ᠭᠠᠯ ᠤᠨᠲᠠᠷᠠᠭᠠᠬᠤ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢ ᠲᠠᠰᠤᠷᠠᠯᠲᠠ ᠦᠭᠡᠢ | ᠴᠢᠩᠭᠠᠳᠬᠠᠬᠤ ᠶᠢᠨ ᠲᠥᠯᠥᠭᠡ᠂ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠥᠪᠯᠡᠷᠡᠭᠦᠯᠦᠨ | ᠠᠷᠢᠯᠭᠠᠬᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠬᠦᠴᠦᠯᠡᠨ ᠠᠬᠢᠭᠤᠯᠵᠤ᠂ 1 ᠰᠠᠷ᠎ᠠ ᠶᠢᠨ 26 ᠤ ᠡᠳᠦᠷ᠂ ᠬᠤᠰᠢᠭᠤᠨ ᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠦᠬᠦ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ | ᠭᠠᠮᠰᠢᠭ ᠢ ᠲᠥᠪᠯᠡᠷᠡᠭᠦᠯᠦᠨ ᠠᠷᠢᠯᠭᠠᠵᠤ ᠪᠣᠭᠤᠮᠲᠠ ᠰᠢᠪᠲᠤᠯᠬᠤ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢᠨ | ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠰᠠᠷ ᠤᠨ ᠬᠤᠩᠭᠢᠯ ᠤᠨ ᠡᠯᠳᠡᠪ | ᠪᠣᠳᠠᠰ ᠢ ᠴᠡᠪᠡᠷᠯᠡᠨ ᠠᠷᠢᠯᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠡᠨᠧᠷᠭᠢ ᠬᠠᠳᠠᠭᠠᠯᠠᠬᠤ ᠴᠠᠬᠢᠯᠭᠠᠨ | ᠥᠷᠲᠡᠭᠡ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠬᠤᠸᠠᠷ ᠫᠤᠤᠵᠢᠩ ᠡᠵᠡᠩᠨᠡᠬᠦ | ᠲᠠᠯᠠᠪᠤᠷ ᠭᠠᠵᠠᠷ᠂ ᠵᠣᠴᠢᠳ ᠤᠨ ᠪᠠᠭᠤᠳᠠᠯ ᠬᠤᠭᠤᠯᠠᠨ ᠭᠡᠷ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ᠂ | ᠵᠤᠭ᠎ᠠ ᠴᠡᠩᠭᠡᠯ ᠤᠨ ᠲᠠᠯᠠᠪᠤᠷ ᠭᠠᠵᠠᠷ ᠵᠡᠷᠭᠡ ᠶᠢ ᠪᠠᠶᠢᠴᠠᠭᠠᠵᠤ᠂ ᠬᠠᠷᠢᠶᠠᠲᠤ ᠣᠷᠣᠨ ᠤ ᠲᠣᠪᠣᠶᠢᠮ᠎ᠠ ᠲᠦᠭᠰᠢᠭᠦᠷᠢ ᠪᠠ | ᠪᠠᠭᠤᠷᠠᠢ ᠲᠠᠯ᠎ᠠ ᠶᠢ ᠦᠨᠡᠨ ᠬᠦ ᠣᠨᠣᠪᠴᠢᠲᠠᠶ ᠡᠷᠢᠬᠦ ᠶᠢᠨ ᠬᠠᠮᠲᠤ ᠵᠦᠢᠯ ᠵᠤᠷᠪᠤᠰ ᠳᠠᠷᠠᠭᠠᠯᠠᠨ ᠬᠠᠨᠳᠤᠯᠭᠠᠲᠤ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ | | ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠶᠢ ᠬᠤᠰᠢᠭᠤᠨ ᠭᠠᠯ ᠤᠨᠲᠠᠷᠠᠭᠠᠬᠤ | ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠬᠠᠮ ᠵᠠᠭᠤᠴᠢᠯᠠᠭᠤᠷ ᠤᠨ | ᠲᠠᠪᠴᠠᠩ ᠲᠠᠢ ᠬᠠᠮᠲᠤᠷᠠᠨ᠂ ᠠᠯᠪᠠᠨ ᠤ ᠵᠠᠭᠤᠴᠢᠯᠠᠭᠤᠷ ᠲᠤ ︽ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ | ᠲᠤᠰᠠᠯᠠᠬᠤ ᠶᠢ ᠨᠥᠯᠥᠭᠡᠯᠡᠬᠦ ᠰᠠᠭᠠᠳ ᠪᠣᠳᠠᠰ ᠢ ᠨᠤᠷᠠᠭᠠᠬᠤ ᠲᠤᠬᠠᠢ ᠵᠠᠷᠯᠠᠯ︾ ᠢ ᠨᠠᠪᠲᠠᠷᠡᠭᠦᠯᠵᠦ᠂ ︽ᠭᠤᠷᠪᠠᠨ | ᠲᠥᠷᠥᠯ︾ ᠤᠨ ᠭᠤᠣᠯᠳᠠᠯᠭ᠎ᠠ ᠲᠠᠢ ᠴᠡᠭᠴᠡᠯᠡᠨ ᠵᠠᠰᠠᠬᠤ ᠨᠢᠭᠡᠴᠡ ᠶᠢᠨ ᠥᠪᠡᠰᠦᠪᠡᠨ ᠪᠠᠶᠢᠴᠠᠭᠠᠵᠤ ᠥᠪᠡᠰᠦᠪᠡᠨ | ᠵᠠᠯᠠᠷᠠᠭᠤᠯᠬᠤ ᠶᠢ ᠲᠦᠯᠬᠢᠨ ᠠᠬᠢᠭᠤᠯᠪᠠ︔ ᠠᠯᠪᠠᠨ ᠤ ᠵᠠᠭᠤᠴᠢᠯᠠᠭᠤᠷ ᠢᠶᠠᠷ ᠳᠠᠮᠵᠢᠭᠤᠯᠤᠨ᠂ ᠭᠠᠯ ᠤᠨ ᠭᠠᠮᠰᠢᠭ ᠤᠨ | ᠳᠠᠯᠳᠠ ᠬᠡᠮ ᠢ ᠢᠯᠡᠴᠢᠯᠡᠵᠦ᠂ ᠳᠠᠯᠳᠠ ᠬᠡᠮ ᠢ ᠵᠠᠪᠠᠯ ᠪᠠᠶᠢᠴᠠᠭᠠᠵᠤ ᠵᠠᠪᠠᠯ ᠥᠭᠡᠷᠡᠴᠢᠯᠡᠬᠦ ᠥᠨᠳᠥᠷ ᠳᠠᠷᠤᠯᠲᠠᠲᠤ | ᠪᠠᠶᠢᠳᠠᠯ ᠢ ᠪᠣᠶ ᠪᠣᠯᠭᠠᠬᠤ ᠬᠡᠷᠡᠭᠲᠡᠢ᠃ | | ᠨᠡᠶᠢᠭᠡᠮ ᠤᠨ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠶᠡᠭᠡ ᠠᠩᠭᠢ ᠶᠢᠨ ᠬᠢᠨ ᠡᠯ᠎ᠡ | ᠭᠤᠣᠯᠳᠠᠯᠭ᠎ᠠ ᠲᠠᠢ ᠨᠢᠭᠡᠴᠡ ᠶᠢᠨ LED ᠳᠡᠯᠭᠡᠴᠡ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ ᠭᠠᠯ ᠤᠨᠲᠠᠷᠠᠭᠠᠬᠤ | ᠮᠡᠳᠡᠯᠭᠡ ᠶᠢᠨ ᠣᠬᠤᠷ ᠹᠢᠯᠢᠮ ᠢ 80 ᠭᠠᠷᠤᠢ ᠤᠳᠠᠭ᠎ᠠ ᠥᠷᠭᠡᠨ ᠢᠶᠠᠷ ᠨᠡᠪᠲᠡᠷᠡᠭᠦᠯᠪᠡ︔ ︽ᠲᠠᠪᠤ ᠶᠢ ᠣᠷᠣᠭᠤᠯᠬᠤ︾ | ᠠᠵᠢᠯ ᠢᠶᠠᠷ ᠭᠠᠷᠳᠠᠴᠠ ᠪᠣᠯᠭᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠤᠬᠠᠭᠤᠯᠭ᠎ᠠ ᠶᠢ ᠥᠷᠨᠢᠭᠦᠯᠵᠦ᠂ | ᠦᠨᠳᠦᠰᠦᠨ ᠱᠠᠲᠤᠨ ᠤ ᠲᠤᠤᠷᠴᠢᠯᠠᠯ ᠤᠨ ᠬᠦᠴᠦᠨ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠭᠠᠯ | ᠤᠨᠲᠠᠷᠠᠭᠠᠬᠤ ᠰᠠᠶᠢᠨ ᠳᠤᠷ᠎ᠠ ᠶᠢᠨ ᠠᠵᠢᠯᠯᠠᠭᠰᠠᠳ ᠵᠡᠷᠭᠡ ᠶᠢ ᠥᠷᠭᠡᠨ ᠢᠶᠠᠷ ᠲᠠᠶᠢᠴᠢᠯᠠᠨ 50 ᠭᠠᠷᠤᠢ ᠤᠳᠠᠭ᠎ᠠ | ︽ᠡᠭᠦᠳᠡ ᠲᠣᠭᠰᠢᠬᠤ ᠠᠵᠢᠯᠯᠠᠭ᠎ᠠ︾ ᠶᠢ ᠥᠷᠨᠢᠭᠦᠯᠵᠦ᠂ ᠭᠠᠯ ᠤᠨᠲᠠᠷᠠᠭᠠᠬᠤ ᠤᠬᠠᠭᠤᠯᠭ᠎ᠠ ᠶᠢᠨ ᠭᠦᠨ ᠵᠤᠵᠠᠭᠠᠨ | ᠠᠭᠤᠷ ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠲᠡᠢ᠃ | | ᠰᠠᠯᠠᠭ᠎ᠠ ᠮᠥᠴᠢᠷ ᠤᠨ ᠬᠤᠯᠪᠤᠭᠠᠯᠠᠨ ᠰᠡᠷᠭᠡᠶᠢᠯᠡᠵᠦ ᠬᠠᠮᠲᠤᠪᠠᠷ ᠬᠠᠮᠢᠶᠠᠷᠬᠤ ᠶᠢ ᠴᠢᠩᠭᠠᠳᠬᠠᠨ᠎ᠠ᠃ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠤᠯᠪᠤᠭᠠᠯᠠᠨ᠂ ᠦᠨᠳᠦᠰᠦᠨ ᠱᠠᠲᠤᠨ ᠤ ᠬᠦᠴᠦᠨ ᠢ | ᠳᠠᠶᠢᠴᠢᠯᠠᠨ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠪᠠ ᠪᠠᠭᠤᠷᠠᠢ ᠭᠤᠭᠴᠤᠭ᠎ᠠ ᠶᠢ ᠴᠢᠩᠭ᠎ᠠ | ᠠᠩᠬᠠᠷᠴᠤ᠂ 45 ᠤᠳᠠᠭ᠎ᠠ ︽ᠬᠡᠪᠢᠰ ᠮᠠᠶ᠋ᠢᠭ︾ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠥᠷᠨᠢᠭᠦᠯᠵᠦ᠂ 39 ᠭᠠᠯ ᠤᠨ ᠭᠠᠮᠰᠢᠭ ᠤᠨ ᠳᠠᠯᠳᠠ ᠬᠡᠮ ᠰᠣᠭᠤᠭ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ | 1 ᠡᠷᠦᠬᠡ ᠶᠢ ᠲᠦᠷ ᠴᠠᠭ ᠪᠠᠶᠢᠴᠠᠭᠠᠨ ᠪᠢᠲᠡᠭᠦᠮᠵᠢᠯᠡᠬᠦ ᠶᠢᠨ ᠬᠠᠮᠲᠤ ︽ᠨᠢᠭᠡ ᠲᠠᠯᠠᠪᠤᠷ ᠲᠤ ᠨᠢᠭᠡ ᠠᠷᠭᠠᠴᠠᠬᠤ | ᠪᠣᠳᠣᠯᠭ᠎ᠠ︾ ᠶᠣᠰᠣᠭᠠᠷ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠲᠣᠪᠣᠶᠢᠮ᠎ᠠ ᠳᠠᠯᠳᠠ ᠬᠡᠮ ᠢ | ᠪᠦᠲᠦᠮᠵᠢᠲᠡᠶ ᠴᠡᠭᠴᠡᠯᠡᠨ ᠵᠠᠰᠠᠪᠠ᠃ | | ᠵᠠᠩᠭᠢᠯᠠᠭ᠎ᠠ ᠶᠢᠨ ᠬᠥᠮᠥᠰ ᠤᠨ ᠥᠪᠡᠷ ᠢ ᠪᠠᠨ ᠪᠠᠶᠢᠴᠠᠭᠠᠬᠤ᠂ ᠥᠪᠡᠷ ᠢ ᠪᠠᠨ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠠᠵᠢᠯᠲᠠᠨ᠂ ᠠᠵᠢᠯ ᠲᠥᠷᠥᠯ ᠤᠨ ᠰᠠᠯᠠᠭ᠎ᠠ | ᠮᠥᠴᠢᠷ᠂ ᠭᠤᠣᠯᠳᠠᠯᠭ᠎ᠠ ᠲᠠᠢ ᠨᠢᠭᠡᠴᠡ ᠶᠢᠨ ᠭᠠᠯ ᠤᠨᠲᠠᠷᠠᠭᠠᠬᠤ ᠬᠠᠮᠢᠶᠠᠷᠤᠯᠲᠠ ᠶᠢᠨ ᠠᠵᠢᠯᠲᠠᠨ ᠵᠡᠷᠭᠡ | ᠵᠠᠩᠭᠢᠯᠠᠭ᠎ᠠ ᠶᠢᠨ ᠬᠥᠮᠥᠰ ᠲᠤ ᠴᠢᠭᠯᠡᠭᠦᠯᠦᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ ᠤᠨ ᠬᠤᠷᠠᠯ | ᠡᠷᠭᠢᠯᠡᠨ᠎ᠡ︔ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠬᠦ ᠶᠢᠨ ᠵᠡᠷᠭᠡᠴᠡᠪᠡᠷ ᠠᠵᠤ ᠠᠬᠤᠶᠢᠯᠠᠯ | ᠢᠰᠢᠮᠳᠠᠭᠤᠯᠵᠤ ᠪᠠᠶᠢᠭᠠᠳ ᠪᠥᠬᠦ ᠠᠵᠢᠯᠲᠠᠨ ᠤ ᠭᠠᠯ ᠤᠨᠲᠠᠷᠠᠭᠠᠬᠤ ᠪᠣᠯᠪᠠᠰᠤᠷᠠᠭᠤᠯᠤᠯ ᠢ ᠥᠷᠨᠢᠭᠦᠯᠦᠨ᠂ ᠠᠵᠢᠯᠲᠠᠨ | ᠠᠵᠢᠯᠴᠢᠳ ᠤᠨ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠵᠢᠴᠢ ᠭᠠᠯ ᠤᠨᠲᠠᠷᠠᠭᠠᠵᠤ ᠲᠠᠷᠬᠠᠭᠠᠬᠤ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ | | |