦᠯ ᠮᠡᠨᠳᠦ ᠶᠢᠨ ᠦᠨᠡᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠪᠡ᠃ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠠᠭᠠᠯᠠᠵᠤ ᠰᠡᠷᠭᠦᠭᠡᠬᠦ 9.89 ᠲᠦᠮᠡᠨ ᠮᠦ ᠶᠢ ᠳᠠᠪᠠᠭᠤᠯᠤᠨ ᠪᠡᠶᠡᠯᠡᠭᠦᠯᠵᠦ᠂ ᠨᠢᠮᠪᠡᠭᠡ ᠪᠠᠷ ᠳᠠᠷᠢᠬᠤ᠂ ᠲᠡᠭᠰᠢᠯᠡᠨ ᠳᠠᠷᠢᠬᠤ 9.55 ᠲᠦᠮᠡᠨ ᠮᠦ ᠶᠢ ᠳᠠᠪᠠᠭᠤᠯᠤᠨ ᠪᠡᠶᠡᠯᠡᠭᠦᠯᠵᠦ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ 12 ᠾᠧᠺᠲ᠋ᠠᠷ ᠪᠡᠶᠡᠯᠡᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠶᠡᠷᠦᠩᠬᠡᠢ ᠪᠦᠷᠬᠦᠴᠡ 41.44% ᠬᠦᠷᠴᠦ᠂ ᠳᠡᠭᠡᠷ᠎ᠡ ᠵᠢᠯ ᠤᠨ  ᠬᠢ ᠠᠴᠠ 1.2 ᠵᠠᠭᠤᠨ ᠤ ᠨᠢᠭᠡᠴᠢ ᠳᠡᠭᠡᠭᠰᠢᠯᠡᠪᠡ᠃      ᠡᠬᠢ ᠪᠠᠶᠠᠯᠢᠭ ᠤᠨ ᠠᠰᠢᠭᠯᠠᠯᠲᠠ ᠶᠢ ᠨᠡᠩ ᠡᠷᠴᠢᠮᠵᠢᠭᠦᠯᠦᠨ᠎ᠡ᠃ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠴᠢᠩᠭ᠎ᠠ ᠬᠢᠵᠠᠭᠠᠷᠯᠠᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠤᠰᠤ ᠬᠡᠷᠡᠭᠯᠡᠬᠦ ᠬᠡᠮᠵᠢᠶ᠎ᠡ ᠶᠢ 15 ᠺᠦᠪ ᠮᠧᠲᠷ ᠠᠴᠠ ᠳᠣᠷᠣᠭᠰᠢ ᠪᠠᠶᠢᠯᠭᠠᠵᠤ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠶᠠᠪᠤᠳᠠᠯ ᠢ ᠪᠦᠬᠦᠨ ᠢ ᠤᠯᠤᠰ ᠤᠨ ᠱᠠᠭᠠᠷᠳᠠᠯᠭ᠎ᠠ ᠳᠤ ᠨᠡᠶᠢᠴᠡᠭᠦᠯᠵᠦ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠬᠢᠨ ᠥᠪᠡᠷᠲᠡᠭᠡᠨ ᠵᠠᠰᠠᠬᠤ ᠣᠷᠣᠨ ᠤ ᠠᠩᠬ᠎ᠠ ᠤᠳᠠᠭᠠᠨ ᠤ ᠰᠢᠯᠭᠠᠯᠲᠠ ᠶᠢ ᠪᠡᠶᠡᠯᠡᠭᠦᠯᠬᠦ ᠬᠡᠷᠡᠭᠲᠡᠶ᠃ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠤᠰᠤ ᠴᠠᠬᠢᠯᠭᠠᠨ ᠤ ᠬᠤᠤᠰ ᠡᠵᠡᠮᠳᠡᠯ ᠤᠨ ᠣᠶᠤᠨᠴᠢ ᠬᠡᠮᠵᠢᠯᠲᠡ ᠶᠢᠨ ᠪᠡᠯᠡᠳᠬᠡᠮᠵᠢ ᠶᠢ 2220 ᠤᠭᠰᠠᠷᠠᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ ᠶᠢ ᠥᠩᠭᠡᠷᠡᠭᠡᠪᠡ      — ᠡᠨᠡ ᠨᠢᠭᠡ ᠵᠢᠯ ᠳᠤ᠂ ᠪᠢᠳᠡ ᠡᠷᠡᠮᠡᠬᠡᠶᠢᠯᠡᠨ ᠤᠷᠤᠭᠰᠢᠯᠠᠵᠤ᠂ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠨᠡᠩ ᠬᠦᠴᠦᠷᠬᠡᠭ ᠶᠡᠭᠡ ᠪᠣᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠪᠥᠬᠦ ᠲᠠᠯ᠎ᠠ ᠪᠠᠷ ᠠᠬᠢᠭᠤᠯᠵᠤ᠂ ︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠠᠵᠢᠯ ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ᠂ ᠮᠠᠲ᠋ᠧᠷᠢᠶᠠᠯ᠂ ᠭᠤᠭᠴᠤᠭ᠎ᠠ ᠶᠢ ᠲᠣᠰ ᠲᠣᠰ 36%᠂ 49% ᠪᠠ 37% ᠪᠠᠷ ᠪᠠᠭᠠᠰᠬᠠᠵᠤ᠂ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠳᠤ ᠨᠠᠩ ᠳᠥᠭᠦᠮ ᠳᠥᠲᠡ ᠪᠣᠯᠭᠠᠪᠠ᠃ ᠪᠥᠬᠦ ᠵᠢᠯ ᠳᠤ 2.2 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ 1301 ᠡᠷᠦᠬᠡ ᠰᠢᠨ᠎ᠡ ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 54% ᠨᠡᠮᠡᠭᠳᠡᠪᠡ᠃ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠦᠬᠦ ᠬᠤᠲᠠ ᠳᠤ ᠬᠤᠶᠠᠳᠤᠭᠠᠷ ᠲᠤ ᠣᠷᠣᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠢᠷᠢ ᠪᠦᠲᠦᠮᠵᠢ ᠶᠢ ᠪᠦᠬᠦ ᠣᠷᠣᠨ ᠤ ᠠᠮᠢ ᠠᠬᠤᠢ ᠶᠢᠨ ᠴᠢᠳᠠᠮᠵᠢ ᠶᠢᠨ ᠲᠥᠷᠥᠯ ᠤᠨ ᠬᠤᠰᠢᠭᠤ ᠰᠢᠶᠠᠨ ᠤ ᠵᠢᠷᠭᠤᠳᠤᠭᠠᠷ ᠲᠤ ᠵᠢᠭᠰᠠᠭᠠᠭᠳᠠᠪᠠ᠃      ᠡᠯᠧᠮᠧᠨ᠋ᠲ ᠤᠨ ᠪᠠᠲᠤᠯᠠᠭ᠎ᠠ ᠢᠯᠡᠳᠲᠡ ᠴᠢᠩᠭᠠᠷᠠᠪᠠ᠃ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ᠂ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠵᠦ ᠰᠢᠩᠭᠡᠭᠡᠬᠦ ᠡᠭᠦᠷᠭᠡ ᠶᠢ ᠪᠦᠬᠦᠨ ᠢ ᠪᠡᠶᠡᠯᠡᠭᠦᠯᠵᠦ᠂ ᠴᠢᠬᠤᠯᠠ ᠶᠡᠭᠡ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢᠨ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠪᠡ᠃ 41 ︽ᠬᠤᠭᠤᠰᠤᠨ ᠲᠣᠰᠬᠤᠨ︾ ᠢ ᠨᠤᠷᠠᠭᠠᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ︽ᠨᠡᠮᠡᠭᠳᠡᠯ ᠬᠠᠰᠤᠭᠳᠠᠯ ᠢ ᠬᠤᠯᠪᠣᠬᠤ︾ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠮᠤᠵᠢ ᠠᠯᠤᠰᠯᠠᠨ ᠠᠷᠠᠯᠵᠢᠶᠠᠯᠠᠬᠤ ᠡᠭᠦᠷᠭᠡ ᠶᠢ 336 ᠮᠦ ᠪᠡᠶᠡᠯᠡᠭᠦᠯᠵᠦ ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠢ 1 ᠳ᠋ᠦᠩᠰᠢᠭᠤᠷ ᠲᠥᠭᠦᠷᠢᠭ ᠳᠠᠶᠢᠴᠢᠯᠠᠪᠠ᠃      — ᠡᠨᠡ ᠨᠢᠭᠡ ᠵᠢᠯ ᠳᠤ᠂ ᠪᠢᠳᠡ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠲᠠᠭᠤᠳᠠᠯ ᠪᠠᠭᠤᠷᠠᠢ ᠲᠠᠯ᠎ᠠ ᠶᠢ ᠲᠦᠷᠭᠡᠨ ᠨᠥᠬᠦᠪᠦᠷᠢᠯᠡᠪᠡ᠃ ᠬᠤᠲᠠ ᠪᠠᠯᠭᠠᠰᠤᠨ ᠤ ᠪᠦᠲᠦᠭᠡᠨ ᠪᠠᠢᠭᠤᠯᠤᠯᠲᠠ ᠦᠷᠭᠦᠯᠵᠢᠯᠡᠨ ᠰᠢᠨᠡᠴᠢᠯᠡᠭᠳᠡᠪᠡ᠃ 8 ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ᠂ 440 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠥᠭᠡᠷᠡᠴᠢᠯᠡᠨ ᠲᠡᠰ ᠳᠡᠪᠰᠢᠭᠦᠯᠵᠦ᠂ 8.4 ᠲᠦᠮᠡᠨ ᠲᠡᠭᠰᠢ ᠳᠥᠷᠪᠡᠯᠵᠢᠨ ᠮᠧᠲᠷ ᠤᠨ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠤᠷᠮ᠎ᠠ ᠨᠢ ᠴᠥᠮ ᠪᠦᠬᠦ ᠬᠤᠳᠠ ᠳᠤ ᠨᠢᠭᠡᠳᠦᠭᠡᠷ ᠲᠤ ᠣᠷᠣᠪᠠ᠃ 316 ᠡᠷᠦᠬᠡ ᠶᠢᠨ ᠪᠠᠶᠢᠰᠢᠩ ᠭᠡᠷ ᠤᠨ ᠲᠣᠭᠤᠷᠢᠭ ᠤᠨ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ 3200 ᠡᠷᠦᠬᠡ ᠶᠢᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠳᠤ ᠠᠰᠢᠭ ᠬᠦᠷᠲᠡᠭᠡᠪᠡ᠃ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠵᠠᠮ ᠳᠡᠭᠡᠷ᠎ᠡ 2.3 ᠲᠦᠮᠡᠨ ᠲᠡᠭᠰᠢ ᠳᠥᠷᠪᠡᠯᠵᠢᠨ ᠮᠧᠲᠷ ᠤᠨ ᠲᠣᠰᠣ ᠳᠡᠪᠢᠰᠴᠦ᠂ 4.8 ᠲᠦᠮᠡᠨ ᠲᠡᠭᠰᠢ ᠳᠥᠷᠪᠡᠯᠵᠢᠨ ᠮᠧᠲᠷ ᠤᠨ ᠶᠠᠪᠠᠭᠠᠨ ᠬᠥᠮᠥᠨ ᠤ ᠵᠠᠮ ᠢ ᠰᠡᠯᠪᠢᠨ ᠵᠠᠰᠠᠵᠤ ᠰᠢᠨᠡᠳᠬᠡᠪᠡ᠃ 14 ᠢᠯᠴᠢ ᠰᠣᠯᠢᠯᠴᠠᠬᠤ ᠦᠷᠳᠡᠭᠡ ᠶᠢ ᠰᠢᠨ᠎ᠡ ᠪᠠᠷ ᠪᠠᠶᠢᠭᠤᠯᠵᠤ᠂ 32 ᠺᠢᠯᠣᠮᠧᠲᠷ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠵᠦ᠂ 324 ᠨᠡᠭᠡᠯᠡᠭᠡᠢ ᠶᠢ ᠰᠢᠨᠡᠳᠬᠡᠪᠡ᠃ ᠬᠤᠲᠠ ᠶᠢᠨ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢᠨ ᠲᠣᠣᠷ ᠢ 20 ᠺᠢᠯᠣᠮᠧᠲᠷ ᠰᠢᠨ᠎ᠡ ᠪᠠᠷ ᠪᠠᠶᠢᠭᠤᠯᠵᠤ᠂ ᠤᠰᠤᠨ ᠤ ᠬᠡᠮᠵᠢᠭᠦᠷ ᠢ 1.8 ᠲᠦᠮᠡᠨ ᠬᠡᠰᠡᠭ ᠤᠭᠰᠠᠷᠠᠪᠠ᠃ ᠨᠡᠶᠢᠲᠡ ᠶᠢᠨ ᠲᠡᠷᠭᠡ ᠵᠣᠭᠰᠤᠭᠠᠬᠤ ᠪᠠᠶᠢᠷᠢ ᠶᠢ 700 ᠭᠠᠷᠤᠢ ᠰᠢᠨ᠎ᠡ ᠪᠠᠷ ᠨᠡᠮᠡᠭᠳᠡᠭᠦᠯᠵᠦ᠂ ᠶᠠᠪᠠᠭᠠᠨ ᠬᠥᠮᠥᠨ ᠤ ᠵᠠᠮ ᠤᠨ ᠵᠠᠮ ᠬᠠᠷᠢᠯᠴᠠᠭᠠᠨ ᠤ ᠳᠤᠬᠢᠶᠠᠨ ᠳ᠋ᠧᠩ ᠢ 11 ᠭᠠᠵᠠᠷ 44 ᠰᠠᠭᠤᠷᠢ ᠤᠭᠰᠠᠷᠠᠵᠤ᠂ ᠲᠦᠷᠦᠯ ᠬᠤᠪᠢᠶᠠᠭᠰᠠᠨ ᠬᠤᠭ ᠨᠣᠪᠰᠢ ᠶᠢᠨ ᠰᠠᠪᠠ ᠶᠢ 350 ᠲᠠᠯᠪᠢᠬᠤ ᠳᠤ ᠣᠷᠣᠭᠤᠯᠵᠤ᠂ ᠬᠤᠳᠠ ᠶᠢᠨ ᠳᠦᠷᠰᠦ ᠪᠠᠶᠢᠳᠠᠯ ᠤᠨ ᠣᠨ ᠤ ᠰᠢᠯᠭᠠᠨ ᠦᠨᠡᠯᠡᠯᠲᠡ ᠶᠢ ᠪᠦᠬᠦ ᠬᠤᠳᠠ ᠳᠤ ᠭᠤᠷᠪᠠᠳᠤᠭᠠᠷ ᠲᠤ ᠣᠷᠣᠭᠤᠯᠪᠠ᠃      ᠬᠥᠳᠡᠭᠡ ᠲᠣᠰᠬᠤᠨ ᠤ ᠣᠷᠴᠢᠨ ᠨᠥᠬᠦᠴᠡᠯ ᠨᠡᠩ ᠢᠯᠡᠭᠦᠦ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠯᠪᠠ᠃ 1946 ᠡᠷᠦᠬᠡ ᠶᠢᠨ ᠨᠠᠰᠤᠵᠢᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ 882 ᠡᠷᠦᠬᠡ ᠶᠢ ᠥᠭᠡᠷᠡᠴᠢᠯᠡᠨ ᠳᠡᠭᠡᠭᠰᠢᠯᠡᠭᠦᠯᠵᠦ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ 9000 ᠭᠠᠷᠤᠢ ᠡᠷᠦᠬᠡ ᠶᠢᠨ ᠰᠢᠲᠠᠭᠠᠯᠭ᠎ᠠ ᠶᠢᠨ ᠨᠡᠭᠦᠷᠡᠰᠦᠨ ᠤ ᠰᠤᠯᠠ ᠰᠢᠲᠠᠭᠠᠯᠭ᠎ᠠ ᠶᠢᠨ ᠵᠠᠰᠠᠯᠲᠠ ᠶᠢ ᠪᠡᠶᠡᠯᠡᠭᠦᠯᠵᠦ᠂ 3055 ᠡᠷᠦᠬᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ 471 ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠪᠠ᠃ ᠭᠤᠸ ᠵᠢᠶᠠ ᠳ᠋ᠢ᠂ ᠹᠧᠩ ᠢᠦᠢ ᠵᠡᠷᠭᠡ 12 ᠭᠠᠴᠠᠭ᠎ᠠ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠪᠠᠶᠢᠭᠤᠯᠤᠨ ᠳᠠᠭᠤᠰᠬᠠᠵᠤ᠂ ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤᠨ ᠤ ᠲᠦᠭᠡᠮᠡᠯᠵᠢᠭᠰᠡᠨ ᠨᠣᠷᠮ᠎ᠠ 91% ᠳᠤ ᠬᠦᠷᠴᠦ᠂ ᠤᠤᠭᠤᠬᠤ ᠤᠰᠤᠨ ᠤ ᠠᠮᠤᠷ ᠲᠦᠪᠰᠢᠨ ᠨᠠᠩ ᠪᠠᠲᠤᠯᠠᠭ᠎ᠠ ᠲᠠᠢ ᠪᠣᠯᠪᠠ᠃ ᠪᠠᠶᠢᠭᠠᠯᠢ ᠶᠢᠨ ᠲᠣᠰᠬᠤᠨ ᠳᠤ ᠬᠠᠲᠠᠭᠤᠷᠠᠭᠤᠯᠤᠭᠰᠠᠨ ᠵᠠᠰᠠᠮᠠᠯ ᠵᠠᠮ ᠢ 15 ᠵᠤᠷᠪᠤᠰ 82.3 ᠺᠢᠯᠣᠮᠧᠲᠷ ᠳᠡᠪᠢᠰᠴᠦ᠂ ᠬᠥᠳᠡᠭᠡ ᠲᠣᠰᠬᠤᠨ ᠤ ᠵᠠᠰᠠᠮᠠᠯ ᠵᠠᠮ ᠢ 99.7 ᠺᠢᠯᠣᠮᠧᠲᠷ ᠠᠷᠠᠴᠢᠯᠠᠨ ᠬᠠᠮᠠᠭᠠᠯᠠᠵᠤ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ 31 ᠠᠰᠢᠭᠯᠠᠯᠲᠠ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠦᠷᠦᠭᠦᠸ ᠪᠦᠯᠦᠭ ᠤᠨ ︽ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠨᠢᠭᠡᠴᠡ ᠳᠤ ᠠᠮᠵᠢᠯᠲᠠ ᠲᠠᠢ ᠪᠠᠷ ᠰᠣᠩᠭᠤᠭᠳᠠᠪᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠢ ᠠᠬᠢᠭᠤᠯᠪᠠ᠃ 1.73 ᠳ᠋ᠦᠩᠰᠢᠭᠤᠷ ᠲᠥᠭᠦᠷᠢᠭ ᠣᠷᠣᠭᠤᠯᠵᠤ᠂ 36 ᠪᠡᠯᠡ ᠮᠥᠩᠭᠦ ᠶᠢ ᠵᠣᠯᠭᠠᠭᠤᠯᠵᠤ᠂ 14 ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠨᠢ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠪᠠᠷᠤᠭ 5 ᠵᠠᠭᠤᠨ ᠤ ᠨᠢᠭᠡᠴᠢ ᠥᠨᠳᠥᠷ ᠪᠣᠯᠪᠠ᠃ ᠲᠤᠯᠤᠭᠠᠨᠬᠤᠳᠳᠤᠭ ᠰᠤᠮᠤᠨ ᠤ ᠴᠠᠭᠠᠨ ᠨᠠᠭᠤᠷ ᠪᠥᠬᠦ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠨᠡᠶᠢᠲᠡᠯᠢᠭ ᠥᠯᠢᠭᠡᠷ ᠳᠠᠭᠤᠷᠢᠶᠠᠯ ᠲᠣᠰᠬᠤᠨ ᠳᠤ ᠠᠮᠵᠢᠯᠲᠠ ᠲᠠᠢ ᠪᠠᠷ ᠰᠣᠩᠭᠤᠭᠳᠠᠪᠠ      — ᠡᠨᠡ ᠨᠢᠭᠡ ᠵᠢᠯ ᠳᠤ᠂ ᠪᠢᠳᠡ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠪᠠᠷ ᠡᠳ᠋ᠯᠡᠬᠦ ᠦᠷ᠎ᠡ ᠪᠦᠲᠦᠭᠡᠯ ᠬᠥᠮᠥᠰ ᠤᠨ ᠰᠡᠳᠬᠢᠯ ᠢ ᠨᠡᠩ ᠳᠤᠯᠠᠭᠠᠴᠠᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢ ᠨᠡᠩ ᠲᠦᠭᠡᠮᠡᠯ ᠬᠠᠷᠠᠭᠠᠯᠵᠠᠨ᠎ᠠ᠃ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 15.45 ᠲᠦᠮᠡ ᠳᠤ ᠬᠦᠷᠴᠦ᠂ ᠨᠡᠶᠢᠲᠡ 2.35 ᠳ᠋ᠦᠩᠰᠢᠭᠤᠷ ᠲᠥᠭᠦᠷᠢᠭ ᠨᠢᠭᠡᠳᠦᠯᠲᠡᠢ ᠲᠥᠯᠥᠪᠯᠡᠨ ᠥᠭᠴᠦ᠂ ᠪᠥᠬᠦ ᠵᠢᠯ ᠤᠨ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠭᠰᠠᠨ ᠳᠤᠮᠳᠠᠴᠢ ᠨᠣᠷᠮ᠎ᠠ 82% ᠬᠦᠷᠴᠦ᠂ ᠥᠪᠡᠷᠲᠡᠭᠡᠨ ᠵᠠᠰᠠᠬᠤ ᠣᠷᠣᠨ ᠤ ᠵᠢᠱᠢᠭᠰᠡᠨ ᠭᠦᠢᠴᠡᠳᠬᠡᠯ ᠲᠤᠭ᠎ᠠ ᠠᠴᠠ ᠥᠨᠳᠥᠷ ᠪᠣᠯᠪᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠵᠡᠮᠳᠡᠭ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 3.75 ᠳ᠋ᠦᠩᠰᠢᠭᠤᠷ ᠲᠥᠭᠦᠷᠢᠭ ᠲᠠᠷᠬᠠᠭᠠᠪᠠ᠃ ᠮᠠᠯᠵᠢᠬᠤ ᠲᠠᠷᠢᠶᠠᠯᠠᠬᠤ ᠣᠷᠣᠨ ᠤ ᠡᠮᠡᠭᠲᠡᠶᠢᠴᠦᠳ ᠤᠨ ︽ᠬᠤᠶᠠᠷ ᠥᠮᠡᠨ︾ ᠢ ᠰᠦᠢᠳᠬᠡᠯ ᠬᠤᠷᠢᠶᠠᠬᠤ ᠦᠭᠡᠢ ᠪᠠᠷ 1 ᠲᠦᠮᠡ ᠭᠠᠷᠤᠢ ᠬᠥᠮᠥᠨ ᠢ ᠰᠢᠭᠰᠢᠨ ᠪᠠᠶᠢᠴᠠᠭᠠᠬᠤ ᠶᠢ ᠪᠡᠶᠡᠯᠡᠭᠦᠯᠪᠡ᠃ 4.38 ᠲᠦᠮᠡᠨ ᠬᠥᠮᠥᠨ ᠳᠤ ︽ᠾᠦᠢ ᠮᠧᠩ ᠪᠦᠦ︾ ᠬᠤᠳᠠᠯᠳᠤᠭᠠᠨ ᠤ ᠳᠠᠭᠠᠳᠬᠠᠯ ᠤᠨ ᠠᠵᠢᠯ ᠬᠢᠵᠦ᠂ ᠣᠯᠠᠨ ᠲᠦᠮᠡᠨ ᠤ ᠡᠮᠴᠢᠯᠡᠭᠡᠨ ᠤ ᠲᠠᠩᠰᠠ ᠲᠠᠶᠢᠯᠬᠤ ᠶᠢ ᠨᠠᠩ ᠪᠠᠲᠤᠯᠠᠭ᠎ᠠ ᠲᠠᠢ ᠪᠣᠯᠭᠠᠪᠠ᠃      ᠨᠡᠶᠢᠭᠡᠮ ᠤᠨ ᠦᠢᠯᠡᠰ ᠵᠣᠬᠢᠴᠠᠩᠭᠤᠢ ᠪᠠᠷ ᠬᠥᠭᠵᠢᠪᠡ᠃ ᠰᠤᠷᠭᠠᠭᠤᠯᠢ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠠᠨᠠᠷ ᠤᠨ ᠦᠷ᠎ᠡ ᠶᠢᠨ ᠰᠤᠷᠭᠠᠭᠤᠯᠢ ᠶᠢᠨ ᠭᠤᠣᠯ ᠴᠣᠭᠴᠠ ᠶᠢᠨ ᠠᠵᠢᠯ ᠳᠠᠭᠤᠰᠴᠤ᠂ ᠬᠤᠰᠢᠭᠤᠨ ᠤ ᠬᠡᠦᠬᠡᠳ ᠤᠨ ᠴᠡᠴᠡᠷᠯᠢᠭ ᠤᠨ ᠡᠮᠦᠨ᠎ᠡ ᠬᠦᠷᠢᠶᠡᠯᠡᠩ ᠤᠨ ᠠᠵᠢᠯ ᠳᠠᠭᠤᠰᠴᠤ ᠰᠢᠯᠭᠠᠨ ᠬᠤᠷᠢᠶᠠᠨ᠎ᠠ᠃ ᠨᠡᠶᠢᠲᠡ 283 ᠵᠠᠯᠠᠭᠤ ᠪᠠᠭᠰᠢ ᠶᠢ ᠨᠥᠬᠦᠪᠦᠷᠢᠯᠡᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠪᠠᠭᠰᠢ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠬᠤᠳᠠ ᠪᠠᠯᠭᠠᠰᠤᠨ ᠤ 1442 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠪᠠ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠪᠡᠯᠡ ᠮᠥᠩᠭᠦ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 2625 ᠲᠣᠬᠢᠷᠠᠭᠤᠯᠵᠤ᠂ ᠮᠠᠯᠴᠢᠨ ᠲᠠᠷᠢᠶᠠᠴᠢᠨ ᠢ ᠭᠡᠷ ᠤᠨ ᠡᠭᠦᠳᠡᠨ ᠳᠤᠨᠢ ᠣᠶᠢᠷ᠎ᠠ ᠬᠠᠪᠢ ᠳᠤᠨᠢ ᠠᠵᠢᠯ ᠣᠯᠭᠤᠨ᠎ᠠ᠃ 3000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ ᠡᠮᠴᠢᠯᠡᠭᠡᠨ ᠤ ᠲᠥᠬᠦᠭᠡᠷᠦᠮᠵᠢ ᠶᠢ ᠰᠢᠨᠡᠴᠢᠯᠡᠨ ᠲᠠᠰ ᠳᠡᠪᠰᠢᠭᠦᠯᠵᠦ᠂ 17 ᠡᠮᠴᠢᠯᠡᠭᠡᠨ ᠤ ᠮᠡᠷᠭᠡᠵᠢᠯ ᠤᠨ ᠠᠵᠢᠯᠲᠠᠨ ᠢ ᠢᠯᠡ ᠪᠠᠷ ᠤᠷᠢᠨ ᠬᠡᠷᠡᠭᠯᠡᠵᠦ᠂ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠠᠰᠠᠷ᠂ ᠬᠠᠯᠳᠠᠪᠤᠷᠢᠲᠤ ᠡᠪᠡᠳᠴᠢᠨ ᠤ ᠠᠰᠠᠷ ᠢ ᠤᠳᠠᠯ ᠦᠭᠡᠢ ᠠᠰᠢᠭᠯᠠᠯᠲᠠ ᠳᠤ ᠣᠷᠣᠭᠤᠯᠵᠤ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠢᠨᠵᠧᠨᠧᠷᠢᠩ ᠤᠨ ᠭᠤᠣᠯ ᠴᠣᠭᠴᠠ ᠶᠢᠨ ᠠᠵᠢᠯ ᠳᠠᠭᠤᠰᠴᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠠᠩᠬᠠᠳᠤᠭᠠᠷ ᠬᠤᠭᠤᠴᠠᠭᠠᠨ ᠤ ︽ᠭᠠᠯᠲᠤ ᠠᠭᠤᠯᠠ ᠶᠢᠨ ᠪᠣᠯᠵᠤᠭ᠎ᠠ︾ ᠶᠢᠨ ᠪᠢᠰᠢᠯᠠᠭ ᠤᠨ ᠰᠣᠶᠣᠯ ᠤᠨ ᠨᠠᠶᠢᠷ ᠢ ᠠᠮᠵᠢᠯᠲᠠ ᠲᠠᠢ ᠪᠠᠷ ᠡᠷᠬᠢᠯᠡᠪᠡ᠃ ᠠᠷᠠᠳ ᠨᠡᠶᠢᠲᠡ ᠶᠢᠨ ᠤᠷᠠᠯᠢᠭ ᠢ ᠲᠦᠭᠡᠮᠡᠯᠵᠢᠭᠦᠯᠬᠦ ᠪᠠ ᠡᠯ᠎ᠡ ᠲᠥᠷᠥᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠤᠭᠠᠯ ᠳᠠᠭᠤᠤ ᠬᠥᠭᠵᠢᠮᠲᠦ ᠵᠦᠴᠦᠭᠡ ︽ᠠᠷᠠᠳ ᠤᠨ ᠥᠯᠢᠭᠡᠷ ᠳᠠᠭᠤᠷᠢᠶᠠᠯ ᠲᠦᠭᠦ᠋ᠮ᠎ᠠ︾ ᠨᠢ ᠥᠪᠥᠷ ᠮᠣᠩᠭᠤᠯ ᠤᠨ ᠬᠤᠷᠢᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠢᠯᠢᠳᠡᠭ ᠵᠦᠴᠦᠭᠡ ᠳᠤ ᠰᠣᠩᠭᠤᠭᠳᠠᠨ ᠣᠷᠣᠵᠤ᠂ ᠲᠧᠯᠸᠢᠰ ︽ᠵᠢᠵᠢᠭ ᠬᠤᠲᠠ ᠶᠢᠨ ᠥᠯᠢᠭᠡᠷ︾ ᠨᠢ ᠤᠯᠠᠭᠠᠨᠴᠠᠪ ᠬᠤᠲᠠ ᠶᠢᠨ ᠶᠢᠰᠦᠳᠦᠭᠡᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ︾ ᠶᠢᠨ ᠢᠨᠵᠧᠨᠧᠷᠢᠩ ᠤᠨ ᠪᠦᠲᠦᠭᠡᠯ ᠤᠨ ᠱᠠᠩᠨᠠᠯ ᠢ ᠭᠥᠷᠳᠡᠪᠡ᠃ ᠰᠥᠨᠢ ᠶᠢᠨ ᠰᠢᠩᠭᠡᠯᠢᠭ ᠮᠠᠶ᠋ᠢᠭ ᠤᠨ ᠰᠠᠭᠰᠤᠨ ᠪᠥᠮᠪᠦᠭᠡ ᠶᠢᠨ ᠲᠠᠯᠠᠪᠠᠢ᠂ ᠬᠥᠯ ᠪᠥᠮᠪᠦᠭᠡ ᠶᠢᠨ ᠲᠠᠯᠠᠪᠠᠢ ᠶᠢ 3 ᠰᠢᠨ᠎ᠡ ᠪᠠᠷ ᠨᠡᠮᠡᠭᠳᠡᠭᠦᠯᠵᠦ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠣᠷᠴᠢᠨ ᠨᠥᠬᠦᠴᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠪᠠ᠃ ᠬᠤᠰᠢᠭᠤᠨ ᠤ ᠣᠷᠣᠰᠢᠭᠤᠯᠭ᠎ᠠ ᠶᠢᠨ ᠭᠠᠵᠠᠷ ᠢ ᠪᠠᠶᠢᠭᠤᠯᠤᠨ ᠡᠵᠡᠩᠨᠡᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠳᠤ ᠰᠢᠨ᠎ᠡ ᠰᠢᠪᠲᠤᠯᠤᠯᠲᠠ ᠲᠠᠢ ᠪᠣᠯᠪᠠ᠃      ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ︾  ᠤᠨ ᠬᠠᠲᠠᠭᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠭᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ 2906 ᠠᠰᠠᠭᠤᠳᠠᠯ ᠤᠨ ᠭᠡᠮ ᠰᠣᠭᠤᠭ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ︽ᠲᠣᠭᠤᠭ᠎ᠠ ᠪᠠᠨ ᠪᠠᠯᠪᠠᠴᠢᠵᠤ ᠲᠡᠮᠦᠷ ᠢᠶᠠᠨ ᠬᠤᠳᠠᠯᠳᠤᠵᠤ︾ ᠪᠠᠶᠢᠭᠠᠳ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠵᠤ᠂ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠪᠠ ᠡᠷᠡᠭᠦᠯ ᠪᠤᠰᠤ ᠵᠢᠭᠡᠯᠡᠯᠭᠡ ᠶᠢᠨ ᠨᠤᠷᠮ᠎ᠠ ᠶᠢ ︽ᠬᠤᠶᠠᠷ ᠲᠠᠯ᠎ᠠ ᠪᠠᠷ ᠪᠠᠭᠤᠷᠠᠭᠤᠯᠬᠤ︾ ᠶᠢ ᠪᠡᠶᠡᠯᠡᠭᠦᠯᠪᠡ᠃ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠣᠯᠠᠨ ᠡᠰᠢᠲᠦ ᠲᠥᠪ ᠢ ᠪᠠᠶᠢᠭᠤᠯᠤᠨ ᠠᠵᠢᠯᠯᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠨᠢᠭᠡ ᠪᠦᠯᠦᠭ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠲᠣᠬᠢᠲᠠᠢ ᠰᠢᠢᠳᠪᠦᠷᠢᠯᠡᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠲᠤᠰᠢᠶᠠᠨ ᠰᠢᠢᠳᠪᠦᠷᠢᠯᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠨᠣᠷᠮ᠎ᠠ 100% ᠳᠤ ᠬᠦᠷᠴᠦ᠂ ᠪᠠᠶᠠᠨᠴᠠᠭᠠᠨ ᠪᠠᠯᠭᠠᠰᠤᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠡᠶᠡᠳᠡᠭᠦᠯᠦᠨ ᠰᠢᠢᠳᠪᠦᠷᠢᠯᠡᠬᠦ ᠲᠥᠪ ᠢ ᠪᠥᠬᠦ ᠣᠷᠣᠨ ᠤ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠦᠨᠡᠯᠡᠪᠡ᠃ ᠪᠦᠬᠦ ᠵᠢᠯ ᠤᠨ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠮᠵᠢᠶ᠎ᠡ᠂ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠬᠡᠮᠵᠢᠶ᠎ᠡ ᠶᠢ ᠪᠦᠬᠦ ᠬᠤᠳᠠ ᠶᠢᠨ ᠬᠠᠮᠤᠭ ᠤᠨ ᠳᠣᠣᠷ᠎ᠠ ᠬᠡᠮᠵᠢᠶᠡᠨ ᠳᠤ ᠪᠠᠶᠢᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠪᠣᠯᠪᠠ᠃      ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ᠂ ᠪᠢᠳᠡ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠺᠠᠳ᠋ᠷ ᠢ ᠠᠬᠢᠭᠤᠯᠬᠤ ᠲᠠᠯ᠎ᠠ ᠪᠠᠷ ᠰᠢᠨ᠎ᠡ ᠪᠣᠳᠠᠲᠤ ᠦᠷ᠎ᠡ ᠪᠦᠲᠦᠮᠵᠢ ᠣᠯᠵᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ  ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 131 ᠬᠤᠪᠢ ᠰᠠᠨᠠᠯ ᠵᠥᠪᠯᠡᠯᠭᠡ ᠶᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ᠂ ᠰᠡᠳᠬᠢᠯ ᠬᠠᠨᠤᠮᠵᠢᠲᠠᠶ ᠪᠠᠶᠢᠬᠤ ᠨᠤᠷᠮ᠎ᠠ ᠶᠢ 100% ᠵᠠᠰᠠᠭ ᠤᠨ ᠣᠷᠳᠣᠨ ᠤ ᠪᠡᠯᠡ ᠣᠷᠣᠭᠤᠯᠤᠯᠲᠠ᠂ ᠬᠤᠳᠠᠯᠳᠤᠨ ᠠᠪᠬᠤ ᠬᠠᠮᠢᠶᠠᠷᠤᠯᠲᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠲᠤ ᠬᠠᠮᠲᠤ ᠶᠢᠨ ᠰᠢᠢᠳᠪᠦᠷᠢᠲᠦ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠮᠵᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠪᠠ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠡᠮᠬᠢ ᠵᠢᠷᠤᠮ ᠲᠠᠢ ᠥᠷᠨᠢᠭᠦᠯᠵᠦ᠂ ᠠᠵᠤ ᠠᠬᠤᠢ ᠶᠢᠨ ︽ᠪᠡᠶ᠎ᠡ ᠶᠢᠨ ᠪᠠᠶᠢᠴᠠᠭᠠᠯᠲᠠ︾ ᠶᠢ ᠪᠠᠶᠢᠩᠭᠤᠵᠢᠭᠤᠯᠤᠨ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠲᠣᠳᠣᠷᠬᠠᠢ ᠣᠶᠢᠯᠠᠭᠠᠪᠠ᠃      ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠤᠨ ᠠᠯᠪᠠᠨ ᠠᠴᠠ ᠪᠠᠭᠤᠭᠰᠠᠳ᠂ ᠬᠤᠶᠠᠷ ᠢ ᠬᠦᠷᠢᠶᠡᠯᠡᠨ ᠬᠠᠷᠠᠭᠠᠯᠵᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢᠳᠡᠪᠬᠢᠲᠡᠢ ᠠᠬᠢᠴᠠ ᠲᠠᠢ ᠪᠣᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠶᠠᠪᠤᠳᠠᠯ ᠯᠠᠪᠳᠠᠭᠤᠨ ᠢᠶᠠᠷ ᠠᠬᠢᠪᠠ᠃ ᠰᠣᠨᠢᠨ ᠮᠡᠳᠡᠭᠡ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠪᠠᠶᠢᠭᠤᠯᠭ᠎ᠠ ᠶᠢᠨ ᠬᠡᠷᠡᠭ ᠶᠠᠪᠤᠳᠠᠯ᠂ ᠲᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ᠂ ᠴᠠᠭ ᠠᠭᠤᠷ ᠭᠠᠵᠠᠷ ᠬᠥᠳᠡᠯᠦᠯᠲᠡ ᠵᠡᠷᠭᠡ ᠦᠢᠯᠡᠰ ᠰᠢᠨ᠎ᠡ ᠦᠷ᠎ᠡ ᠪᠦᠲᠦᠮᠵᠢ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠢᠨ ᠤ ᠬᠤᠯᠪᠣᠭᠠᠲᠤ ᠬᠤᠷᠠᠯ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠦᠢᠯᠡᠰ ᠰᠢᠨ᠎ᠡ ᠬᠥᠭᠵᠢᠯᠲᠡ ᠲᠠᠢ ᠪᠣᠯᠪᠠ᠃      ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ᠂ ᠠᠶᠤᠯ ᠲᠦᠭᠰᠢᠭᠦᠷᠢ ᠪᠠ ᠥᠷᠢᠰᠦᠯᠳᠦᠭᠡᠨ ᠢᠯᠡᠳᠲᠡ ᠳᠡᠭᠡᠭᠰᠢᠯᠡᠵᠦ᠂ ᠬᠠᠭᠤᠴᠢᠨ ᠠᠰᠠᠭᠤᠳᠠᠯ ᠪᠠ ᠰᠢᠨ᠎ᠡ ᠵᠥᠷᠢᠴᠡᠯ ᠰᠣᠯᠪᠢᠴᠠᠨ ᠳᠠᠪᠬᠤᠴᠠᠭᠰᠠᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠪᠢᠳᠡ ᠢᠮᠠᠭᠲᠠ ᠤᠯᠠᠨ ᠲᠦᠮᠡᠨ ᠤ ᠬᠠᠮᠤᠭ ᠠᠴᠠ ᠠᠩᠬᠠᠷᠴᠤ ᠬᠠᠯᠠᠮᠵᠢᠯᠠᠵᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠷᠤᠯᠲᠠ ᠶᠢ ᠲᠤᠯᠵᠤ᠂ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠨᠢᠭᠡ ᠪᠦᠯᠦᠭ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠵᠦ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠲᠦᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠢᠲᠡᠭᠡᠯ ᠢ ᠣᠯᠵᠤ᠂ ᠠᠷᠠᠳ ᠤᠯᠠᠨ ᠤ ᠵᠥᠪᠰᠢᠶᠡᠷᠡᠯ ᠢ ᠣᠯᠣᠭᠰᠠᠨ ᠪᠠᠶᠢᠨ᠎ᠠ︕ ᠳᠤᠯᠠᠭᠠᠯᠭ᠎ᠠ ᠶᠢᠨ ᠬᠦᠴᠢᠷ ᠠᠰᠠᠭᠤᠳᠠᠯ ᠳᠤ ᠬᠠᠨᠳᠤᠭᠤᠯᠤᠨ᠂ ᠪᠢᠳᠡ ᠣᠯᠠᠨ ᠲᠠᠯ᠎ᠠ ᠪᠠᠷ ᠰᠢᠨᠵᠢᠯᠡᠨ ᠪᠠᠶᠢᠴᠠᠭᠠᠵᠤ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ᠂ ᠱᠠᠨ ᠰᠢ ᠶᠢᠨ ᠤᠯᠤᠰ ᠤᠨ ᠥᠮᠴᠢᠯᠡᠯ ᠤᠨ ᠪᠦᠯᠦᠭᠯᠡᠯ ᠺᠣᠮᠫᠠᠨᠢ ᠶᠢ ᠣᠷᠣᠭᠤᠯᠤᠨ ᠠᠪᠴᠢᠷᠠᠵᠤ᠂ 5.3 ᠳᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠵᠦ᠂ 1500 ᠭᠠᠷᠤᠢ ᠬᠥᠮᠥᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠴᠢᠷᠮᠠᠶᠢᠨ ᠠᠵᠢᠯᠯᠠᠵᠤ᠂ ᠠᠵᠢᠯ ᠤᠨ ᠠᠬᠢᠴᠠ ᠶᠢ ᠠᠮᠵᠢᠨ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ᠂ 4 ᠰᠠᠷ᠎ᠠ ᠶᠢᠨ 26 ᠤ ᠡᠳᠦᠷ ᠠᠴᠠ ᠡᠬᠢᠯᠡᠨ ᠪᠠᠶᠢᠭᠤᠯᠵᠤ᠂ 10 ᠰᠠᠷ᠎ᠠ ᠶᠢᠨ 11 ᠤ ᠡᠳᠦᠷ ᠠᠴᠠ ᠡᠬᠢᠯᠡᠨ ᠠᠵᠢᠯᠯᠠᠭᠤᠯᠤᠨ᠂ ᠳᠤᠯᠠᠭᠠᠯᠭ᠎ᠠ ᠶᠢ ᠲᠥᠪᠯᠡᠷᠡᠭᠦᠯᠦᠨ ᠬᠠᠩᠭᠠᠬᠤ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠬᠤᠶᠢᠲᠤ ᠬᠤᠰᠢᠭᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠰᠢᠨᠡᠳᠬᠡᠪᠡ᠃ 60 ᠭᠠᠷᠤᠢ ᠲᠤᠰᠬᠠᠢ ᠮᠡᠷᠭᠡᠵᠢᠯ ᠤᠨ ᠳᠤᠯᠠᠭᠠᠮᠵᠢ ᠶᠢᠨ ᠰᠡᠯᠪᠢᠨ ᠵᠠᠰᠠᠬᠤ ᠠᠵᠢᠯᠲᠠᠨ ᠢ ᠳᠤᠭᠤᠶᠢᠯᠠᠩ ᠰᠣᠩᠭᠤᠨ ᠭᠠᠷᠭᠠᠵᠤ᠂ ᠭᠡᠷ ᠲᠤᠨᠢ ᠬᠦᠷᠴᠦ ᠢᠯᠴᠢ ᠬᠠᠩᠭᠠᠬᠤ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ ᠢᠯᠴᠢ ᠬᠠᠩᠭᠠᠬᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ ᠂ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠪᠠ᠃ ᠤᠰᠤ ᠬᠠᠩᠭᠠᠬᠤ ᠬᠦᠴᠢᠷ ᠠᠰᠠᠭᠤᠳᠠᠯ ᠤᠨ ᠡᠮᠦᠨ᠎ᠡ᠂ ᠪᠢᠳᠡ ᠤᠯᠠᠨ ᠲᠠᠯ᠎ᠠ ᠠᠴᠠ 7500 ᠲᠦᠮᠡᠨ ᠲᠥᠭᠦᠷᠢᠭ ᠤᠨ ᠪᠡᠯᠡ ᠮᠥᠩᠭᠦ ᠣᠯᠵᠤ᠂ ᠲᠦᠭᠡᠭᠡᠯ ᠤᠰᠤᠨ ᠤ ᠬᠤᠭᠤᠯᠠᠢ ᠶᠢᠨ ᠲᠣᠣᠷ ᠪᠣᠯᠣᠨ ᠬᠠᠮᠢᠶ᠎ᠠ ᠪᠦᠬᠦᠢ ᠢᠵᠢ ᠪᠦᠷᠢᠳᠦᠭᠰᠡᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠳᠤ ᠬᠡᠷᠡᠭᠯᠡᠵᠦ᠂ ᠬᠤᠶᠠᠳᠤᠭᠠᠷ ᠤᠰᠤᠨ ᠰᠤᠷᠪᠤᠯᠵᠢ ᠶᠢᠨ ᠭᠠᠵᠠᠷ ᠤᠨ ᠬᠠᠶᠢᠨ ᠪᠠᠶᠢᠴᠠᠭᠠᠯᠲᠠ ᠶᠢ ᠵᠡᠷᠭᠡᠪᠡᠷ ᠡᠬᠢᠯᠡᠭᠦᠯᠵᠦ᠂ ᠬᠤᠳᠠ ᠶᠢᠨ ᠲᠣᠭᠤᠷᠢᠭ ᠤᠨ ᠠᠷᠠᠳ ᠢᠷᠭᠡᠳ ᠤᠨ ᠢᠳᠡᠬᠦ ᠤᠰᠤᠨ ᠤ ᠬᠦᠴᠢᠷᠳᠡᠯ ᠢ ᠪᠦᠲᠦᠮᠵᠢᠲᠡᠢ ᠰᠢᠢᠳᠪᠦᠷᠢᠯᠡᠪᠡ᠃ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠤᠨ ᠡᠮᠦᠨ᠎ᠡ᠂ ᠪᠢᠳᠡ ᠲᠡᠦᠬᠡ ᠶᠢ ᠬᠦᠨᠳᠦᠳᠬᠡᠵᠦ᠂ ᠪᠣᠳᠠᠲᠤ ᠪᠠᠶᠢᠳᠠᠯ ᠳᠤ ᠬᠠᠨᠳᠤᠵᠤ᠂ ᠵᠠᠭᠤ ᠰᠢᠬᠠᠮ ᠠᠵᠢᠯᠲᠠᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠪᠤᠴᠠᠵᠤ ᠨᠡᠭᠦᠬᠦ ᠳᠤ ᠬᠦᠴᠢᠷᠲᠡᠢ ᠪᠠᠶᠢᠬᠤ ᠵᠡᠷᠭᠡ ᠬᠠᠮᠲᠤᠯᠢᠭ ᠤᠨ ᠴᠢᠨᠠᠷᠲᠠᠢ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠲᠣᠬᠢᠲᠠᠢ ᠰᠢᠢᠳᠪᠦᠷᠢᠯᠡᠵᠦ᠂ ᠤᠯᠠᠨ ᠲᠦᠮᠡᠨ ᠤ ᠠᠰᠢᠭ ᠲᠤᠰᠠ ᠶᠢ ᠤᠯᠠᠮ ᠨᠢᠭᠡ ᠠᠯᠬᠤᠮ ᠪᠠᠲᠤᠯᠠᠪᠠ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠡᠮᠦᠨ᠎ᠡ᠂ ᠪᠢᠳᠡ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠢᠳᠡᠪᠬᠢᠲᠡᠢ ᠪᠠᠷ ᠬᠠᠷᠢᠭᠤ ᠥᠭᠴᠦ᠂ ᠨᠠᠷᠢᠨ ᠬᠢᠨᠠᠮᠠᠭᠠᠢ ᠰᠢᠢᠳᠪᠦᠷᠢᠯᠡᠵᠦ᠂ ᠪᠦᠬᠦ ᠵᠢᠯ ᠳᠤ ᠤᠯᠠᠨ ᠲᠦᠮᠡᠨ ᠪᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠡᠶᠢᠳᠡ 7258 ᠬᠤᠪᠢ ᠬᠦᠯᠢᠶᠡᠨ ᠠᠪᠴᠤ ᠰᠢᠢᠳᠪᠦᠷᠢᠯᠡᠨ᠂ ᠨᠢᠭᠡ ᠪᠦᠯᠦᠭ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠦᠷᠭᠦᠯᠵᠢᠯᠡᠨ ᠪᠦᠬᠦ ᠬᠤᠳᠠ ᠶᠢᠨ ᠨᠢᠭᠡᠳᠦᠭᠡᠷ ᠲᠤ ᠲᠣᠭᠲᠠᠪᠤᠷᠢᠵᠢᠪᠠ᠃      ᠲᠥᠯᠥᠭᠡᠯᠡᠭᠴᠢᠳ ᠡ᠂ ᠲᠩᠷᠢ ᠭᠠᠵᠠᠷ ᠤᠨ ᠥᠩᠭᠡ ᠦᠵᠡᠮᠵᠢ ᠪᠦᠷᠢᠳᠦᠭᠰᠡᠨ᠂ ᠬᠥᠮᠦᠨ ᠤ ᠶᠢᠷᠲᠢᠨᠴᠦ ᠶᠢᠨ ᠲᠦᠮᠡᠨ ᠬᠡᠷᠡᠭ ᠪᠡᠷᠬᠡ ᠬᠠᠲᠠᠭᠤᠵᠢᠯᠲᠠᠢ ᠪᠣᠯᠵᠠᠶ︕ ᠲᠡᠮᠡᠴᠡᠯ ᠤᠨ ᠤᠯᠠ ᠮᠥᠷ ᠲᠡᠦᠬᠡ ᠶᠢᠨ ᠢᠷᠠᠭᠤ ᠠᠯᠳᠠᠷ ᠢ ᠲᠡᠮᠳᠡᠭᠯᠡᠵᠦ᠂ ᠬᠤᠪᠢ ᠨᠡᠮᠡᠷᠢ ᠪᠦᠬᠦᠨ ᠢ ᠪᠠᠲᠤ ᠴᠡᠭᠡᠵᠢᠯᠡᠵᠦ᠂ ᠰᠠᠶᠢᠨ ᠰᠠᠶᠢᠬᠠᠨ ᠪᠦᠬᠦᠨ ᠢ ᠨᠠᠨᠳᠢᠩᠨᠠᠭᠤᠰᠢᠲᠠᠢ︕ ᠡᠲᠡᠭᠡᠷ ᠠᠮᠵᠢᠯᠲᠠ ᠶᠢ ᠣᠯᠣᠭᠰᠠᠨ ᠤ ᠬᠠᠮᠤᠭ ᠤᠨ ᠦᠨᠳᠦᠰᠦᠨ ᠵᠦᠢᠯ ᠨᠢ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠣᠶ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠡᠯ᠎ᠡ ᠠᠵᠢᠯ ᠲᠦᠷᠦᠯ᠂ ᠡᠯ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ ᠪᠠᠶᠢᠭ᠎ᠠ ᠪᠦᠲᠦᠭᠡᠨ ᠪᠠᠶᠢᠭᠤᠯᠤᠭᠴᠢᠳ᠂ ᠬᠤᠪᠢ ᠨᠡᠮᠡᠷᠢ ᠦᠵᠡᠭᠦᠯᠦᠭᠴᠢᠳ᠂ ᠡᠯ᠎ᠡ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠪᠣᠯᠣᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ᠂ ᠣᠷᠣᠯᠴᠠᠭᠰᠠᠨ ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠲᠥᠯᠥᠭᠡᠯᠡᠭᠴᠢᠳ ᠠ᠋᠂ ᠠᠮᠵᠢᠯᠲᠠ ᠪᠠᠨ ᠣᠯᠵᠤ ᠦᠵᠡᠬᠦ ᠶᠢᠨ ᠵᠡᠷᠭᠡᠴᠡᠭᠡᠪᠡᠷ ᠪᠢᠳᠡ ᠪᠠᠰᠠ ᠠᠵᠢᠯ ᠤᠨ ᠳᠤᠮᠳᠠ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠳᠤ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠵᠠᠢ᠃ ᠡᠨᠡ ᠨᠢ ᠭᠤᠣᠯᠳᠠᠭᠤ᠄ ᠤᠯᠠᠮᠵᠢᠯᠠᠯᠲᠤ ᠠᠵᠤ ᠦᠢᠯᠡᠰ ᠤᠨ ᠬᠤᠪᠢ ᠶᠢᠨ ᠵᠢᠩ ᠶᠡᠭᠡ᠂ ᠠᠵᠤ ᠦᠢᠯᠡᠰ ᠤᠨ ᠪᠦᠲᠦᠴᠡ ᠳᠠᠩ ᠴᠤᠯᠭᠤᠢ᠂ ᠬᠡᠯᠬᠢᠶ᠎ᠡ ᠶᠢᠨ ᠦᠷᠭᠦᠯᠵᠢᠯᠡᠯ ᠭᠦᠢᠴᠡᠳ ᠪᠤᠰᠤ︔ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ᠂ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠬᠦ ᠴᠢᠬᠤᠯᠠᠲᠠᠢ︔ ᠤᠯᠠᠨ ᠲᠦᠮᠡᠨ ᠤ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠡᠳ᠋ᠯᠡᠬᠦ ᠳᠤ ᠪᠠᠰᠠ ᠨᠡᠩ ᠶᠡᠭᠡ ᠴᠢᠷᠮᠠᠶᠢᠯᠭ᠎ᠠ ᠭᠠᠷᠭᠠᠬᠤ ᠬᠡᠷᠡᠭᠲᠡᠢ︔ ᠣᠨᠴᠠ ᠵᠠᠷᠢᠮ ᠺᠠᠳ᠋ᠷ ᠤᠨ ᠠᠵᠤ ᠠᠬᠤᠶᠢᠯᠠᠯ ᠪᠠ ᠤᠯᠠᠨ ᠲᠦᠮᠡᠨ ᠳᠤ ᠦᠢᠯᠡᠴᠢᠯᠡᠬᠦ ᠰᠠᠨᠠᠭᠠᠴᠢᠯᠠᠭᠠᠲᠤ ᠴᠢᠨᠠᠷ ᠨᠢ ᠬᠦᠷᠦᠯᠴᠡᠬᠦ ᠦᠭᠡᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠠᠵᠢᠯ ᠤᠨ ᠦᠷ᠎ᠡ ᠪᠦᠲᠦᠮᠵᠢ ᠨᠢ ᠤᠯᠠᠨ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠬᠤ ᠵᠡᠷᠭᠡ ᠪᠣᠯᠣᠨ᠎ᠠ᠃ ᠡᠭᠦᠨ ᠳᠤ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠵᠦ᠂ ᠵᠠᠰᠠᠭ ᠤᠨ ᠣᠷᠳᠣᠨ ᠤ ᠠᠵᠢᠯ ᠢ ᠨᠡᠩ ᠰᠠᠶᠢᠨ᠂ ᠨᠡᠩ ᠪᠣᠳᠠᠲᠠᠢ᠂ ᠤᠯᠠᠨ ᠲᠦᠮᠡᠨ ᠤ ᠰᠡᠳᠬᠢᠯ ᠳᠤ ᠨᠡᠩ ᠣᠶᠢᠷᠠᠲᠤᠭᠤᠯᠬᠤ ᠪᠠᠷ ᠴᠢᠷᠮᠠᠶᠢᠨ᠎ᠠ᠃ᠬᠤᠶᠠᠷ᠂ 2024 ᠣᠨ ᠤ ᠭᠤᠣᠯ ᠠᠵᠢᠯ      ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ  ᠪᠠᠷ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠤᠯᠠᠭᠠᠨᠴᠠᠪ ᠬᠤᠲᠠ ᠶᠢᠨ ︽ᠰᠢᠨ᠎ᠡ ᠵᠠᠮ ᠨᠡᠭᠡᠭᠡᠬᠦ᠂ ᠠᠵᠤ ᠦᠢᠯᠡᠰ ᠢ ᠪᠣᠶᠢᠵᠢᠭᠤᠯᠬᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠳᠡᠪᠰᠢᠬᠦ ᠪᠠᠷ ᠴᠢᠷᠮᠠᠶᠢᠬᠤ︾ ᠬᠠᠷᠠᠯᠲᠠ ᠶᠢᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠦᠨ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠠᠪᠤᠴᠠ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠨᠠᠩ ᠣᠯᠠᠨ ᠬᠤᠪᠢ ᠨᠡᠮᠡᠷᠢ ᠦᠵᠡᠭᠦᠯᠦᠨ᠎ᠡ᠃      ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠣᠷᠴᠢᠮ ᠢᠶᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠵᠦ᠂ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7% ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 6% ᠣᠷᠴᠢᠮ ᠢᠶᠠᠷ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠨ᠎ᠠ᠃      ᠡᠲᠡᠭᠡᠷ ᠬᠠᠷᠠᠯᠲᠠ ᠶᠢ ᠲᠣᠭᠲᠠᠭᠠᠵᠤ᠂ ᠨᠠᠮ ᠤᠨ ᠲᠥᠪ ᠬᠤᠷᠢᠶ᠎ᠠ ᠶᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ  ᠨᠢ ᠡᠪᠳᠡᠬᠦ ᠴᠢᠭᠯᠡᠯᠲᠡ ᠱᠠᠭᠠᠷᠳᠠᠯᠭ᠎ᠠ ᠶᠢ ᠲᠤᠤᠱᠯᠠᠭᠤᠯᠤᠨ᠂ ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ᠪᠣᠳᠠᠲᠤ ᠰᠠᠭᠤᠷᠢ ᠶᠢ ᠪᠣᠳᠣᠯᠬᠢᠯᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠬᠤ ᠢᠯᠡ ᠲᠣᠳᠣ ᠤᠳᠤᠷᠢᠳᠤᠮᠵᠢ ᠶᠢ ᠢᠯᠡᠷᠡᠭᠦᠯᠪᠡ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠪᠢᠳᠡ ᠳᠠᠷᠤᠯᠲᠠ ᠶᠢ ᠳᠠᠭᠠᠭᠠᠵᠤ ᠬᠦᠨᠳᠦ ᠶᠢ ᠡᠭᠦᠷᠭᠡᠯᠡᠵᠦ᠂ ᠪᠣᠳᠠᠲᠠᠢ ᠠᠵᠢᠯᠯᠠᠨ ᠦᠨᠡᠨᠴᠢ ᠰᠢᠳᠤᠷᠭᠤ ᠪᠠᠷ ᠬᠢᠵᠦ᠂ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄      ︵ᠨᠢᠭᠡ︶ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠎ᠠ      ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠳᠬᠤᠨ᠎ᠠ᠃ 16 ᠵᠦᠢᠯ ᠤᠨ ᠴᠢᠬᠤᠯᠠ ᠶᠡᠭᠡ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠯ ᠤᠨ ᠪᠡᠯᠡ ᠣᠷᠣᠭᠤᠯᠤᠯᠲᠠ ᠶᠢ 17% ᠠᠴᠠ ᠳᠡᠭᠡᠭᠰᠢ ᠨᠡᠮᠡᠭᠳᠡᠭᠦᠯᠪᠡ᠃ ᠪᠡᠯᠡ ᠮᠥᠩᠭᠦ᠂ ᠭᠠᠵᠠᠷ ᠰᠢᠷᠣᠢ᠂ ᠡᠨᠧᠷᠭᠢ ᠬᠡᠷᠡᠭᠯᠡᠬᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠨ᠂ ᠬᠠᠪᠤᠷ ᠤᠨ ᠡᠬᠢ ᠪᠠᠷ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠱᠧᠨ ᠮᠠ ᠰᠢᠨᠵᠢᠯᠡᠬᠦ ᠤᠬᠠᠭᠠᠨ ᠮᠡᠷᠭᠡᠵᠢᠯ ᠤᠨ NVP᠂ ᠢᠦᠢ ᠺᠠᠢ ᠺᠣᠮᠫᠠᠨᠢ ᠶᠢᠨ ᠡᠬᠢ ᠪᠠᠶᠠᠯᠢᠭ ᠢ ᠳᠠᠬᠢᠨ ᠠᠰᠢᠭᠯᠠᠬᠤ ᠵᠡᠷᠭᠡ ᠲᠥᠷᠥᠯ ᠵᠦᠢᠯ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠲᠥᠪ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠢᠳᠡᠪᠬᠢᠯᠡᠨ ᠣᠯᠵᠤ᠂ ᠤᠯᠤᠰ ᠤᠨ ᠵᠢᠭᠡᠯᠡᠯᠭᠡ ᠪᠠ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠴᠢᠩᠭᠠᠳᠬᠠᠨ᠂ ᠠᠷᠠᠳ ᠤᠨ ᠪᠡᠯᠡ ᠣᠷᠣᠭᠤᠯᠤᠯᠲᠠ ᠶᠢᠨ ᠲᠣᠭᠲᠠᠭᠤᠨ ᠪᠥᠭᠡᠳ ᠲᠦᠷᠭᠡᠨ ᠨᠡᠮᠡᠭᠳᠡᠬᠦ ᠶᠢ ᠯᠠᠪᠳᠠᠭᠤᠨ ᠢᠶᠠᠷ ᠠᠬᠢᠭᠤᠯᠤᠨ᠎ᠠ      ᠤᠨᠢᠨ ᠳᠡᠭᠡᠷ᠎ᠡ ᠨᠢ ᠳᠠᠭᠠᠷᠢᠯᠲᠠ ᠬᠢᠵᠦ ᠠᠷᠠᠯᠵᠢᠶᠠᠴᠢᠨ ᠤᠷᠢᠬᠤ ᠶᠢ ᠠᠳᠬᠤᠪᠠ᠃ ᠡᠯ᠎ᠡ ᠠᠵᠤ ᠦᠢᠯᠡᠰ ᠤᠨ ᠬᠡᠯᠬᠢᠶ᠎ᠡ ᠶᠢᠨ ︽ᠬᠤᠶᠠᠷ ᠵᠢᠷᠤᠭ᠂ ᠬᠤᠶᠠᠷ ᠬᠥᠮᠥᠷᠭᠡ᠂ ᠬᠤᠶᠠᠷ ᠬᠦᠰᠦᠨᠦᠭᠲᠦ︾ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠠᠵᠤ ᠦᠢᠯᠡᠰ ᠤᠨ ᠰᠦᠷᠦᠭᠵᠢᠯ ᠢ ᠬᠦᠴᠦᠷᠬᠡᠭᠵᠢᠭᠦᠯᠦᠨ᠎ᠡ᠃ ᠪᠥᠬᠦ ᠵᠢᠯ ᠳᠤ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠢ 75 ᠵᠦᠢᠯ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 17% ᠠᠴᠠ ᠳᠡᠭᠡᠭᠰᠢ ᠨᠡᠮᠡᠭᠳᠡᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠠᠳᠬᠤᠵᠤ᠂ ᠲᠥᠷᠥᠯ ᠵᠦᠢᠯ ᠢ ᠵᠣᠯᠭᠠᠭᠤᠯᠬᠤ᠂ ᠮᠥᠷᠳᠡᠨ ᠦᠢᠯᠡᠴᠢᠯᠡᠬᠦ ᠶᠢ ᠰᠠᠶᠢᠲᠤᠷ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠥᠷᠥᠯ ᠵᠦᠢᠯ ᠢ ᠶᠠᠷᠢᠯᠴᠠᠬᠤ ᠳᠤ ᠲᠦᠷᠭᠡᠨ ᠭᠡᠷ᠎ᠡ ᠲᠣᠭᠲᠠᠬᠤ᠂ ᠭᠡᠷ᠎ᠡ ᠲᠣᠭᠲᠠᠬᠤ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ᠂ ᠨᠠᠶᠢᠳᠠᠪᠤᠷᠢᠵᠢᠭᠤᠯᠬᠤ ᠲᠥᠷᠥᠯ ᠵᠦᠢᠯ ᠢ ᠲᠦᠷᠭᠡᠨ ᠠᠵᠢᠯ ᠡᠬᠢᠯᠡᠭᠦᠯᠬᠦ ᠶᠢ ᠠᠬᠢᠭᠤᠯᠤᠨ᠎ᠠ᠃      ᠦᠢᠯᠡᠴᠢᠯᠡᠭᠡ ᠶᠢ ᠦᠷᠭᠦᠯᠵᠢᠯᠡᠨ ᠬᠦᠴᠦᠲᠡᠢ ᠠᠳᠬᠤᠨ᠎ᠠ᠃ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠨᠢᠭᠡ ᠠᠵᠤ ᠠᠬᠤᠶᠢᠯᠠᠯ ᠨᠢᠭᠡ ᠲᠥᠷᠥ ᠶᠢᠨ ᠪᠣᠳᠣᠯᠭ᠎ᠠ ᠶᠢᠨ ︽ᠦᠢᠯᠡᠴᠢᠯᠡᠭᠡ ᠶᠢ ᠳᠠᠭᠠᠭᠠᠴᠢᠯᠠᠬᠤ︾ ᠠᠵᠢᠯ ᠤᠨ ᠲᠣᠭᠲᠠᠴᠠ ᠶᠢ ᠰᠠᠶᠢᠲᠤᠷ ᠬᠡᠷᠡᠭᠵᠢᠭᠦᠯᠵᠦ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠥᠭᠡᠷᠡᠴᠢᠯᠡᠯᠲᠡ ᠶᠢᠨ ᠦᠨᠡᠨ ᠪᠣᠳᠠᠲᠠᠢ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠨᠠᠩ ᠣᠯᠠᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠴᠠᠭ ᠲᠤᠬᠠᠢ ᠳᠤᠨᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠡᠶᠡᠯᠡᠭᠦᠯᠬᠦ ᠪᠠᠷ ᠴᠢᠷᠮᠠᠶᠢᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠢᠭᠡ ᠠᠵᠤ ᠠᠬᠤᠶᠢᠯᠠᠯ ᠨᠢᠭᠡ ᠵᠦᠢᠯ ᠤᠨ ᠠᠷᠭ᠎ᠠ ᠪᠣᠳᠣᠯᠭ᠎ᠠ ᠪᠠᠷ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠰᠠᠨᠠᠭ᠎ᠠ ᠠᠮᠤᠷ ᠪᠡᠯᠡ ᠣᠷᠣᠭᠤᠯᠬᠤ᠂ ᠰᠠᠨᠠᠭ᠎ᠠ ᠠᠮᠤᠷ ᠡᠵᠡᠩᠨᠡᠬᠦ᠂ ᠰᠡᠳᠬᠢᠯ ᠰᠢᠭᠤᠳᠤᠨ ᠠᠳᠠᠯ ᠦᠢᠯᠡᠰ ᠴᠣᠭᠴᠠᠯᠠᠬᠤ ᠳᠤ ᠬᠦᠷᠦᠭᠦᠯᠦᠨ᠎ᠡ᠃      ︵ᠬᠤᠶᠠᠷ︶ ᠪᠣᠳᠠᠲᠤ ᠴᠣᠭᠴᠠ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ      ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ᠎ᠡ᠃ ᠨᠣᠭᠤᠭᠠᠨ ᠡᠨᠧᠷᠭᠢ ᠶᠢᠨ ᠣᠷᠤᠯᠠᠭᠤᠯᠤᠯᠲᠠ ᠳᠤ ᠠᠷᠭ᠎ᠠ ᠤᠬᠠᠭᠠᠨ ᠭᠠᠷᠭᠠᠨ᠎ᠠ᠃ ᠤᠯᠠᠮᠵᠢᠯᠠᠯᠲᠤ ᠠᠵᠢᠯ ᠲᠥᠷᠥᠯ ᠤᠨ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠨᠡᠮᠡᠭᠳᠡᠯ ᠤᠨ ᠳᠠᠭᠠᠭᠠᠴᠠ ᠶᠢᠨ ᠨᠣᠭᠤᠭᠠᠨ ᠡᠨᠧᠷᠭᠢ ᠶᠢᠨ ᠲᠣᠬᠢᠷᠠᠭᠤᠯᠤᠯᠲᠠ ᠶᠢᠨ ᠬᠠᠷᠢᠴᠠᠯ᠂ ᠬᠠᠳᠠᠭᠠᠯᠠᠯᠲᠠ ᠶᠢᠨ ᠳᠠᠭᠠᠭᠠᠴᠠ ᠶᠢᠨ ᠨᠣᠭᠤᠭᠠᠨ ᠴᠠᠬᠢᠯᠭᠠᠨ ᠢ ᠣᠷᠣᠯᠠᠭᠤᠯᠬᠤ ᠵᠡᠷᠭᠡ ᠲᠥᠷᠥᠯ ᠵᠦᠢᠯ ᠢ ᠬᠡᠷᠡᠭᠵᠢᠭᠦᠯᠦᠨ᠂ ᠨᠣᠭᠤᠭᠠᠨ ᠴᠠᠬᠢᠯᠭᠠᠨ ᠤ ᠤᠯᠠᠮᠵᠢᠯᠠᠯᠲᠤ ᠠᠵᠤ ᠦᠢᠯᠡᠰ ᠤᠨ ᠬᠦᠷᠢᠶᠡᠨ ᠳᠠᠬᠢ ᠡᠨᠧᠷᠭᠢ ᠬᠡᠷᠡᠭᠯᠡᠬᠦ ᠶᠢᠨ ᠲᠣᠬᠢᠷᠠᠭᠤᠯᠤᠯᠲᠠ ᠶᠢᠨ ᠬᠠᠷᠢᠴᠠᠯ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ︽ᠭᠤᠷᠪᠠᠨ ᠣᠳᠣᠬᠢᠴᠢᠯᠠᠯᠲᠠ ᠶᠢᠨ ᠥᠭᠡᠷᠡᠴᠢᠯᠡᠯᠲᠡ︾ ᠶᠢ ᠦᠷᠭᠦᠯᠵᠢᠯᠡᠨ ᠥᠷᠨᠢᠭᠦᠯᠦᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠨᠠᠷᠠᠲᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠬᠤ ᠶᠢ ᠵᠣᠷᠢᠭᠵᠢᠭᠤᠯᠤᠨ ᠳᠡᠮᠵᠢᠵᠦ᠂ ᠰᠤᠳᠤᠯᠤᠨ ᠨᠡᠭᠡᠭᠡᠬᠦ ᠲᠠᠪᠴᠠᠩ ᠪᠠᠶᠢᠭᠤᠯᠤᠨ᠂ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠨᠢᠭᠡ ᠪᠦᠯᠦᠭ ᠬᠤᠪᠣᠷ ᠴᠤᠬᠠᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠦᠨ᠎ᠡ᠃ ᠰᠤᠨᠤᠮᠠᠯ ᠭᠢᠨᠵᠢ ᠶᠢᠨ ᠨᠥᠬᠦᠯᠲᠡ ᠭᠢᠨᠵᠢ ᠶᠢᠨ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠢᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠳᠤ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠳᠡᠮᠵᠢᠬᠦ ᠠᠵᠠ ᠲᠣᠬᠢᠶᠠᠯ ᠢ ᠵᠠᠪᠳᠤᠨ ᠠᠳᠬᠤᠵᠤ᠂ ᠴᠠᠬᠢᠯᠠᠭᠤᠷ ᠴᠢᠯᠠᠭᠤ ᠶᠢᠨ ᠠᠵᠤ ᠦᠢᠯᠡᠰ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠴᠠᠬᠢᠯᠠᠭᠤᠷ ᠴᠢᠯᠠᠭᠤ ᠶᠢᠨ ᠳᠣᠣᠷᠠᠳᠤ ᠤᠷᠤᠰᠬᠠᠯ ᠤᠨ ᠰᠢᠨ᠎ᠡ ᠠᠵᠤ ᠦᠢᠯᠡᠰ ᠢ ᠪᠣᠶᠢᠵᠢᠭᠤᠯᠤᠨ᠂ ᠳᠡᠭᠡᠳᠦ ᠲᠠᠰ ᠤᠨ ᠨᠡᠶᠢᠯᠡᠮᠡᠯ ᠳᠠᠪᠠᠷᠬᠠᠢ᠂ ᠣᠨᠴᠠ ᠲᠥᠷᠥᠯ ᠤᠨ ᠰᠢᠷᠬᠡᠭ ᠵᠡᠷᠭᠡ ᠠᠵᠤ ᠦᠢᠯᠡᠰ ᠢ ᠬᠥᠭᠵᠢᠭᠦᠯᠵᠦ᠂ ᠴᠠᠬᠢᠯᠠᠭᠤᠷ ᠴᠢᠯᠠᠭᠤ ᠦᠢᠯᠡᠳᠪᠦᠷᠢᠯᠡᠬᠦ ᠴᠢᠳᠠᠪᠤᠷᠢ ᠶᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠨᠣᠷᠮ᠎ᠠ ᠪᠠ ᠠᠵᠢᠯ ᠲᠥᠷᠥᠯ ᠤᠨ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃      ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠥᠭᠡᠮᠨᠡᠷᠡᠨ ᠬᠥᠭᠵᠢᠬᠦ ᠶᠢ ᠲᠦᠷᠭᠡᠳᠬᠡᠨ᠎ᠡ᠃ ᠰᠢᠨ᠎ᠡ ᠮᠠᠲ᠋ᠧᠷᠢᠶᠠᠯ ᠢ ᠲᠠᠰ ᠳᠡᠪᠰᠢᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠪᠢᠯᠢᠭ ᠲᠤᠶᠢᠯ ᠤᠨ ᠮᠠᠲ᠋ᠧᠷᠢᠶᠠᠯ ᠤᠨ ᠠᠵᠢᠯ ᠲᠥᠷᠥᠯ ᠤᠨ ︽ᠲᠥᠷᠪᠡᠨ ᠲᠡᠰ ᠳᠡᠪᠰᠢᠬᠦ ᠠᠵᠢᠯᠯᠠᠭ᠎ᠠ︾ ᠶᠢ ᠲᠦᠯᠬᠢᠨ ᠠᠬᠢᠭᠤᠯᠵᠤ᠂ ᠠᠷᠭ᠎ᠠ ᠲᠤᠶᠢᠯ᠂ ᠲᠠᠰᠤᠯᠤᠪᠴᠢ ᠪᠦᠷᠬᠦᠪᠴᠢ᠂ ᠴᠠᠬᠢᠯᠭᠠᠨ ᠢᠶᠠᠷ ᠵᠠᠳᠠᠯᠬᠤ ᠰᠢᠩᠭᠡᠨ᠂ ᠴᠠᠬᠢᠯᠭᠠᠨ ᠭᠤᠣᠯ ᠵᠡᠷᠭᠡ ᠲᠥᠷᠥᠯ ᠵᠦᠢᠯ ᠢ ᠣᠷᠣᠭᠤᠯᠵᠤ ᠢᠷᠡᠬᠦ ᠶᠢ ᠢᠳᠡᠪᠬᠢᠲᠡᠢ ᠪᠠᠷ ᠲᠥᠯᠥᠪᠯᠡᠨ᠂ ᠪᠢᠯᠢᠭ ᠲᠤᠶᠢᠯ ᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠪᠥᠬᠦ ᠠᠵᠢᠯ  ᠤᠨ ᠳᠠᠷᠠᠭᠠᠯᠠᠯ᠂ ᠪᠥᠬᠦ ᠠᠵᠤ ᠦᠢᠯᠡᠰ ᠤᠨ ᠬᠡᠯᠬᠢᠶ᠎ᠡ ᠦᠢᠯᠡᠳᠪᠦᠷᠢᠯᠡᠬᠦ ᠶᠢ ᠪᠡᠶᠡᠯᠡᠭᠦᠯᠦᠨ᠎ᠡ᠃ ᠨᠡᠭᠦᠷᠡᠰᠦᠲᠥ᠋ᠷᠥᠭᠴᠢ ᠴᠠᠬᠢᠯᠭᠠᠨ ᠲᠤᠶᠢᠯ᠂ ᠪᠠᠯ ᠴᠢᠯᠠᠭᠤᠨ ᠴᠠᠬᠢᠯᠭᠠᠨ ᠲᠤᠶᠢᠯ ᠤᠨ ᠠᠵᠢᠯ ᠲᠥᠷᠥᠯ ᠤᠨ ᠦᠢᠯᠡᠳᠬᠦᠨ ᠤ ᠲᠥᠷᠥᠯ ᠵᠦᠢᠯ ᠢᠶᠠᠨ ᠥᠷᠭᠡᠳᠬᠡᠨ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠳᠡᠮᠵᠢᠵᠦ᠂ ᠯᠢ ᠴᠧᠩ ᠺᠣᠮᠫᠠᠨᠢ ᠶᠢᠨ ᠨᠡᠭᠦᠷᠡᠰᠦᠲᠥ᠋ᠷᠥᠭᠴᠢ ᠴᠠᠬᠢᠯᠭᠠᠨ ᠲᠤᠶᠢᠯ ᠪᠠ ᠰᠢᠩ ᠴᠢᠦ ᠺᠣᠮᠫᠠᠨᠢ ᠶᠢᠨ ᠪᠠᠯ ᠴᠢᠯᠠᠭᠤᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠭᠡᠵᠢᠩ ᠤᠨ ᠡᠨᠧᠷᠭᠢ ᠶᠢᠨ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠶᠤᠸᠠᠨ ᠵᠢᠩ ᠺᠣᠮᠫᠠᠨᠢ ᠶᠢᠨ ᠶᠤᠸᠠᠨ ᠾᠧ ᠬᠠᠷᠢᠯᠴᠠᠨ ᠦᠢᠯᠡᠳᠦᠯᠴᠡᠭᠰᠡᠨ ᠪᠣᠬᠢᠷᠲᠤᠯ ᠦᠭᠡᠢ ᠲᠣᠮᠣ ᠳ᠋ᠠᠶᠢᠲ᠋ᠠ ᠶᠢᠨ ᠲᠥᠪ ᠤᠨ ᠵᠢᠱᠢᠶ᠎ᠡ ᠦᠵᠡᠭᠦᠯᠬᠦ ᠲᠥᠷᠥᠯ ᠵᠦᠢᠯ ᠪᠠ ᠬᠤᠲᠠ ᠶᠢᠨ ᠡᠨᠧᠷᠭᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ 4 ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠵᠢᠯ ᠤᠨ ᠳᠣᠲᠣᠷ᠎ᠠ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠶᠢ ᠵᠠᠭᠤᠨ ᠲᠦᠮᠡᠨ ᠺᠢᠯᠣᠸᠠᠲ ᠠᠴᠠ ᠳᠠᠪᠠᠭᠤᠯᠬᠤ ᠶᠢ ᠪᠡᠶᠡᠯᠡᠭᠦᠯᠦᠨ᠎ᠡ᠃ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠢ ᠪᠣᠶᠢᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠬᠦᠷᠮᠡᠨ ᠴᠢᠯᠠᠭᠤᠯᠢᠭ ᠤᠨ ᠰᠢᠷᠬᠡᠭ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠲᠡᠮᠦᠷ ᠤᠨ ᠬᠠᠶᠢᠯᠤᠰᠢ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠣᠷᠣᠭᠤᠯᠤᠨ ᠠᠪᠴᠢᠷᠠᠨ᠎ᠠ᠃ ᠤᠯᠤᠰ ᠤᠨ ︽ᠤᠯᠠᠭᠠᠨᠴᠠᠪ — ᠪᠡᠭᠡᠵᠢᠩ︾ ᠤᠨ ᠤᠰᠤᠲᠥ᠋ᠷᠥᠭᠴᠢ ᠳᠠᠮᠵᠢᠭᠤᠯᠬᠤ ᠬᠤᠭᠤᠯᠠᠢ ᠶᠢ ᠪᠦᠲᠦᠭᠡᠨ ᠪᠠᠶᠢᠭᠤᠯᠬᠤ ᠲᠣᠬᠢᠶᠠᠯ ᠢ ᠠᠰᠢᠭᠯᠠᠨ᠂ ᠨᠣᠭᠤᠭᠠᠨ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠵᠡᠷᠭᠡ ᠳᠠᠪᠠᠭᠤᠯᠢᠭ ᠠᠵᠤ ᠠᠬᠤᠶᠢᠯᠠᠯ ᠢ ᠪᠣᠶᠢᠵᠢᠭᠤᠯᠤᠨ᠎ᠠ᠃      ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠨ᠎ᠡ᠃ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠣᠭᠴᠠᠯᠠᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠦᠷᠭᠦᠯᠵᠢᠯᠡᠨ ᠪᠠᠶᠠᠯᠢᠭᠵᠢᠭᠤᠯᠤᠨ ᠥᠷᠭᠡᠳᠬᠡᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠠᠮᠠᠷᠠᠯᠲᠠ ᠶᠢᠨ ᠣᠷᠣᠨ ᠪᠠ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠵᠡᠷᠭᠡ ᠳᠡᠰ ᠤᠨ ᠠᠷᠠᠳ ᠤᠨ ᠪᠠᠶᠢᠷᠢ ᠶᠢᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠡᠯ᠎ᠡ ᠲᠥᠷᠥᠯ ᠤᠨ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠢ ᠲᠡᠳᠬᠦᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠵᠢᠷᠤᠮᠵᠢᠭᠰᠠᠨ᠂ ᠳᠡᠭᠡᠳᠦ ᠦᠵᠦᠭᠦᠷᠵᠢᠭᠰᠡᠨ᠂ ᠰᠣᠳᠣᠨ ᠮᠡᠷᠭᠡᠵᠢᠭᠰᠡᠨ ᠬᠥᠭᠵᠢᠯᠲᠡ ᠶᠢ ᠠᠬᠢᠭᠤᠯᠤᠨ᠎ᠠ᠃ ︽ᠠᠷᠠᠳ ᠤᠨ ᠣᠷᠣᠨ ᠰᠠᠭᠤᠴᠠ +︾ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠨ ᠤᠷᠲᠤᠳᠬᠠᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠪᠠᠭᠤᠳᠠᠯ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠭᠤᠯᠴᠢᠯᠠᠭᠴᠢᠳ ᠤᠨ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠭᠡ ᠪᠦᠯᠦᠭ ᠰᠣᠳᠣᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠪᠠ ᠪᠠᠶᠠᠷ ᠤᠨ ᠡᠳᠦᠷ ᠤᠨ ᠤᠷᠤᠯᠳᠤᠭᠠᠨ ᠢ ᠪᠣᠶ ᠪᠣᠯᠭᠠᠵᠤ᠂ ︽ᠬᠤᠨᠤᠭ ᠤᠨ ᠠᠵᠤ ᠠᠬᠤᠢ︾ ︽ᠬᠦᠷᠢᠶ᠎ᠡ ᠬᠠᠰᠢᠶ᠎ᠠ ᠶᠢᠨ ᠠᠵᠤ ᠠᠬᠤᠢ︾ ᠪᠠ ︽ᠪᠡᠯᠡᠳᠬᠡᠯ ᠠᠪᠳᠠᠷ᠎ᠠ ᠶᠢᠨ ᠠᠵᠤ ᠠᠬᠤᠢ︾ ᠶᠢ ᠳᠠᠶᠢᠴᠢᠯᠠᠨ ᠬᠥᠭᠵᠢᠭᠦᠯᠦᠨ᠎ᠡ᠃      ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠲᠡᠰ ᠢ ᠳᠡᠭᠡᠭᠰᠢᠯᠡᠭᠦᠯᠦᠨ ᠪᠠᠷᠠᠭ᠎ᠠ ᠲᠡᠭᠡᠭᠡᠪᠦᠷᠢᠯᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠬᠥᠳᠡᠭᠡ ᠲᠣᠰᠬᠤᠨ ᠤ ᠡᠳ᠋ ᠪᠠᠷᠠᠭᠠᠨ ᠤ ᠭᠦᠢᠯᠭᠡᠭᠡᠨ ᠤ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠳ᠋ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠲᠤᠰ ᠭᠠᠵᠠᠷ ᠲᠠᠭᠠᠨ ᠺᠣᠮᠫᠠᠨᠢ ᠳᠠᠩᠰᠠᠯᠠᠭᠤᠯᠬᠤ ᠶᠢ ᠲᠡᠮᠵᠢᠵᠤ᠂ ᠨᠡᠩ ᠤᠯᠠᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠭᠠᠶᠢᠯᠢ ᠨᠡᠪᠲᠡᠷᠡᠬᠦ ᠵᠠᠮ ᠤᠨ ᠵᠠᠩᠭᠢᠯᠠᠭ᠎ᠠ ᠶᠢᠨ ᠴᠢᠳᠠᠮᠵᠢ ᠶᠢ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠳᠤ ᠢᠳᠡᠪᠬᠢᠲᠡᠢ ᠠᠭᠤᠰᠤᠯᠴᠠᠵᠤ᠂ ᠪᠤᠩᠬᠤᠨ ᠪᠠᠷᠠᠭᠠᠨ ᠤ ᠲᠡᠭᠡᠭᠡᠪᠦᠷᠢ ᠶᠢᠨ ᠥᠷᠲᠡᠭᠡ ᠶᠢᠨ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠤᠨ᠂ ᠪᠠᠢ ᠶᠦᠩ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠭᠠᠳᠠᠭᠠᠳᠤ ᠠᠷᠠᠯᠵᠢᠶᠠᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠤᠰᠢᠭᠤᠨ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠥᠷᠭᠡᠳᠬᠡᠬᠦ ᠶᠢ ᠵᠣᠷᠢᠭᠵᠢᠭᠤᠯᠤᠨ᠂ ᠮᠧᠩ ᠸᠧᠢ᠂ ᠰᠢᠨ ᠶᠤᠸᠠᠨ᠂ ᠰᠢᠨ ᠳ᠋ᠧ ᠮᠠ ᠵᠡᠷᠭᠡ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠪᠠᠨ ᠥᠷᠭᠡᠳᠬᠡᠬᠦ ᠶᠢ ᠳᠡᠮᠵᠢᠵᠦ ᠂ ᠪᠥᠬᠦ ᠵᠢᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ 8000 ᠲᠦᠮᠡᠨ ᠳ᠋ᠣᠯᠯᠠᠷ ᠠᠴᠠ ᠳᠠᠪᠠᠭᠤᠯᠬᠤ ᠪᠠᠷ ᠴᠢᠷᠮᠠᠶᠢᠨ᠎ᠠ      ︵ᠭᠤᠷᠪᠠ︶ᠦᠨᠳᠦᠰᠦᠨ ᠱᠠᠲᠤᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ      ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠥᠨᠳᠥᠷ ᠪᠦᠲᠦᠮᠵᠢᠲᠡᠶ ᠬᠥᠭᠵᠢᠭᠦᠯᠦᠨ᠎ᠡ᠃ ᠪᠥᠬᠦ ᠤᠯᠤᠰ ᠤᠨ ᠠᠩᠬᠠᠳᠠᠭᠴᠢ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠳᠦᠭᠡᠷ ᠱᠠᠲᠤᠨ ᠤ ᠬᠠᠮᠲᠤ ᠪᠠᠷ ᠪᠦᠲᠦᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ 2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 2.4 ᠳ᠋ᠦᠩᠰᠢᠭᠤᠷ ᠵᠢᠩ ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ︽ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠶᠢ ᠶᠡᠬᠡᠪᠡᠷ ᠲᠦᠯᠬᠢᠨ ᠠᠬᠢᠭᠤᠯᠵᠤ᠂ 3 ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠠᠩᠬᠠᠨ ᠤ ᠪᠦᠯᠦᠭ ᠤᠨ ᠦᠬᠡᠷ ᠣᠷᠣᠭᠤᠯᠬᠤ ᠶᠢ ᠠᠬᠢᠭᠤᠯᠤᠨ᠂ ᠦᠨᠢᠶᠡᠨ ᠰᠦ ᠶᠢᠨ ᠭᠠᠷᠤᠯᠲᠠ ᠶᠢ 3.7 ᠲᠦᠮᠡᠨ ᠲᠣᠨ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠬᠠᠰᠢᠶᠠᠯᠠᠨ ᠪᠣᠷᠳᠣᠵᠤ ᠲᠠᠷᠭᠤᠯᠠᠭᠤᠯᠬᠤ ᠪᠠ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ ᠲᠦᠷᠭᠡᠳᠬᠡᠵᠦ᠂ ᠠᠯᠠᠰᠢᠨ ᠦᠬᠡᠷ ᠤᠨ ᠴᠢᠨᠠᠷ ᠰᠠᠶᠢᠲᠠᠢ ᠢᠴᠡᠭᠡᠯ ᠦᠷ᠎ᠡ ᠶᠢ ᠱᠠᠩᠨᠠᠨ ᠨᠥᠬᠦᠪᠦᠷᠢᠯᠡᠬᠦ᠂ ᠰᠦᠷᠦᠭ ᠢᠶᠠᠨ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠳᠤ ᠨᠥᠬᠦᠪᠦᠷᠢ ᠥᠭᠬᠦ᠂ ᠡᠭᠦᠯᠳᠡᠷ ᠤᠨ ᠬᠤᠴᠠ ᠦᠷᠡᠵᠢᠭᠦᠯᠦᠨ ᠪᠣᠶᠢᠵᠢᠭᠤᠯᠬᠤ ᠵᠡᠷᠭᠡ ᠲᠦᠷᠦ ᠶᠢᠨ ᠪᠣᠳᠣᠯᠭ᠎ᠠ ᠶᠢ ᠳᠡᠯᠭᠡᠷᠡᠭᠦᠯᠵᠦ᠂ ᠮᠢᠬᠠᠨ ᠤ ᠵᠦᠢᠯ ᠤᠨ ᠭᠠᠷᠤᠯᠲᠠ ᠶᠢ 4.2 ᠲᠦᠮᠡᠨ ᠲᠣᠨ ᠠᠴᠠ ᠳᠡᠭᠡᠭᠰᠢ ᠪᠣᠯᠲᠠᠯ᠎ᠠ ᠨᠡᠮᠡᠭᠳᠡᠭᠦᠯᠦᠨ᠎ᠡ᠃ ᠲᠥᠮᠥᠰᠥ ᠶᠢᠨ ᠦᠷ᠎ᠡ ᠲᠥᠮᠥᠰᠥ ᠶᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠮᠥᠰᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠪᠦᠬᠦᠯᠢ ᠪᠠᠶᠢᠭᠤᠯᠤᠮᠵᠢ ᠶᠢᠨ ᠳᠦᠷᠢᠮᠲᠦ ᠲᠥᠮᠥᠰᠥ ᠳᠠᠷᠢᠬᠤ ᠰᠠᠭᠤᠷᠢᠨ ᠭᠠᠵᠠᠷ ᠢ 15 ᠲᠦᠮᠡᠨ ᠮᠦ᠂ ᠭᠤᠣᠯ ᠵᠢᠱᠢᠶ᠎ᠡ ᠦᠵᠡᠭᠦᠯᠬᠦ ᠣᠷᠣᠨ ᠢ 1.5 ᠲᠦᠮᠡᠨ ᠮᠦ ᠪᠦᠲᠦᠭᠡᠨ ᠪᠠᠶᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠳᠤ ᠴᠢᠭᠯᠡᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠪᠠ ᠢᠳᠡᠭᠡᠨ ᠡᠳ᠋ᠰᠢᠭᠦᠯᠬᠦ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠥᠷᠲᠡᠭ ᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠠᠩ ᠣᠯᠠᠨ ᠠᠵᠤ ᠠᠬᠤᠶᠢᠯᠠᠯ ᠪᠠ ᠪᠦᠲᠦᠭᠡᠭᠳᠡᠬᠦᠨ ᠢ ︽ᠤᠤᠯ ᠦᠨᠦᠷ ᠠᠮᠲᠠ ᠶᠢᠨ ᠤᠯᠠᠭᠠᠨᠴᠠᠪ︾ ᠤᠨ ᠡᠷᠬᠡ ᠣᠯᠭᠤᠬᠤ ᠬᠡᠪᠴᠢᠶᠡᠨ ᠳᠤ ᠣᠷᠣᠭᠤᠯᠬᠤ ᠶᠢ ᠠᠬᠢᠭᠤᠯᠤᠨ᠎ᠠ᠃      ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ 92.4 ᠺᠢᠯᠣᠮᠧᠲᠷ ᠬᠥᠳᠡᠭᠡ ᠲᠣᠰᠬᠤᠨ ᠤ ᠵᠠᠰᠠᠮᠠᠯ ᠵᠠᠮ᠂ 8 ᠰᠠᠭᠤᠷᠢ ᠵᠠᠰᠠᠮᠠᠯ ᠵᠠᠮ ᠤᠨ ᠬᠥᠭᠦᠷᠭᠡ ᠶᠢ ᠪᠦᠲᠦᠭᠡᠨ ᠪᠠᠶᠢᠭᠤᠯᠵᠤ᠂ 2 ᠰᠠᠭᠤᠷᠢ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 135 ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠵᠤ᠂ 5633 ᠡᠷᠦᠬᠡ ᠶᠢᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠵᠠᠰᠠᠯᠲᠠ ᠶᠢ ᠪᠡᠶᠡᠯᠡᠭᠦᠯᠵᠦ᠂ 223 ᠺᠢᠯᠣᠮᠧᠲᠷ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠲᠦᠭᠡᠭᠡᠬᠦ ᠲᠣᠣᠷ ᠤᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠢᠵᠢ ᠪᠦᠷᠢᠳᠦᠭᠦᠯᠦᠨ ᠬᠡᠷᠡᠭᠵᠢᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠣᠶᠢᠵᠢᠭᠤᠯᠤᠨ᠎ᠠ᠃      ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠰᠢᠯᠵᠢᠯᠲᠡ ᠶᠢᠨ ᠬᠤᠭᠤᠴᠠᠭᠠᠨ ᠳᠠᠬᠢ ᠡᠯ᠎ᠡ ᠲᠥᠷᠥᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠵᠤ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠯᠦᠩᠭᠦᠢ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠪᠠ ᠣᠷᠣᠯᠭ᠎ᠠ ᠶᠢ ᠨᠡᠮᠡᠭᠳᠡᠭᠦᠯᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠭᠰᠡᠨ ᠤ ᠳᠠᠷᠠᠭᠠᠬᠢ ᠲᠡᠳᠬᠦᠮᠵᠢ ᠪᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠤᠨ ᠬᠡᠷᠡᠭᠵᠢᠭᠦᠯᠦᠯᠲᠡ ᠶᠢ ᠯᠠᠪᠳᠠᠭᠤᠨ ᠢᠶᠠᠷ ᠠᠬᠢᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠢᠶᠠᠷ ᠪᠦᠷᠢᠯᠳᠦᠭᠰᠡᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠵᠦ᠂ ᠴᠢᠳᠠᠪᠤᠷᠢᠲᠠᠨ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠤ ᠦᠢᠯᠡᠰ ᠵᠡᠷᠭᠡ ᠬᠦᠷᠢᠶᠡᠨ ᠳᠠᠬᠢ ᠨᠡᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠲᠦᠯᠬᠢᠨ ᠠᠬᠢᠭᠤᠯᠤᠨ᠎ᠠ᠃      ︵ᠳᠥᠷᠪᠡ︶ ᠬᠤᠲᠠ ᠪᠠᠯᠭᠠᠰᠤ ᠶᠢᠨ ᠴᠢᠨᠠᠷ ᠴᠢᠨᠰᠠᠭ᠎ᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠪᠠᠯᠭᠠᠰᠤ ᠶᠢ ᠪᠥᠬᠦ ᠬᠦᠴᠦᠨ ᠢᠶᠠᠷ ᠢᠶᠠᠨ ᠴᠤᠭᠴᠠᠯᠠᠨ᠎ᠠ      ᠬᠤᠳᠠ ᠪᠠᠯᠭᠠᠰᠤᠨ ᠤ ᠰᠢᠨᠡᠴᠢᠯᠡᠯᠲᠡ ᠶᠢ ᠠᠬᠢᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 500 ᠢᠵᠢ ᠪᠦᠲᠦᠭᠡᠨ ᠪᠠᠶᠢᠭᠤᠯᠵᠤ᠂ 300 ᠡᠷᠥᠭᠡ ᠶᠢᠨ ᠪᠠᠶᠢᠰᠢᠩ ᠭᠡᠷ ᠤᠨ ᠲᠣᠭᠤᠷᠢᠭ ᠤᠨ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ 15 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠵᠤ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ 4 ᠵᠢᠵᠢᠭ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠳᠠ ᠶᠢᠨ ᠶᠠᠪᠤᠳᠠᠯ ᠤᠨ ᠵᠠᠮ᠂ ᠶᠠᠪᠠᠭᠠᠨ ᠬᠥᠮᠥᠨ ᠤ ᠵᠠᠮ ᠤᠨ 5 ᠲᠦᠮᠡᠨ ᠲᠡᠭᠰᠢ ᠳᠥᠷᠪᠡᠯᠵᠢᠨ ᠮᠧᠲᠷ ᠢ ᠰᠡᠯᠪᠢᠨ ᠵᠠᠰᠠᠵᠤ ᠲᠡᠭᠦᠯᠳᠡᠷᠵᠢᠭᠦᠯᠦᠨ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 14 ᠵᠣᠷᠯᠣᠩ ᠢ ᠰᠢᠨ᠎ᠡ ᠪᠠᠷ ᠪᠠᠶᠢᠭᠤᠯᠵᠤ᠂ ᠬᠤᠳᠠ ᠶᠢᠨ ᠲᠣᠭᠤᠷᠢᠭ ᠤᠨ ᠲᠦᠭᠡᠭᠡᠯ ᠤᠰᠤᠨ ᠤ ᠬᠤᠭᠤᠯᠠᠢ ᠶᠢᠨ ᠲᠣᠣᠷ ᠢ 7 ᠺᠢᠯᠣᠮᠧᠲᠷ ᠥᠭᠡᠷᠡᠴᠢᠯᠡᠪᠡ᠃ ᠬᠤᠲᠠ ᠶᠢᠨ ᠲᠣᠭᠤᠷᠢᠭ ᠤᠨ ᠣᠶᠤᠨᠲᠤ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠬᠢᠯᠭᠠᠨ ᠴᠡᠨᠡᠭᠯᠡᠬᠦ ᠱᠣᠩ ᠢ 50 ᠣᠷᠴᠢᠮ ᠰᠢᠨ᠎ᠡ ᠪᠠᠷ ᠪᠠᠶᠢᠭᠤᠯᠵᠤ᠂ ᠲᠡᠷᠭᠡ ᠵᠣᠭᠰᠣᠬᠤ ᠪᠠᠶᠢᠷᠢ ᠶᠢ 500 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠬᠤᠲᠠ ᠶᠢᠨ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢᠨ ᠲᠥᠷᠥᠯ ᠵᠦᠢᠯ ᠢ ᠬᠡᠷᠡᠭᠵᠢᠭᠦᠯᠦᠨ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠢ ᠪᠣᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃      ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠬᠤᠲᠠ ᠶᠢᠨ ᠳᠦᠷᠰᠦ ᠪᠠᠶᠢᠳᠠᠯ ᠪᠠ ᠵᠠᠮ ᠬᠠᠷᠢᠯᠴᠠᠭᠠᠨ ᠤ ᠡᠮᠬᠢ ᠵᠢᠷᠤᠮ ᠭᠡᠬᠦ ᠬᠤᠶᠠᠷ ᠲᠤᠰᠬᠠᠢ ᠵᠦᠢᠯ ᠤᠨ ᠴᠡᠭᠴᠡᠯᠡᠨ ᠵᠠᠰᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠬᠤᠲᠠ ᠪᠠᠯᠭᠠᠰᠤᠨ ᠤ ᠣᠷᠴᠢᠨ ᠠᠬᠤᠢ ᠶᠢᠨ ︽ᠠᠷᠬᠠᠭ ᠭᠡᠮ︾ ᠢ ᠤᠷᠳᠤ ᠬᠤᠭᠤᠴᠠᠭ᠎ᠠ ᠪᠠᠷ ᠴᠡᠭᠴᠡᠯᠡᠨ ᠵᠠᠰᠠᠵᠤ᠂ ᠰᠠᠭᠤᠭᠠᠯᠢ ᠠᠷᠠᠳ ᠤᠨ ᠲᠣᠭᠤᠷᠢᠭ ᠤᠨ ︽ᠪᠣᠯᠬᠢ ᠳᠠᠳᠬᠠᠯ︾ ᠢ ᠵᠠᠯᠠᠷᠠᠭᠤᠯᠤᠨ᠎ᠠ᠃ ᠬᠤᠲᠠ ᠶᠢᠨ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ᠂ ᠠᠷᠤ ᠵᠡᠭᠡᠯᠢ ᠵᠢᠵᠢᠭ ᠭᠤᠳᠤᠮᠵᠢ ᠶᠢᠨ ᠣᠷᠴᠢᠨ ᠲᠣᠭᠤᠷᠢᠨ ᠢ ᠨᠠᠷᠢᠯᠢᠭᠵᠢᠭᠤᠯᠤᠨ ᠴᠡᠭᠴᠡᠯᠡᠨ ᠵᠠᠰᠠᠵᠤ᠂ ᠠᠳᠠᠯ ᠠᠬᠤᠢ ᠶᠢᠨ ᠡᠵᠡᠩᠨᠡᠯᠲᠡ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠨᠥᠬᠦᠷᠰᠡᠭ᠂ ᠰᠠᠭᠤᠭᠠᠯᠢ ᠠᠷᠠᠳ ᠤᠨ ᠠᠮᠢᠳᠤᠷᠠᠯ ᠢ ᠰᠠᠶᠢᠨ ᠰᠠᠶᠢᠬᠠᠨ ᠪᠣᠯᠭᠠᠨ᠎ᠠ᠃      ᠳᠤᠯᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠳᠤᠯᠠᠭᠠᠨ ᠪᠦᠯᠢᠶᠡᠨ ᠢᠨᠵᠧᠨᠧᠷᠢᠩ ᠤᠨ ᠲᠥᠷᠥᠯ ᠵᠦᠢᠯ ᠤᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠡᠯ᠎ᠡ ᠲᠠᠯ᠎ᠠ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠢᠯᠴᠢ ᠬᠠᠩᠭᠠᠬᠤ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ ᠤᠷᠢᠳᠴᠢᠯᠠᠨ ᠲᠥᠯᠥᠪᠵᠢᠭᠦᠯᠵᠦ᠂ ︽ᠡᠪᠦᠯ ᠤᠨ ᠡᠪᠡᠳᠴᠢᠨ ᠢ ᠵᠣᠨ ᠵᠠᠰᠠᠵᠤ︾᠂ ᠳᠤᠯᠠᠭᠠᠯᠠᠭ᠎ᠠ ᠶᠢᠨ ᠦᠷ᠎ᠡ ᠪᠦᠲᠦᠮᠵᠢ ᠪᠠᠷ ᠪᠠᠷᠤᠭᠲᠠᠢ᠂ ᠣᠯᠠᠨ ᠲᠦᠮᠡᠨ ᠤ ᠲᠤᠰᠬᠠᠯ ᠲᠥᠪᠯᠡᠷᠡᠭᠰᠡᠨ ᠵᠢᠵᠢᠭ ᠲᠣᠭᠤᠷᠢᠭ ᠢ ᠪᠥᠬᠦ ᠲᠠᠯ᠎ᠠ ᠪᠠᠷ ᠣᠶᠢᠯᠠᠭᠠᠨ ᠪᠠᠶᠢᠴᠠᠭᠠᠵᠤ᠂ ᠬᠤᠲᠠ ᠶᠢᠨ ᠲᠣᠭᠤᠷᠢᠭ ᠤᠨ ᠢᠯᠴᠢ ᠰᠣᠯᠢᠯᠴᠠᠬᠤ ᠥᠷᠲᠡᠭᠡ ᠶᠢ ᠰᠢᠨᠵᠢᠯᠡᠬᠦ ᠤᠬᠠᠭᠠᠨᠴᠢ ᠪᠠᠷ ᠡᠮᠬᠢᠯᠡᠨ ᠨᠡᠶᠢᠯᠡᠭᠦᠯᠵᠦ᠂ ᠨᠢᠭᠡᠳᠦᠭᠡᠷ ᠳᠡᠰ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠢ 5 ᠺᠢᠯᠣᠮᠧᠲᠷ᠂ ᠬᠤᠶᠠᠳᠤᠭᠠᠷ ᠳᠡᠰ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠢ 21 ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠪᠠ᠃ ᠣᠶᠤᠨᠴᠢ ᠪᠠᠷ ᠢᠯᠴᠢ ᠬᠠᠩᠭᠠᠬᠤ ᠶᠢ ᠲᠤᠷᠰᠢᠨ ᠬᠡᠷᠡᠭᠵᠢᠭᠦᠯᠵᠦ᠂ ᠣᠯᠠᠨ ᠲᠦᠮᠡᠨ ᠤ ᠲᠤᠰᠬᠠᠯ ᠶᠡᠬᠡᠲᠡᠢ ᠪᠠᠶᠢᠭ᠎ᠠ ᠢᠯᠴᠢ ᠬᠠᠩᠭᠠᠬᠤ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠨ᠎ᠡ᠃      ︵ᠲᠠᠪᠤ︶ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠳᠠᠪᠠᠭᠤᠯᠢᠭ ᠢ ᠪᠠᠲᠤᠳᠬᠠᠨ᠎ᠠ      ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠵᠢᠯ ᠤᠨ ᠳᠣᠲᠣᠷ᠎ᠠ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠵᠤ ᠰᠡᠷᠭᠦᠭᠡᠬᠦ ᠡᠭᠦᠷᠭᠡ ᠶᠢ 13.2 ᠲᠦᠮᠡᠨ ᠮᠦ ᠪᠡᠶᠡᠯᠡᠭᠦᠯᠦᠨ᠎ᠡ᠃ ᠣᠶ ᠰᠢᠭᠤᠢ ᠡᠪᠡᠰᠦ ᠪᠡᠯᠴᠢᠭᠡᠷ ᠤᠨ ᠤᠷᠭᠤᠯᠲᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠲᠦ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠢᠭ᠋ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠠᠮᠤᠷᠵᠢᠨ ᠲᠡᠩᠬᠡᠷᠡᠬᠦ ᠶᠢ ᠠᠬᠢᠭᠤᠯᠤᠨ᠎ᠠ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠮᠲᠤ ᠪᠠᠷ ᠭᠤᠤᠯ ᠮᠥᠷᠡᠨ ᠲᠠᠢ ᠬᠤᠯᠪᠣᠭᠠᠯᠠᠬᠤ᠂ ᠰᠢᠯᠵᠢᠭᠦᠯᠦᠨ ᠬᠦᠷᠭᠡᠬᠦ ᠭᠤᠤ ᠵᠡᠷᠭᠡ ᠭᠤᠤᠯ ᠤᠨ ᠵᠠᠮ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠤᠰᠢᠭᠤᠨ ᠤ ᠬᠡᠪᠴᠢᠶᠡᠨ ᠳᠣᠲᠣᠷᠠᠬᠢ ᠴᠠᠭᠠᠨᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠬᠥᠬᠡᠮᠳᠦᠭ ᠨᠣᠭᠤᠭᠠᠨ ᠠᠭᠤᠯᠠ ᠤᠰᠤ᠂ ᠦᠵᠡᠰᠬᠦᠯᠡᠩᠲᠦ ᠰᠠᠶᠢᠬᠠᠨ ᠬᠡᠷ ᠣᠷᠣᠨ ᠢ ᠰᠠᠶᠢᠲᠤᠷ ᠰᠠᠬᠢᠨ ᠬᠠᠮᠠᠭᠠᠯᠠᠨ᠎ᠠ᠃      ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠠᠵᠤ ᠦᠢᠯᠡᠳᠪᠦᠷᠢ ᠶᠢᠨ ᠵᠤᠤᠬ᠎ᠠ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠵᠠᠰᠠᠯᠲᠠ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠪᠣᠬᠢᠷᠲᠤᠯ ᠤᠨ ᠭᠠᠳᠠᠭᠰᠢᠯᠠᠭᠤᠯᠤᠯᠲᠠ ᠶᠢ ᠪᠠᠭᠠᠰᠬᠠᠵᠤ᠂ ᠪᠦᠬᠦ ᠵᠢᠯ ᠤᠨ ᠠᠭᠠᠷ ᠮᠠᠨᠳᠠᠯ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 306 ᠡᠳᠦᠷ ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠪᠠ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠬᠤ ᠡᠷᠴᠢᠮ ᠢ ᠴᠢᠩᠭᠠᠷᠠᠭᠤᠯᠵᠤ᠂ ᠨᠡᠭᠦᠷᠡᠰᠦᠨ ᠤ ᠪᠤᠰᠤ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠤᠯᠠᠨ ᠲᠦᠮᠡᠨ ᠤ ᠳᠡᠷᠭᠡᠳᠡᠬᠢ ᠣᠷᠴᠢᠨ ᠠᠬᠤᠢ ᠶᠢᠨ ᠪᠣᠬᠢᠷᠲᠤᠯ ᠤᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠨ᠎ᠡ᠃      ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠵᠤ ᠦᠢᠯᠡᠳᠪᠦᠷᠢ ᠶᠢᠨ ︽ᠭᠤᠷᠪᠠᠨ ᠬᠠᠶᠠᠭᠳᠠᠮᠠᠯ︾ ᠢ ᠣᠷᠴᠢᠯᠳᠤᠭᠤᠯᠤᠨ ᠠᠰᠢᠭᠯᠠᠬᠤ ᠶᠢ ᠴᠢᠩᠭᠠᠳᠬᠠᠨ᠎ᠠ᠃ ᠬᠦᠷᠢᠶᠡᠯᠡᠩ ᠲᠣᠭᠤᠷᠢᠭ ᠤᠨ ︽ᠦᠬᠦᠰᠢᠷᠡᠮᠡᠯ ᠠᠵᠤ ᠠᠬᠤᠶᠢᠯᠠᠯ︾ ᠢ ᠦᠷᠭᠦᠯᠵᠢᠯᠡᠨ ᠠᠮᠢᠯᠠᠭᠤᠯᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ 898 ᠮᠦ ᠭᠠᠵᠠᠷ ᠰᠢᠷᠣᠢ ᠶᠢ ᠰᠢᠩᠭᠡᠭᠡᠵᠦ᠂ ᠰᠤᠯᠠ ᠪᠠᠶᠢᠬᠤ ᠤᠰᠤᠨ ᠤ ᠡᠬᠢ ᠪᠠᠶᠠᠯᠢᠭ ᠤᠨ ᠭᠦᠢᠴᠡᠳᠬᠡᠯ ᠲᠤᠭ᠎ᠠ ᠶᠢ 50 ᠲᠦᠮᠡᠨ ᠪᠣᠰᠤᠭ᠎ᠠ ᠳᠥᠷᠪᠡᠯᠵᠢᠨ ᠮᠧᠲᠷ ᠣᠷᠴᠢᠮ ᠬᠤᠷᠢᠶᠠᠨ ᠠᠪᠴᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠦᠯᠡᠳᠡᠪᠦᠷᠢ ᠭᠦᠢᠴᠡᠳᠬᠡᠯ ᠲᠤᠭ᠎ᠠ ᠶᠢ ᠮᠤᠵᠢ ᠠᠯᠤᠰᠯᠠᠨ ᠠᠷᠠᠯᠵᠢᠶᠠᠯᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ ᠬᠤᠣᠰ ᠨᠡᠭᠦᠷᠡᠰᠦᠲᠥ᠋ᠷᠥᠭᠴᠢ ᠶᠢᠨ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠥᠭᠦᠮ ᠪᠦᠳᠦᠭᠦᠯᠢᠭ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠠᠵᠤ ᠠᠬᠤᠢ ᠶᠢᠨ ᠬᠥᠭᠵᠢᠯᠲᠡ ᠶᠢᠨ︽ᠠᠯᠲᠠᠨ ᠤ ᠠᠭᠤᠯᠤᠭᠳᠠᠴᠠ︾ᠪᠠ︽ᠨᠣᠭᠤᠭᠠᠨ ᠠᠭᠤᠯᠤᠭᠳᠠᠴᠠ︾ ᠶᠢ ᠳᠡᠭᠡᠭᠰᠢᠯᠡᠭᠦᠯᠦᠨ᠎ᠡ᠃      ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ      ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠠᠬᠢᠭᠤᠯᠪᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠨᠡᠩ ᠲᠤᠪᠤᠶᠢᠯᠭᠠᠵᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠥᠯᠥᠰᠦᠨ ᠠᠵᠢᠯᠴᠢᠨ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠣᠯᠠᠨ ᠠᠷᠭ᠎ᠠ ᠵᠠᠮ ᠢᠶᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠨ᠎ᠡ᠃ ᠵᠢᠯ ᠤᠨ ᠳᠣᠲᠣᠷ᠎ᠠ ᠠᠵᠢᠯᠲᠠᠨ ᠡᠯᠰᠡᠬᠦ ᠠᠵᠢᠯᠯᠠᠭ᠎ᠠ ᠶᠢ 4 ᠲᠠᠯᠠᠪᠤᠷ ᠠᠴᠠ ᠳᠡᠭᠡᠭᠰᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 1300 ᠬᠥᠮᠥᠨ ᠤᠳᠠᠭ᠎ᠠ ᠠᠴᠠ ᠳᠡᠭᠡᠭᠰᠢ ᠪᠡᠶᠡᠯᠡᠭᠦᠯᠵᠦ᠂ ᠬᠤᠲᠠ ᠪᠠᠯᠭᠠᠰᠤᠨ ᠤ ᠠᠵᠢᠯ ᠣᠯᠭᠤᠯᠲᠠ ᠶᠢ 500  ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃      ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ᠂ ᠵᠡᠮᠳᠡᠭᠴᠦᠳ ᠢ ᠪᠠᠲᠤᠯᠠᠬᠤ᠂ ᠠᠰᠠᠷᠠᠮᠵᠢ ᠬᠠᠷᠠᠭᠠᠯᠵᠠᠯ ᠦᠵᠡᠭᠦᠯᠬᠦ ᠵᠡᠷᠭᠡ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠦᠬᠦ ᠬᠦᠴᠦᠨ ᠢᠶᠠᠷ ᠢᠶᠠᠨ ᠪᠠᠲᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ ᠲᠥᠯᠥᠪᠯᠡᠬᠦ ᠠᠵᠢᠯ ᠢ ᠲᠦᠯᠬᠢᠨ ᠠᠬᠢᠭᠤᠯᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠵᠤ᠂ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠦᠨ᠂ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ᠂ ᠨᠠᠰᠤᠵᠢᠯᠲᠠ ᠳᠤ ᠵᠣᠬᠢᠴᠠᠬᠤ ᠥᠭᠡᠷᠡᠴᠢᠯᠡᠯᠲᠡ ᠪᠠ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠬᠤᠰᠢᠭᠤᠨ ᠣᠷᠣᠰᠢᠭᠤᠯᠭ᠎ᠠ ᠶᠢᠨ ᠭᠠᠵᠠᠷ ᠤᠨ ᠡᠵᠡᠩᠨᠡᠯᠲᠡ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠴᠢᠨᠳᠠᠷ ᠤᠨ ᠲᠠᠩᠬᠢᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠪᠠ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠣᠩᠭᠤᠨ ᠤ ᠭᠠᠵᠠᠷ ᠤᠨ ᠵᠠᠰᠠᠯᠲᠠ ᠶᠢ ᠦᠷᠭᠦᠯᠵᠢᠯᠡᠨ ᠠᠬᠢᠭᠤᠯᠤᠨ᠎ᠠ᠃      ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠂ ᠰᠤᠷᠭᠠᠭᠤᠯᠢ ᠡᠷᠭᠢᠯᠡᠬᠦ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠤᠰᠢᠭᠤᠨ ᠤ ᠬᠡᠦᠬᠡᠳ ᠤᠨ ᠴᠡᠴᠡᠷᠯᠢᠭ ᠤᠨ ᠡᠮᠦᠨ᠎ᠡ ᠬᠦᠷᠢᠶᠡᠯᠡᠩ᠂ ᠠᠨᠠᠷ ᠤᠨ ᠦᠷ᠎ᠡ ᠶᠢᠨ ᠰᠤᠷᠭᠠᠭᠤᠯᠢ ᠶᠢ ᠪᠠᠶᠢᠭᠤᠯᠤᠨ ᠠᠰᠢᠭᠯᠠᠬᠤ ᠶᠢ ᠲᠦᠯᠬᠢᠨ ᠠᠬᠢᠭᠤᠯᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢᠨ ᠬᠤᠰᠢᠭᠤ ᠰᠢᠶᠠᠨ ᠢ ᠦᠨᠡᠯᠡᠨ ᠵᠢᠱᠢᠵᠦ ᠰᠢᠯᠭᠠᠨ ᠠᠪᠬᠤ ᠶᠢ ᠪᠥᠬᠦ ᠬᠦᠴᠦᠨ ᠢᠶᠠᠷ ᠢᠶᠠᠨ ᠥᠩᠭᠡᠷᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠠᠰᠢᠭ ᠬᠦᠷᠲᠡᠭᠡᠬᠦ ᠠᠮᠤᠷ ᠲᠦᠪᠰᠢᠨ ᠬᠥᠭᠵᠢᠯᠲᠡ ᠶᠢ ᠲᠦᠯᠬᠢᠨ ᠠᠬᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠪᠡᠷᠮᠢᠴᠡ ᠣᠨᠴᠠᠯᠢᠭ ᠪᠦᠬᠦᠢ ᠤᠯᠠᠨ ᠶᠠᠩᠵᠤᠴᠢᠯᠠᠭᠰᠠᠨ ᠬᠥᠭᠵᠢᠯᠲᠡ ᠶᠢ ᠲᠡᠮᠵᠢᠵᠤ᠂ ᠵᠢᠩᠬᠢᠨᠢ ᠠᠩᠭᠢ ᠶᠢᠨ ᠰᠤᠷᠭᠠᠭᠤᠯᠢ ᠳᠡᠪᠰᠢᠬᠦ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ ᠡᠯ᠎ᠡ ᠬᠦᠷᠢᠶᠡᠨ ᠳᠤ ᠨᠠᠩ ᠣᠯᠠᠨ ᠤᠷ᠎ᠠ ᠴᠢᠳᠠᠪᠤᠷᠢᠲᠠᠨ ᠢ ᠬᠥᠮᠥᠵᠢᠭᠦᠯᠦᠨ᠎ᠡ᠃ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠶᠢ ᠥᠷᠭᠡᠳᠬᠡᠵᠦ᠂ ᠪᠡᠭᠡᠵᠢᠩ ᠬᠤᠲᠠ ᠶᠢᠨ ᠴᠣᠣᠶᠠᠩ ᠲᠣᠭᠤᠷᠢᠭ ᠯᠤᠭ᠎ᠠ ᠶᠢᠨ ᠪᠠᠭᠰᠢ ᠶᠢᠨ ᠬᠦᠴᠦᠨ᠂ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠵᠡᠷᠭᠡ ᠲᠠᠯ᠎ᠠ ᠶᠢᠨ ᠬᠤᠷᠰᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠪᠠ ᠪᠠᠭᠰᠢ ᠶᠢ ᠤᠷᠢᠨ ᠬᠡᠷᠡᠭᠯᠡᠬᠦ ᠵᠠᠯᠭᠠᠮᠵᠢ ᠬᠠᠮᠢᠶᠠᠷᠤᠯᠲᠠ ᠶᠢ ᠴᠢᠩᠭᠠᠳᠬᠠᠵᠤ᠂ ᠪᠠᠭᠰᠢ ᠶᠢᠨ ᠮᠡᠷᠭᠡᠵᠢᠯ ᠤᠨ ᠴᠣᠯᠠ ᠶᠢ ᠲᠠᠰ ᠬᠤᠪᠢᠶᠠᠨ ᠤᠷᠢᠨ ᠲᠣᠮᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠂ ᠪᠠᠭᠰᠢ ᠶᠢᠨ ᠡᠩᠨᠡᠭᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃      ᠠᠷᠠᠳ ᠲᠦᠮᠡᠨ ᠤ ᠡᠷᠡᠭᠦᠯ ᠮᠡᠨᠳᠦ ᠶᠢ ᠪᠦᠬᠦ ᠬᠦᠴᠦᠨ ᠢᠶᠠᠷ ᠰᠠᠬᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠵᠢᠯ ᠤᠨ ᠳᠣᠲᠣᠷ᠎ᠠ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ︾ ᠶᠢ ᠫᠠᠶᠢᠰᠠ ᠡᠯᠭᠦᠨ ᠪᠠᠶᠢᠭᠤᠯᠤᠨ᠎ᠠ᠃ ᠪᠡᠭᠡᠵᠢᠩ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠨᠠᠷᠠᠲᠤ ᠡᠮᠴᠢ ᠳᠠᠭᠠᠭᠤᠯᠤᠨ ᠬᠥᠮᠥᠵᠢᠭᠦᠯᠬᠦ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ︽ᠠᠯᠤᠰ ᠠᠴᠠ ᠬᠠᠮᠲᠤᠷᠠᠨ ᠣᠨᠣᠰᠢᠯᠠᠬᠤ︾ ︽ᠲᠤᠬᠠᠢ ᠶᠢᠨ ᠲᠠᠯᠠᠪᠤᠷ ᠲᠤ ᠠᠰᠠᠭᠤᠨ ᠣᠨᠣᠰᠢᠯᠠᠬᠤ︾ ᠶᠢ ᠥᠷᠭᠡᠨ ᠢᠶᠠᠷ ᠬᠡᠷᠡᠭᠵᠢᠭᠦᠯᠦᠨ᠂ ᠡᠮᠴᠢᠯᠡᠭᠡᠨ ᠤ ᠲᠤᠰᠬᠠᠢ ᠮᠡᠷᠭᠡᠵᠢᠯᠲᠡᠳ ᠤᠨ ᠮᠠᠨ ᠤ ᠬᠤᠰᠢᠭᠤᠨ ᠳᠤ ᠰᠠᠭᠤᠵᠤ ᠡᠮᠴᠢᠯᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠳᠤ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠡᠳ᠋ᠯᠡᠭᠦᠯᠦᠨ᠎ᠡ᠃ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠨᠤᠲᠤᠭ ᠤᠨ ᠡᠪᠡᠳᠴᠢᠨ ᠡᠮᠭᠡᠭ᠂ ᠠᠮᠠᠷᠬᠠᠨ ᠡᠭᠦᠰᠬᠦ ᠪᠠ ᠣᠯᠠᠨ ᠡᠭᠦᠰᠬᠦ ᠡᠪᠡᠳᠴᠢᠨ ᠳᠤ ᠴᠢᠭᠯᠡᠭᠦᠯᠦᠨ᠂ ᠣᠨᠴᠠᠯᠢᠭᠲᠤ ᠲᠤᠰᠬᠠᠢ ᠰᠠᠯᠠᠭ᠎ᠠ ᠶᠢ ᠢᠳᠡᠪᠬᠢᠲᠡᠢ ᠪᠠᠷ ᠪᠣᠶ ᠪᠣᠯᠭᠠᠵᠤ᠂ ᠬᠢᠲᠠᠳ ᠮᠣᠩᠭᠤᠯ ᠤᠨ ᠡᠮᠴᠢᠯᠡᠭᠡ ᠬᠢᠭᠡᠳ ᠡᠮᠴᠢᠯᠡᠭᠡ ᠰᠤᠪᠢᠯᠠᠯᠲᠠ᠂ ᠡᠷᠡᠭᠦᠯᠵᠢᠯ ᠰᠤᠪᠢᠯᠠᠯᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠦᠨ᠎ᠡ᠃ ᠪᠦᠬᠦ ᠠᠷᠠᠳ ᠤᠨ ᠳᠠᠭᠠᠳᠬᠠᠯ ᠳᠤ ᠣᠷᠣᠯᠴᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠠᠨ ᠲᠦᠮᠡᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠶᠠᠰᠤ ᠴᠢᠨᠠᠷ ᠢ ᠰᠠᠶᠢᠵᠢᠷᠠᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠠᠮᠢ ᠠᠪᠤᠷᠠᠭᠰᠠᠨ ᠵᠣᠭᠤᠰ ᠢ ᠰᠠᠶᠢᠲᠤᠷ ᠰᠠᠬᠢᠨ ᠬᠠᠮᠠᠭᠠᠯᠠᠵᠤ᠂ ᠡᠪᠡᠳᠴᠢᠨ ᠦᠵᠡᠭᠦᠯᠦᠭᠰᠡᠨ ᠵᠣᠭᠤᠰ ᠢ ᠰᠠᠶᠢᠲᠤᠷ ᠲᠠᠩᠰᠠᠨ ᠠᠴᠠ ᠲᠠᠶᠢᠯᠤᠨ᠎ᠠ᠃      ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠣᠶᠣᠯ ᠤᠨ ᠣᠷᠳᠣᠨ᠂ ᠨᠣᠮ ᠤᠨ ᠰᠠᠩ᠂ ᠮᠦᠽᠧᠢ᠂ ᠶᠡᠷᠦᠩᠬᠡᠶᠢᠯᠡᠭᠰᠡᠨ ᠰᠣᠶᠣᠯ ᠤᠨ ᠦᠷᠳᠡᠭᠡ ᠵᠡᠷᠭᠡ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠵᠦ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠪᠥᠬᠦ ᠵᠢᠯ ᠳᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠲᠠᠯᠠᠪᠠᠶ ᠠᠴᠠ ᠳᠡᠭᠡᠭᠰᠢ ᠥᠷᠨᠢᠭᠦᠯᠦᠨ᠎ᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠪᠡᠶᠡᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠠᠵᠢᠯ ᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ ᠢᠳᠡᠪᠬᠢᠲᠡᠢ ᠲᠡᠮᠡᠴᠡᠨ ᠣᠯᠵᠤ᠂ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠶᠢ ᠪᠥᠬᠦ ᠠᠷᠠᠳ ᠤᠨ ᠡᠷᠡᠭᠦᠯ ᠮᠡᠨᠳᠦ ᠶᠢᠨ ᠤᠬᠠᠮᠰᠠᠷᠲᠤ ᠠᠵᠢᠯᠯᠠᠭ᠎ᠠ ᠪᠣᠯᠭᠠᠨ᠎ᠠ      ᠲᠥᠯᠥᠭᠡᠯᠡᠭᠴᠢᠳ ᠠ᠋︕ ᠣᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠤᠨ ᠲᠣᠭᠤᠷᠢᠨ ᠳᠤ᠂ ᠬᠤᠰᠢᠭᠤᠨ ᠤ ᠵᠠᠰᠠᠭ ᠤᠨ ᠣᠷᠳᠣᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ 12 ᠲᠥᠷᠥᠯ ᠵᠦᠢᠯ ᠢ ᠥᠷᠭᠡᠨ ᠢᠶᠠᠷ ᠡᠯᠰᠡᠨ ᠰᠣᠩᠭᠤᠵᠤ᠂ ᠪᠢᠴᠢᠭ ᠤᠨ ᠬᠡᠯᠪᠡᠷᠢ ᠶᠢᠨ ᠮᠡᠳᠡᠭᠦᠯᠦᠯᠲᠡ ᠭᠠᠷᠭᠠᠪᠠ᠂ ᠲᠥᠯᠥᠭᠡᠯᠡᠭᠴᠢᠳ ᠬᠢᠨᠠᠨ ᠵᠥᠪᠯᠡᠬᠦ ᠶᠢ ᠬᠦᠰᠡᠵᠦ ᠪᠠᠶᠢᠨ᠎ᠠ᠃ ᠪᠢᠳᠡ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      ︵ᠳᠣᠯᠤᠭ᠎ᠠ︶ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠠᠮᠤᠭᠤᠯᠠᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠦᠲᠦᠭᠡᠨ ᠪᠠᠶᠢᠭᠤᠯᠤᠨ᠎ᠠ      ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠪᠠ᠃ ᠠᠵᠤ ᠠᠬᠤᠢ᠂ ᠮᠥᠩᠭᠦᠨ ᠭᠦᠢᠯᠭᠡᠭᠡ᠂ ᠠᠮᠤ ᠪᠤᠳᠠᠭ᠎ᠠ ᠵᠡᠷᠭᠡ ᠨᠡᠶᠢᠭᠡᠮ ᠤᠨ ᠡᠯ᠎ᠡ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠤᠯᠤᠰ ᠤᠨ ᠥᠷᠢ ᠥᠭᠴᠡᠭᠡ ᠶᠢ ᠪᠦᠬᠦᠨ ᠢ ᠬᠠᠮᠤᠷᠤᠭᠰᠠᠨ ᠲᠥᠷᠥ ᠶᠢᠨ ᠪᠣᠳᠣᠯᠭ᠎ᠠ ᠶᠢ ᠠᠰᠢᠭᠯᠠᠨ᠂ ᠦᠯᠡᠳᠡᠭᠡᠯ ᠥᠷᠢ ᠥᠭᠴᠡᠭᠡ ᠶᠢ ᠲᠣᠬᠢᠲᠠᠢ ᠰᠢᠢᠳᠪᠦᠷᠢᠯᠡᠨ᠎ᠡ᠃ ᠡᠷᠡᠭᠦᠯ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠡᠷᠡᠰ ᠰᠠᠬᠢᠨ᠎ᠠ᠃      ᠤᠯᠠᠨ ᠨᠡᠶᠢᠲᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ ︽ᠲᠠᠪᠤᠨ ᠵᠦᠢᠯ ᠤᠨ ᠲᠣᠭᠲᠠᠴᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ︽ᠳᠥᠷᠪᠡᠨ ᠬᠠᠮᠤᠭ ᠤᠨ ᠴᠢᠩᠭ᠎ᠠ︾ ᠪᠠᠷ ᠢᠳᠡᠭᠡᠨ ᠪᠠ ᠡᠮ ᠤᠨ ᠵᠦᠢᠯ ᠤᠨ ᠪᠥᠬᠦ ᠬᠡᠯᠬᠢᠶ᠎ᠡ᠂ ᠪᠥᠬᠦ ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠡᠷᠡᠭᠯᠡᠭᠡᠨ ᠤ ᠰᠠᠨᠠᠭ᠎ᠠ ᠠᠮᠤᠷ ᠵᠡᠭᠡᠯᠢ ᠲᠣᠭᠤᠷᠢᠭ︾ ᠢ ᠡᠭᠦᠳᠦᠨ ᠪᠠᠶᠢᠭᠤᠯᠬᠤ ᠡᠷᠴᠢᠮ ᠢ ᠴᠢᠩᠭᠠᠷᠠᠭᠤᠯᠤᠨ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠨ᠎ᠠ᠃ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠢ ᠡᠰᠡᠷᠭᠦᠴᠡᠬᠦ᠂ ᠭᠠᠮᠰᠢᠭ ᠠᠴᠠ ᠠᠪᠤᠷᠠᠬᠤ ᠰᠢᠰᠲ᠋ᠧᠮ ᠢ ᠲᠡᠭᠦᠯᠳᠡᠷᠵᠢᠭᠦᠯᠵᠦ᠂ ᠴᠠᠭ ᠠᠭᠤᠷ᠂ ᠭᠠᠵᠠᠷ ᠬᠥᠳᠡᠯᠦᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠴᠢᠩᠭᠠᠳᠬᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠠᠳᠬᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠶᠡᠭᠡ ᠪᠠᠷ ᠲᠡᠮᠵᠢᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠮᠣᠳᠣ ᠶᠢ ᠦᠨᠳᠦᠰᠦ ᠭᠦᠨ ᠨᠠᠪᠴᠢ ᠰᠠᠬᠤᠯᠢᠭ ᠪᠣᠯᠭᠠᠨ᠎ᠠ᠃      ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠭᠡᠭᠡᠨ ᠰᠠᠷᠠᠭᠤᠯ ᠢᠨᠵᠧᠨᠧᠷᠢᠩ︾ ᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠶᠢᠷᠡᠭᠦᠯᠵᠦ᠂ ︽ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠤ ᠢᠷᠠᠭᠤ ᠠᠯᠳᠠᠷ ᠤᠨ ᠴᠣᠯᠠ ᠶᠢ ᠰᠠᠶᠢᠲᠤᠷ ᠬᠠᠮᠠᠭᠠᠯᠠᠨ ᠪᠠᠬᠢᠵᠢᠭᠦᠯᠦᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠶᠡᠭᠡ ᠲᠠᠯ᠎ᠠ ᠳᠤ ᠦᠢᠯᠡᠴᠢᠯᠡᠬᠦ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠳᠡᠮᠵᠢᠵᠦ᠂ ᠠᠷᠠᠳ ᠤᠨ ᠰᠡᠳᠬᠢᠯ ᠠᠷᠠᠳ ᠤᠨ ᠬᠦᠴᠦᠨ ᠢ ᠨᠡᠩ ᠰᠠᠶᠢᠲᠤᠷ ᠨᠢᠭᠲᠠᠷᠠᠭᠤᠯᠤᠨ᠎ᠠ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃      ᠲᠥᠯᠥᠭᠡᠯᠡᠭᠴᠢᠳ ᠠ᠋︕ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠨᠢ ᠡᠬᠡ ᠣᠷᠣᠨ ᠤ ᠨᠢᠭᠡᠳᠦᠯ ᠪᠠ ᠬᠢᠯᠢ ᠬᠢᠵᠠᠭᠠᠷ ᠤᠨ ᠪᠠᠬᠢᠵᠢᠯ ᠳᠤ ᠬᠤᠯᠪᠣᠭᠳᠠᠵᠤ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠵᠤ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠵᠤ ᠪᠠᠶᠢᠳᠠᠭ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠣᠯᠭᠠᠵᠤ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠡᠯᠭᠡᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠬᠡᠷᠡᠭᠲᠡᠢ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠬᠤᠪᠢ ᠳᠠᠬᠢᠨ ᠨᠠᠨᠳᠢᠩᠨᠠᠬᠤ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠨᠠᠷᠢᠨ ᠨᠢᠮᠪᠠᠢ ᠬᠠᠮᠠᠭᠠᠯᠠᠨ᠎ᠠ᠃ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠰᠢᠨ᠎ᠡ ᠪᠠᠶᠢᠳᠠᠯ ᠨᠢ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠠᠢ᠂ ᠪᠢᠳᠡ ᠨᠡᠩ ᠥᠨᠳᠥᠷ ᠪᠠᠷᠢᠮᠵᠢᠶ᠎ᠠ᠂ ᠨᠡᠩ ᠰᠠᠶᠢᠨ ᠪᠠᠶᠢᠳᠠᠯ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠨᠠᠭᠰᠢᠳᠠ ᠴᠢᠩᠭᠠᠳᠬᠠᠵᠤ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠦᠨᠡᠨᠴᠢ ᠰᠢᠳᠤᠷᠭᠤ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠲᠡᠷᠡ ᠬᠡᠪ ᠢᠶᠠᠷ ᠨᠢ ᠲᠤᠤᠱᠯᠠᠭᠤᠯᠤᠨ᠂ ᠬᠡᠷᠡᠭᠵᠢᠭᠦᠯᠬᠦ ᠳᠤ ᠬᠡᠯᠪᠡᠶᠢᠬᠦ ᠦᠭᠡᠢ᠂ ᠥᠭᠡᠷᠡᠲᠦᠭᠦᠯᠬᠦ ᠦᠭᠡᠢ ᠪᠠᠶᠢᠬᠤ ᠶᠢ ᠪᠠᠲᠤᠯᠠᠨ᠎ᠠ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃      ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠢ ᠡᠷᠬᠢᠯᠡᠬᠦ ᠶᠢ ᠪᠠᠷᠢᠮᠲᠠᠯᠠᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠠᠴᠠ ᠬᠦᠰᠡᠨ ᠬᠦᠯᠢᠶᠡᠵᠦ ᠪᠠᠶᠢᠭ᠎ᠠ ᠪᠣᠳᠠᠲᠤ ᠶᠠᠪᠤᠳᠠᠯ ᠤᠨ ᠲᠣᠭᠤᠷᠢᠨ ᠳᠤ ᠨᠢᠭᠡ ᠨᠢᠭᠡ ᠪᠠᠷ ᠴᠢᠩᠭ᠎ᠠ ᠬᠡᠷᠡᠭᠵᠢᠭᠦᠯᠵᠦ᠂ ᠨᠢᠭᠡ ᠨᠢᠭᠡ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠯᠪᠡᠷᠢ ᠶᠢᠨ ᠦᠵᠡᠯ ᠢ ᠡᠷᠡᠰ ᠵᠠᠯᠠᠷᠠᠭᠤᠯᠤᠨ ᠵᠠᠰᠠᠵᠤ᠂ ᠠᠰᠠᠭᠤᠳᠠᠯ ᠢ ᠰᠢᠢᠳᠪᠦᠷᠢᠯᠡᠬᠦ ᠦᠭᠡᠢ ᠬᠤᠷᠠᠯ ᠢ ᠬᠤᠷᠠᠯᠳᠤᠭᠤᠯᠬᠤ ᠦᠭᠡᠢ᠂ ᠮᠥᠨ ᠴᠢᠨᠠᠷ ᠤᠨ ᠠᠭᠤᠯᠭ᠎ᠠ ᠦᠭᠡᠢ ᠪᠢᠴᠢᠭ ᠮᠠᠲ᠋ᠧᠷᠢᠶᠠᠯ ᠢ ᠲᠠᠷᠬᠠᠭᠠᠬᠤ ᠦᠭᠡᠢ ᠪᠠᠶᠢᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠦᠷ᠎ᠡ ᠪᠦᠲᠦᠮᠵᠢᠲᠡᠶ᠂ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠪᠣᠳᠠᠲᠠᠢ ᠠᠵᠢᠯᠯᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃      ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠤᠬᠠᠮᠰᠠᠷ ᠠᠴᠠ ᠪᠠᠨ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠤ ᠲᠤᠰᠢᠶᠠᠯ ᠬᠠᠤᠯᠢ ᠴᠠᠭᠠᠵᠠ ᠶᠢ ᠲᠦᠭᠡᠮᠡᠯᠵᠢᠭᠦᠯᠬᠦ ᠨᠠᠢᠮᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠤᠭ᠎ᠠ ᠪᠦᠷᠢᠳᠬᠡᠯ ᠤᠨ ᠬᠢᠨᠠᠯᠲᠠ᠂ ᠡᠳ᠋ ᠤᠨ ᠶᠠᠪᠤᠳᠠᠯ ᠨᠢᠭᠲᠠᠯᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠭᠤᠨ ᠤᠲᠠᠰᠤᠨ ᠤ ᠤᠳᠤᠷᠢᠳᠬᠤ ᠺᠠᠳ᠋ᠷᠴᠤᠳ ᠤᠨ ᠬᠡᠷᠡᠭ ᠢ ᠳᠠᠭᠠᠭᠠᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ᠂ ᠠᠵᠤ ᠠᠬᠤᠶᠢᠯᠠᠯ ᠤᠨ ᠲᠤᠰᠬᠠᠯ ᠥᠨᠳᠥᠷ ᠪᠠᠶᠢᠬᠤ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠭᠦᠢᠴᠡᠳᠬᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠪᠦᠬᠦ ᠶᠠᠪᠤᠴᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠪᠳᠡᠭᠰᠡᠨ ᠵᠡᠷᠭᠡ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠢᠮᠠᠭᠲᠠ ᠪᠠᠲᠤ ᠪᠠᠬᠢ ᠪᠤᠢ ᠪᠣᠯᠭᠠᠵᠤ᠂ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠨᠡᠩ ᠤᠯᠠᠨ ᠡᠳ᠋ ᠤᠨ ᠵᠠᠰᠠᠭ ᠤᠨ ᠪᠡᠯᠡ ᠮᠥᠩᠭᠦ ᠶᠢ ᠠᠵᠤ ᠠᠬᠤᠢ ᠶᠢ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠡᠷᠡᠭᠯᠡᠨ᠎ᠡ᠃      ᠲᠥᠯᠥᠭᠡᠯᠡᠭᠴᠢᠳ ᠠ᠋︕ ᠠᠷᠠᠳ ᠤᠯᠠᠨ ᠤ ᠬᠦᠰᠡᠯ ᠡᠷᠡᠮᠡᠯᠵᠡᠯ ᠪᠣᠯᠪᠠᠰᠤ ᠵᠠᠰᠠᠭ ᠲᠦᠷᠦ ᠶᠢᠨ ᠬᠠᠨᠳᠤᠰᠢ ᠪᠣᠯᠣᠮᠤᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾  ᠶᠢ ᠶᠡᠬᠡᠪᠡᠷ ᠪᠠᠳᠠᠷᠠᠭᠤᠯᠤᠨ᠂ ᠤᠭ ᠰᠠᠨᠠᠭ᠎ᠠ ᠪᠠᠨ ᠡᠭᠦᠷᠢᠳᠡ ᠬᠠᠳᠠᠭᠠᠯᠠᠵᠤ᠂ ᠠᠷᠠᠳ ᠤᠨ ᠲᠥᠯᠥᠭᠡ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ᠃ᠨᠡᠷ᠎ᠡ ᠦᠭᠡ ᠶᠢᠨ ᠲᠠᠶᠢᠯᠪᠤᠷᠢ      1. ᠬᠤᠶᠠᠷ ᠶᠡᠭᠡ ᠶᠠᠪᠤᠳᠠᠯ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠂ ᠡᠴᠦᠰ ᠲᠤᠨᠢ ᠲᠤᠯᠲᠠᠯ᠎ᠠ ᠠᠳᠬᠤᠵᠤ ᠰᠠᠶᠢᠲᠤᠷ ᠪᠡᠶᠡᠯᠡᠭᠦᠯᠬᠦ ᠬᠡᠷᠡᠭᠲᠡᠢ᠃ ᠡᠭᠦᠨ ᠳᠤ ︽ᠲᠠᠪᠤᠨ ᠶᠡᠭᠡ ᠡᠭᠦᠷᠭᠡ︾ ᠭᠡᠳᠡᠭ ᠨᠢ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠶᠢ ᠵᠢᠭᠠᠵᠤ ᠪᠣᠶ᠃      2. ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠬᠤ᠄ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠳᠡᠭᠡᠳᠦ ᠲᠡᠰ ᠳᠠᠪᠬᠤᠷᠭ᠎ᠠ ᠶᠢᠨ ᠭᠦᠨᠵᠡᠭᠡᠢ ᠤᠶᠠᠯᠳᠤᠯ ᠢ ᠵᠢᠭᠠᠵᠤ ᠪᠠᠶᠢᠨ᠎ᠠ᠂ ᠮᠡᠳᠡᠭᠡ ᠵᠠᠩᠭᠢᠵᠢᠯᠲᠠ ᠪᠠᠷ ᠠᠵᠤ ᠦᠢᠯᠡᠳᠪᠦᠷᠢᠵᠢᠯᠲᠡ ᠶᠢ ᠲᠠᠶᠢᠴᠢᠯᠠᠵᠤ᠂ ᠠᠵᠤ ᠦᠢᠯᠡᠳᠪᠦᠷᠢᠵᠢᠯᠲᠡ ᠪᠠᠷ ᠮᠡᠳᠡᠭᠡ ᠵᠠᠩᠭᠢᠵᠢᠯᠲᠠ ᠶᠢ ᠠᠬᠢᠭᠤᠯᠵᠤ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠵᠠᠮ ᠢᠶᠠᠷ ᠵᠠᠮᠨᠠᠬᠤ ᠶᠢ ᠵᠢᠭᠠᠵᠤ ᠪᠠᠶᠢᠨ᠎ᠠ᠃      3. ᠲᠤᠰᠬᠠᠢ ᠨᠠᠷᠢᠯᠢᠭ ᠣᠨᠴᠠ ᠰᠢᠨ᠎ᠡ᠄ ᠳᠤᠮᠳᠠ ᠵᠢᠵᠢᠭ ᠠᠵᠤ ᠠᠬᠤᠶᠢᠯᠠᠯ ᠨᠢ ︽ᠲᠤᠰᠬᠠᠶᠢᠵᠢᠭᠤᠯᠤᠭᠰᠠᠨ᠂ ᠨᠠᠷᠢᠯᠢᠭᠵᠢᠭᠤᠯᠤᠭᠰᠠᠨ᠂ ᠣᠨᠴᠠᠯᠢᠬᠵᠢᠭᠤᠯᠤᠭᠰᠠᠨ᠂ ᠰᠢᠨ᠎ᠡ ᠰᠣᠷᠭᠤᠭᠵᠢᠭᠤᠯᠤᠭᠰᠠᠨ︾ ᠣᠨᠴᠠᠯᠢᠭ ᠲᠠᠢ ᠪᠠᠶᠢᠬᠤ ᠶᠢ ᠵᠢᠭᠠᠵᠤ ᠪᠠᠶᠢᠨ᠎ᠠ᠃      4. ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠶᠡᠷᠦᠩᠬᠡᠶᠢᠯᠡᠭᠰᠡᠨ ᠪᠦᠷᠬᠦᠴᠡ ᠭᠡᠳᠡᠭ ᠨᠢ ᠶᠠᠮᠠᠷ ᠨᠢᠭᠡᠨ ᠣᠷᠣᠨ ᠪᠦᠰᠡ ᠶᠢᠨ ᠡᠯ᠎ᠡ ᠭᠤᠣᠯ ᠪᠣᠯᠬᠤ ᠪᠡᠯᠴᠢᠭᠡᠷ ᠤᠨ ᠲᠥᠷᠥᠯ ᠤᠨ ᠤᠷᠭᠤᠮᠠᠯ ᠤᠨ ᠬᠤᠴᠢᠯᠭ᠎ᠠ ᠬᠢᠭᠡᠳ ᠲᠡᠭᠦᠨ ᠤ ᠡᠵᠡᠯᠡᠬᠦ ᠲᠠᠯᠠᠪᠠᠶ ᠶᠢᠨ ᠬᠠᠷᠢᠴᠠᠯ ᠤᠨ ᠨᠡᠮᠡᠭᠦᠷᠢ ᠶᠢᠨ ᠳᠤᠮᠳᠠᠴᠢ ᠬᠡᠮᠵᠢᠭᠳᠡᠯ ᠢ ᠵᠢᠭᠠᠵᠤ ᠪᠠᠶᠢᠨ᠎ᠠ᠂ ᠭᠤᠣᠯᠳᠠᠭᠤ ᠨᠤᠲᠤᠭ ᠪᠡᠯᠴᠢᠭᠡᠷ ᠤᠨ ᠨᠤᠲᠤᠭ ᠪᠡᠯᠴᠢᠭᠡᠷ ᠤᠨ ᠤᠷᠭᠤᠴᠠ ᠶᠢᠨ ᠥᠳᠬᠡᠴᠡ ᠶᠢᠨ ᠬᠡᠮᠵᠢᠶ᠎ᠡ ᠶᠢ ᠲᠤᠰᠬᠠᠵᠤ ᠪᠠᠶᠢᠨ᠎ᠠ᠃      5. ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ᠄ ᠡᠨᠡ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠵᠢᠭᠠᠵᠤ ᠪᠣᠶ᠃      6. ︽ᠲᠠᠪᠤᠨ ᠶᠡᠭᠡ ᠡᠬᠢᠯᠡᠯᠲᠡ ᠲᠠᠢ ᠪᠣᠯᠭᠠᠬᠤ︾ ᠠᠵᠢᠯᠯᠠᠭ᠎ᠠ᠄ 2022 ᠣᠨ ᠤ 7 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠰᠤᠯᠠ ᠪᠠᠶᠢᠬᠤ ᠭᠠᠵᠠᠷ ᠰᠢᠷᠣᠢ᠂ ᠳᠠᠷᠤᠭᠳᠠᠮᠠᠯ ᠪᠡᠯᠡ ᠮᠥᠩᠭᠦ᠂ ︽ᠬᠠᠭᠠᠰ ᠳᠤᠲᠠᠭᠤ︾ ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠡᠬᠢᠯᠡᠯᠲᠡ ᠲᠠᠢ ᠪᠣᠯᠭᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃      7. ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ᠄ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠰᠤᠭᠳᠠᠯ ᠲᠠᠢ ᠬᠤᠯᠪᠣᠭᠳᠠᠭᠤᠯᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠥᠯᠦᠪᠵᠢᠭᠦᠯᠭᠡ ᠶᠢ ᠦᠨᠳᠦᠰᠦᠯᠡᠵᠦ᠂ ᠲᠠᠷᠢᠶᠠᠨ ᠭᠠᠵᠠᠷ ᠪᠣᠯᠭᠠᠨ ᠡᠮᠬᠢᠯᠡᠨ ᠳᠠᠬᠢᠨ ᠬᠠᠭᠠᠯᠪᠤᠷᠢᠯᠠᠬᠤ ᠪᠠᠷ ᠪᠠᠶᠢᠭ᠎ᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠡᠰᠡᠭ ︵ᠳᠠᠷᠤᠢ ᠬᠠᠭᠤᠴᠢᠨ ᠭᠠᠵᠠᠷ ᠢ ᠨᠤᠷᠠᠭᠠᠬᠤ︶ ᠪᠠ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠪᠠᠶᠢᠭ᠎ᠠ ᠭᠠᠵᠠᠷ ᠰᠢᠷᠣᠢ ᠶᠢᠨ ᠬᠡᠰᠡᠭ ︵ᠳᠠᠷᠤᠢ ᠰᠢᠨ᠎ᠡ ᠭᠠᠵᠠᠷ ᠢ ᠪᠠᠶᠢᠭᠤᠯᠬᠤ︶ ᠵᠡᠷᠭᠡ ᠲᠠᠯᠠᠪᠠᠶ ᠶᠢ ᠬᠠᠮᠲᠤ ᠳᠤᠨᠢ ᠰᠢᠨ᠎ᠡ ᠪᠠᠷ ᠬᠠᠭᠤᠴᠢᠨ ᠭᠠᠵᠠᠷ ᠢ ᠨᠤᠷᠠᠭᠠᠬᠤ ᠲᠥᠷᠥᠯ ᠵᠦᠢᠯ ᠤᠨ ᠲᠣᠭᠤᠷᠢᠭ ᠢ ᠪᠦᠷᠢᠯᠳᠦᠭᠦᠯᠦᠨ᠎ᠡ᠃ ᠰᠢᠨ᠎ᠡ ᠶᠢ ᠪᠠᠶᠢᠭᠤᠯᠵᠤ ᠬᠠᠭᠤᠴᠢᠨ ᠢ ᠨᠤᠷᠠᠭᠠᠬᠤ ᠪᠠ ᠭᠠᠵᠠᠷ ᠰᠢᠷᠣᠢ ᠶᠢ ᠡᠮᠬᠢᠯᠡᠨ ᠳᠠᠬᠢᠨ ᠬᠠᠭᠠᠯᠪᠤᠷᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠥᠷᠥᠯ ᠵᠦᠢᠯ ᠤᠨ ᠣᠷᠣᠨ ᠤ ᠳᠣᠲᠣᠷᠠᠬᠢ ᠡᠯ᠎ᠡ ᠲᠥᠷᠥᠯ ᠤᠨ ᠭᠠᠵᠠᠷ ᠰᠢᠷᠣᠢ ᠶᠢᠨ ᠲᠠᠯᠠᠪᠠᠶ ᠶᠢᠨ ᠲᠡᠩᠴᠡᠭᠦᠷᠢ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠬᠠᠮᠤᠭ ᠡᠴᠦᠰ ᠲᠤ ᠲᠠᠷᠢᠶᠠᠨ ᠭᠠᠵᠠᠷ ᠤᠨ ᠠᠰᠢᠭᠲᠤ ᠲᠠᠯᠠᠪᠠᠶ ᠶᠢ ᠨᠡᠮᠡᠭᠳᠡᠭᠦᠯᠬᠦ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠢ ᠡᠷᠴᠢᠮᠯᠢᠭ ᠠᠰᠢᠭᠯᠠᠬᠤ᠂ ᠬᠤᠲᠠ ᠬᠥᠳᠡᠭᠡ ᠶᠢᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠶᠢ ᠨᠠᠩ ᠵᠦᠢ ᠵᠣᠬᠢᠰᠲᠠᠢ ᠪᠣᠯᠭᠠᠬᠤ ᠬᠠᠷᠠᠯᠲᠠ ᠶᠢ ᠪᠡᠶᠡᠯᠡᠭᠦᠯᠦᠨ᠎ᠡ᠃      8. ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠄ ᠨᠡᠶᠢᠭᠡᠮ ᠤᠨ ᠵᠠᠰᠠᠯᠲᠠ ᠶᠢ ᠥᠷᠨᠢᠭᠦᠯᠬᠦ ᠶᠠᠪᠤᠴᠠ ᠳᠤ ︽ᠲᠠᠪᠤ ᠶᠢ ᠪᠠᠷᠢᠮᠲᠠᠯᠠᠬᠤ︾ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠴᠣᠭᠴᠠ ᠪᠣᠯᠭᠠᠬᠤ ᠶᠢ ᠪᠠᠷᠢᠮᠲᠠᠯᠠᠵᠤ᠂ ︽ᠭᠤᠷᠪᠠ ᠶᠢ ᠵᠠᠰᠠᠬᠤ ᠶᠢ ᠠᠭᠤᠰᠤᠯᠴᠠᠭᠤᠯᠬᠤ︾ ᠶᠢ ᠪᠠᠷᠢᠮᠲᠠᠯᠠᠵᠤ᠂ ︽ᠳᠥᠷᠪᠡ ᠶᠢ ᠰᠡᠷᠭᠡᠶᠢᠯᠡᠬᠦ ᠶᠢ ᠵᠡᠷᠭᠡᠪᠡᠷ ᠠᠳᠬᠤᠬᠤ︾ ᠶᠢ ᠪᠠᠷᠢᠮᠲᠠᠯᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠨ᠎ᠠ᠃      9. ᠵᠢᠷᠭᠤᠭᠠᠨ ᠢᠨᠵᠧᠨᠧᠷᠢᠩ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠳᠠᠷᠤᠢ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ︾ ︽ᠳᠤᠯᠠᠭᠠᠨ ᠪᠦᠯᠢᠶᠡᠨ ᠢᠨᠵᠧᠨᠧᠷᠢᠩ︾ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ︽ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ﹀ ᠢᠨᠵᠧᠨᠧᠷᠢᠩ︾ ︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠪᠣᠯᠣᠨ᠎ᠠ᠃      10. NVP᠄ N— ᠡᠲ᠋ᠧᠨᠢᠯ ᠫᠢᠷᠤᠯᠢᠳᠤᠨ ᠢ ᠵᠢᠭᠠᠵᠤ ᠪᠠᠶᠢᠨ᠎ᠠ᠂ ᠭᠤᠣᠯ ᠬᠡᠷᠡᠭᠴᠡᠭᠡᠨ ᠤ ᠨᠢᠭᠡ ᠨᠢ ᠪᠣᠯ ᠲᠣᠮᠣ ᠮᠤᠯᠧᠺᠦᠶᠢᠯᠲᠤ ᠨᠢᠭᠡᠳᠪᠦᠷᠢ ᠶᠢᠨ ᠳᠠᠩ ᠪᠡᠶ᠎ᠡ ᠪᠣᠯᠵᠤ᠂ ᠪᠥᠭᠡᠭᠡᠨᠡᠷᠡᠬᠦ ᠤᠷᠪᠠᠯ ᠳᠤ ᠣᠷᠣᠯᠴᠠᠵᠤ ᠪᠥᠭᠡᠭᠡᠨᠡᠪᠦᠷᠢ ᠶᠢ ᠪᠡᠯᠡᠳᠬᠡᠨ᠎ᠡ᠂ ᠵᠢᠱᠢᠶᠡᠯᠡᠪᠡᠯ ᠪᠥᠭᠡᠭᠡᠨᠡᠷᠡᠯ N— ᠡᠲ᠋ᠧᠨᠢᠯ ᠫᠢᠷᠤᠯᠢᠳᠤᠨ ︵PVP︶ ᠵᠡᠷᠭᠡ ᠲᠣᠮᠣ ᠮᠤᠯᠧᠺᠦᠶᠢᠯᠲᠤ ᠨᠢᠭᠡᠳᠪᠦᠷᠢ ᠪᠣᠯᠣᠨ᠎ᠠ᠃ ᠡᠭᠦᠨ ᠢ ᠨᠡᠬᠡᠮᠡᠯ᠂ ᠡᠮ ᠡᠮᠨᠡᠯᠭᠡ᠂ ᠵᠠᠰᠠᠯ ᠴᠢᠮᠡᠭ ᠤᠨ ᠡᠳ᠋᠂ ᠰᠢᠷ ᠪᠤᠳᠤᠭ ᠵᠡᠷᠭᠡ ᠬᠦᠷᠢᠶ᠎ᠡ ᠬᠡᠪᠴᠢᠶᠡᠨ ᠳᠤ ᠬᠡᠷᠡᠭᠯᠡᠵᠦ ᠪᠣᠯᠣᠨ᠎ᠠ᠃ ᠡᠭᠦᠨ ᠠᠴᠠ ᠭᠠᠳᠠᠨ᠎ᠠ ᠪᠠᠰᠠ ᠭᠠᠳᠠᠷᠭᠤ ᠶᠢᠨ ᠢᠳᠡᠪᠬᠢᠵᠢᠭᠦᠯᠦᠭᠴᠢ᠂ ᠥᠳᠬᠡᠷᠡᠭᠦᠯᠦᠭᠴᠢ᠂ ᠣᠷᠣᠨᠵᠢᠭᠤᠯᠤᠭᠴᠢ᠂ ᠲᠦᠷᠭᠡᠳᠬᠡᠭᠦᠷ ᠤᠨ ᠠᠴᠢᠶᠠᠯᠠᠭᠴᠢ ᠵᠡᠷᠭᠡ ᠪᠠᠷ ᠬᠡᠷᠡᠭᠯᠡᠵᠦ ᠪᠣᠯᠣᠨ᠎ᠠ᠃      11. ᠬᠤᠶᠠᠷ ᠵᠢᠷᠤᠭ᠂ ᠬᠤᠶᠠᠷ ᠬᠥᠮᠥᠷᠭᠡ᠂ ᠬᠤᠶᠠᠷ ᠬᠦᠰᠦᠨᠦᠭᠲᠦ᠄ ᠬᠤᠶᠠᠷ ᠵᠢᠷᠤᠭ ᠭᠡᠳᠡᠭ ᠨᠢ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠦᠬᠦ ᠦᠵᠡᠮᠵᠢ ᠶᠢᠨ ᠵᠢᠷᠤᠭ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠠᠯᠤᠰ ᠤᠨ ᠲᠥᠯᠥᠪ ᠤᠨ ᠵᠢᠷᠤᠭ ᠢ ᠵᠢᠭᠠᠵᠤ ᠪᠠᠶᠢᠨ᠎ᠠ︔ ᠬᠤᠶᠠᠷ ᠬᠥᠮᠥᠷᠭᠡ ᠭᠡᠳᠡᠭ ᠨᠢ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ᠂ ᠬᠤᠯᠪᠣᠭᠳᠠᠬᠤ ᠵᠣᠴᠢᠨ ᠡᠷᠦᠬᠡ ᠶᠢᠨ ᠬᠥᠮᠥᠷᠭᠡ ᠶᠢ ᠵᠢᠭᠠᠵᠤ ᠪᠣᠶ︔ ᠬᠤᠶᠠᠷ ᠬᠦᠰᠦᠨᠦᠭᠲᠦ ᠭᠡᠳᠡᠭ ᠨᠢ ᠠᠵᠤ ᠦᠢᠯᠡᠰ ᠤᠨ ᠬᠡᠯᠬᠢᠶᠡᠨ ᠤ ᠬᠥᠲᠥᠴᠢ ᠠᠵᠤ ᠠᠬᠤᠶᠢᠯᠠᠯ ᠤᠨ ᠬᠦᠰᠦᠨᠦᠭᠲᠦ᠂ ᠢᠵᠢ ᠪᠦᠷᠢᠳᠦᠭᠰᠡᠨ ᠠᠵᠤ ᠠᠬᠤᠶᠢᠯᠠᠯ ᠤᠨ ᠬᠦᠰᠦᠨᠦᠭᠲᠦ ᠶᠢ ᠵᠢᠭᠠᠵᠤ ᠪᠣᠶ᠃      12. ᠭᠤᠷᠪᠠᠨ ᠣᠳᠣᠬᠢᠴᠢᠯᠠᠯᠲᠠ ᠶᠢᠨ ᠥᠭᠡᠷᠡᠴᠢᠯᠡᠯᠲᠡ᠄ ᠡᠨᠡ ᠨᠢ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠬᠤ ᠥᠭᠡᠷᠡᠴᠢᠯᠡᠯᠲᠡ ᠶᠢ ᠥᠷᠨᠢᠭᠦᠯᠬᠦ ᠶᠢ ᠵᠢᠭᠠᠵᠤ ᠪᠠᠶᠢᠨ᠎ᠠ᠃      13. ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠳᠤ᠄ 2023 ᠣᠨ ᠤ 10 ᠰᠠᠷ᠎ᠠ ᠶᠢᠨ 16 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠶᠢᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠳᠡᠮᠵᠢᠵᠦ᠂︽ᠲᠠᠪᠤᠨ ᠶᠡᠭᠡ ᠡᠭᠦᠷᠭᠡ︾ ᠶᠢ ᠲᠦᠷᠭᠡᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾  ᠢ ᠨᠡᠶᠢᠲᠡᠯᠡᠪᠡ᠃      14. ᠪᠢᠯᠢᠭ ᠲᠤᠶᠢᠯ ᠤᠨ ᠮᠠᠲ᠋ᠧᠷᠢᠶᠠᠯ ᠤᠨ ᠠᠵᠢᠯ ᠲᠥᠷᠥᠯ ᠤᠨ ︽ᠳᠥᠷᠪᠡᠨ ᠲᠠᠰ ᠳᠡᠪᠰᠢᠭᠦᠯᠬᠦ ᠠᠵᠢᠯᠯᠠᠭ᠎ᠠ︾᠄ ᠡᠨᠡ ᠨᠢ ᠪᠢᠯᠢᠭ ᠲᠤᠶᠢᠯ ᠤᠨ ᠮᠠᠲ᠋ᠧᠷᠢᠶᠠᠯ ᠤᠨ ᠠᠵᠢᠯ ᠲᠥᠷᠥᠯ ᠤᠨ ᠪᠥᠬᠦ ᠠᠵᠢᠯ ᠤᠨ ᠳᠠᠷᠠᠭᠠᠯᠠᠯ ᠢᠶᠠᠷ ᠳᠠᠪᠬᠤᠴᠠᠭᠤᠯᠤᠨ ᠲᠠᠰ ᠳᠡᠪᠰᠢᠭᠦᠯᠬᠦ᠂ ᠪᠥᠬᠦ ᠠᠵᠤ ᠦᠢᠯᠡᠰ ᠤᠨ ᠬᠡᠯᠬᠢᠶ᠎ᠡ ᠪᠠᠷ ᠲᠠᠰ ᠳᠡᠪᠰᠢᠭᠦᠯᠬᠦ᠂ ᠲᠣᠭᠠᠴᠢᠯᠠᠭᠰᠠᠨ ᠡᠨᠧᠷᠭᠢ ᠣᠯᠭᠤᠨ ᠲᠠᠰ ᠳᠡᠪᠰᠢᠭᠦᠯᠬᠦ ᠪᠠ ᠪᠣᠬᠢᠷᠲᠤᠯ ᠦᠭᠡᠢ ᠡᠨᠧᠷᠭᠢ ᠪᠠᠷ ᠣᠷᠣᠯᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠶᠢ ᠵᠢᠭᠠᠵᠤ ᠪᠣᠶ᠃      15. ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ᠄ ᠡᠨᠡ ᠪᠣᠯ ᠳᠤᠮᠳᠠᠳᠤ ᠤᠯᠤᠰ ᠤᠨ ᠤᠮᠠᠷᠠᠲᠤ ᠶᠢᠨ ᠭᠤᠷᠪᠠᠨ ᠣᠷᠣᠨ ︵ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ ᠪᠠ ᠵᠡᠭᠦᠨ ᠬᠤᠶᠢᠲᠤ ᠣᠷᠣᠨ︶ ᠳᠤ ᠪᠠᠶᠢᠭᠤᠯᠤᠭᠰᠠᠨ ᠲᠣᠮᠣ ᠬᠡᠯᠪᠡᠷᠢ ᠶᠢᠨ ᠬᠥᠮᠥᠨ ᠤ ᠬᠦᠴᠦᠨ ᠤ ᠤᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠢ ᠵᠢᠭᠠᠵᠤ ᠪᠠᠶᠢᠨ᠎ᠠ᠃      16. ᠠᠵᠤ ᠦᠢᠯᠡᠳᠪᠦᠷᠢ ᠶᠢᠨ ︽ᠭᠤᠷᠪᠠᠨ ᠬᠠᠶᠠᠭᠳᠠᠯ︾᠄ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠶᠠᠪᠤᠴᠠ ᠳᠤ ᠪᠤᠢ ᠪᠣᠯᠤᠭᠰᠠᠨ ᠭᠤᠷᠪᠠᠨ ᠵᠦᠢᠯ ᠤᠨ ᠬᠠᠶᠠᠭᠳᠠᠮᠠᠯ ᠪᠣᠳᠠᠰ᠂ ᠲᠤᠬᠠᠶᠢᠯᠠᠪᠠᠯ ᠬᠠᠶᠠᠭᠳᠠᠮᠠᠯ ᠤᠰᠤ᠂ ᠬᠠᠶᠠᠭᠳᠠᠮᠠᠯ ᠬᠡᠢ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠢᠭᠠᠵᠤ ᠪᠠᠶᠢᠨ᠎ᠠ᠃      17. ᠬᠤᠣᠰ ᠨᠡᠭᠦᠷᠡᠰᠦᠲᠥ᠋ᠷᠥᠭᠴᠢ ᠶᠢᠨ ᠪᠠᠶᠢᠯᠳᠤᠬᠤ ᠪᠣᠳᠣᠯᠭ᠎ᠠ᠄ 2020 ᠣᠨ ᠤ 9 ᠰᠠᠷ᠎ᠠ ᠳᠤ ᠳᠤᠷᠠᠳᠤᠭᠰᠠᠨ ᠨᠢ᠂ 2030 ᠣᠨ ᠠᠴᠠ ᠡᠮᠦᠨᠡᠬᠢ ︽ᠨᠡᠭᠦᠷᠡᠰᠦᠲᠥ᠋ᠷᠥᠭᠴᠢ ᠶᠢᠨ ᠣᠷᠭᠢᠯ ᠳᠤ ᠬᠦᠷᠬᠦ︾ ︵ᠳᠠᠷᠤᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠬᠠᠮᠤᠭ ᠤᠨ ᠥᠨᠳᠥᠷ ᠴᠡᠭ ᠲᠤ ᠬᠦᠷᠭᠡᠬᠦ ︶ ᠪᠠ 2060 ᠣᠨ ᠠᠴᠠ ᠡᠮᠦᠨᠡᠬᠢ ︽ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠭᠤᠯᠬᠤ︾ ︵ᠳᠠᠷᠤᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠪᠠ ᠰᠢᠩᠭᠡᠬᠡᠨ ᠠᠪᠬᠤ ᠬᠡᠮᠵᠢᠶ᠎ᠡ ᠶᠢ ᠲᠡᠩᠴᠡᠭᠦᠷᠢᠲᠡᠢ ᠪᠣᠯᠭᠠᠬᠤ︶ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠃      18. ᠪᠤᠭᠤᠷᠤᠯᠴᠤᠳ ᠤᠨ ᠠᠵᠤ ᠠᠬᠤᠢ᠄ ᠪᠤᠭᠤᠷᠤᠯᠴᠤᠳ ᠤᠨ ᠠᠵᠤ ᠠᠬᠤᠢ ᠭᠡᠳᠡᠭ ᠨᠢ ᠨᠠᠰᠤᠲᠠᠶᠢᠴᠤᠳ ᠢᠶᠠᠷ ᠬᠠᠷᠠᠯᠲᠠ ᠪᠣᠯᠭᠠᠭᠰᠠᠨ ᠵᠣᠴᠢᠨ ᠡᠷᠦᠬᠡ ᠶᠢᠨ ᠠᠵᠤ ᠦᠢᠯᠡᠰ ᠢ ᠵᠢᠭᠠᠵᠤ ᠪᠣᠶ᠃ 2024 ᠣᠨ ᠤ 1 ᠰᠠᠷ᠎ᠠ ᠶᠢᠨ 15 ᠤ ᠡᠳᠦᠷ᠂ ︽ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠵᠦ ᠨᠠᠰᠤᠲᠠᠶᠢᠴᠤᠳ ᠤᠨ ᠪᠤᠶᠠᠨ ᠵᠢᠷᠭᠠᠯ ᠢ ᠨᠡᠮᠡᠭᠳᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠢ ᠨᠡᠶᠢᠲᠡᠯᠡᠪᠡ᠂ ᠡᠨᠡ ᠪᠣᠯ ᠤᠯᠤᠰ ᠠᠴᠠ ᠨᠡᠶᠢᠲᠡᠯᠡᠭᠰᠡᠨ ᠪᠤᠭᠤᠷᠤᠯᠴᠤᠳ ᠤᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠩᠬᠠᠳᠠᠭᠴᠢ ᠲᠤᠰᠬᠠᠢ ᠪᠢᠴᠢᠭ ᠮᠠᠲ᠋ᠧᠷᠢᠶᠠᠯ ᠪᠣᠯᠣᠨ᠎ᠠ᠃      19. ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ᠄ ᠡᠨᠡ ᠨᠢ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠲᠠᠰᠤᠷᠠᠯᠲᠠ ᠦᠭᠡᠢ ᠳᠣᠷᠣᠭᠰᠢᠯᠠᠭᠤᠯᠬᠤ ᠶᠢ ᠪᠡᠶᠡᠯᠡᠭᠦᠯᠵᠦ᠂ ︽ᠪᠠᠭ᠎ᠠ ᠡᠪᠡᠳᠴᠢᠨ ᠢ ᠲᠣᠰᠬᠤᠨ ᠠᠴᠠ ᠭᠠᠷᠭᠠᠬᠤ ᠦᠭᠡᠢ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠢᠶᠠᠩ ︵ᠪᠠᠯᠭᠠᠰᠤ᠂ ᠨᠡᠶᠢᠭᠡᠮ ᠲᠣᠭᠤᠷᠢᠭ︶ ᠠᠴᠠ ᠭᠠᠷᠭᠠᠬᠤ ᠦᠭᠡᠢ᠂ ᠬᠦᠨᠳᠦ ᠡᠪᠡᠳᠴᠢᠨ ᠢ ᠰᠢᠶᠠᠨ ᠠᠴᠠ ᠭᠠᠷᠭᠠᠬᠤ ᠦᠭᠡᠢ᠂ ᠬᠦᠴᠢᠷ ᠲᠦᠪᠡᠭᠲᠡᠢ ᠬᠦᠨᠳᠦ ᠡᠪᠡᠳᠴᠢᠨ ᠢ ᠳᠠᠭᠢᠵᠤ ᠰᠢᠯᠵᠢᠭᠦᠯᠦᠨ ᠣᠨᠣᠰᠢᠯᠠᠬᠤ︾ ᠡᠪᠡᠳᠴᠢᠨ ᠦᠵᠡᠭᠦᠯᠬᠦ ᠰᠢᠨ᠎ᠡ ᠵᠠᠭᠪᠤᠷ ᠢ ᠵᠢᠭᠠᠵᠤ ᠪᠣᠶ᠃      20. ᠠᠶᠤᠯ ᠦᠭᠡᠢ ᠦᠢᠯᠡᠳᠪᠦᠷᠢᠯᠡᠯ ᠤᠨ ︽ᠲᠠᠪᠤᠨ ᠵᠦᠢᠯ ᠤᠨ ᠲᠣᠭᠲᠠᠴᠠ︾᠄ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ᠂ ᠠᠶᠤᠯ ᠦᠭᠡᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠤᠨ ᠳᠦᠷᠢᠮ᠂ ᠠᠶᠤᠯ ᠦᠭᠡᠢ ᠦᠢᠯᠡᠳᠪᠦᠷᠢᠯᠡᠯ ᠤᠨ ᠳᠦᠷᠢᠮ ᠲᠣᠭᠲᠠᠭᠠᠯ᠂ ᠠᠶᠤᠯ ᠦᠭᠡᠢ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠶᠢᠨ ᠳᠦᠷᠢᠮ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠵᠢᠭᠠᠵᠤ ᠪᠣᠶ᠃      21. ᠳᠥᠷᠪᠡᠨ ᠬᠠᠮᠤᠭ ᠤᠨ ᠴᠢᠩᠭ᠎ᠠ᠄ ᠡᠨᠡ ᠨᠢ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠤᠭ ᠤᠨ ᠴᠢᠩᠭ᠎ᠠ ᠳᠦᠷᠢᠮ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠤᠭ ᠤᠨ ᠴᠢᠩᠭ᠎ᠠ ᠪᠠᠷᠢᠮᠵᠢᠶ᠎ᠠ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠬᠠᠤᠯᠢ ᠬᠡᠷᠡᠭᠵᠢᠭᠦᠯᠦᠯᠲᠡ ᠪᠠ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠵᠢᠭᠠᠵᠤ ᠪᠣᠶ᠃      22. ᠰᠢᠤᠸᠠᠢ ᠯᠢᠶᠠᠩ ᠢᠨᠵᠧᠨᠧᠷᠢᠩ᠄ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠤᠭᠤᠳᠬᠤ ᠲᠠᠪᠴᠠᠩ ᠪᠣᠯᠭᠠᠵᠤ᠂ ᠶᠡᠷᠦᠩᠬᠡᠶᠢᠯᠡᠨ ᠵᠠᠰᠠᠬᠤ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠯ ᠪᠣᠯᠭᠠᠨ᠂ ᠲᠣᠥᠷᠵᠢᠭᠤᠯᠤᠭᠰᠠᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ ᠰᠦᠯᠵᠢᠶᠡᠵᠢᠭᠦᠯᠦᠨ ᠬᠡᠷᠡᠭᠯᠡᠬᠦ ᠪᠠᠷ ᠭᠤᠣᠯᠳᠠᠯᠭ᠎ᠠ ᠪᠣᠯᠭᠠᠭᠰᠠᠨ ︽ᠣᠯᠠᠨ ᠲᠦᠮᠡᠨᠴᠢ ᠴᠢᠨᠠᠷᠲᠠᠢ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠢᠨᠵᠧᠨᠧᠷᠢᠩ︾᠃ ᠲᠡᠷᠡ  ᠨᠢ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠣᠯᠠᠨ ᠲᠦᠮᠡᠨ ᠤ ᠳᠡᠷᠭᠡᠳᠡ ᠬᠦᠷᠲᠡᠯ᠎ᠡ ᠦᠷᠭᠦᠯᠵᠢᠯᠡᠭᠦᠯᠵᠦ᠂ ᠨᠡᠶᠢᠭᠡᠮ ᠤᠨ ᠬᠦᠴᠦᠨ ᠪᠠ ᠥᠷᠭᠡᠨ ᠣᠯᠠᠨ ᠲᠦᠮᠡᠨ ᠢ ᠳᠠᠶᠢᠴᠢᠯᠠᠨ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠯ ᠢ ᠬᠠᠮᠲᠤ ᠪᠠᠷ ᠬᠢᠨᠠᠨ ᠦᠵᠡᠭᠦᠯᠵᠦ᠂ ᠠᠮᠤᠷ ᠢ ᠬᠠᠮᠠᠭᠠᠯᠠᠬᠤ ᠰᠡᠷᠭᠡᠶᠢᠯᠡᠯᠲᠡ ᠳᠤ ᠬᠠᠮᠲᠤ ᠪᠠᠷ ᠣᠷᠣᠯᠴᠠᠭᠤᠯᠬᠤ ᠶᠢᠨ ᠤᠯᠠᠮ ᠠᠴᠠ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ︽ᠪᠦᠬᠦᠨ ᠢ ᠬᠠᠮᠤᠷᠬᠤ ᠶᠢ ᠦᠨᠡᠨ ᠬᠦ ᠪᠡᠶᠡᠯᠡᠭᠦᠯᠵᠦ᠂ ᠥᠨᠴᠥᠭ ᠪᠤᠯᠤᠩ ᠦᠭᠡᠢ ᠪᠠᠶᠢᠯᠭᠠᠬᠤ︾ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃ ︽ᠣᠯᠠᠨ ᠲᠦᠮᠡᠨ ᠤ ᠨᠢᠳᠦ ᠭᠢᠷᠠᠬᠠᠢ︾ ᠪᠣᠯᠬᠤᠷ ᠲᠡᠭᠦᠨ ᠢ ︽ᠭᠢᠷᠠᠬᠠᠢ ᠢᠨᠵᠧᠨᠧᠷᠢᠩ︾ ᠭᠡᠵᠦ ᠨᠡᠷᠡᠯᠡᠭᠰᠡᠨ ᠪᠠᠶᠢᠨ᠎ᠠ᠃      23. ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ᠄ ︽ᠭᠤᠷᠪᠠᠨ ᠠᠷᠪᠢᠨ︾ ᠭᠡᠳᠡᠭ ᠨᠢ ᠬᠤᠷᠠᠯ ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠠᠷᠪᠢᠨ︔ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ︔ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠤᠳᠠᠭᠠᠨ᠂ ᠠᠵᠢᠯᠯᠠᠭ᠎ᠠ ᠳᠠᠭᠠᠨ ᠤᠳᠠᠭᠠᠨ᠂ ᠦᠷ᠎ᠡ ᠳ᠋ᠦᠩ ᠳᠡᠭᠡᠨ ᠤᠳᠠᠭᠠᠨ ᠪᠠᠶᠢᠬᠤ ᠶᠢ ᠬᠡᠯᠡᠵᠦ ᠪᠠᠶᠢᠨ᠎ᠠ᠃                                          ᠤᠷᠴᠢᠭᠤᠯᠤᠭᠴᠢ᠄ ᠰᠤᠷᠤᠨ᠎ᠠ                                        ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号