ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠠᠶᠠᠷ ᠤᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/6
     ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠣᠯᠠᠨ ᠨᠡᠶᠢᠲᠡ ᠶᠢᠨ ᠲᠠᠯᠠᠪᠤᠷ ᠤᠨ ᠬᠡᠮ ᠰᠣᠭᠤᠭ ᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠭᠠᠳᠠᠭᠰᠢ ᠭᠠᠷᠴᠤ ᠪᠠᠷᠠᠭ᠎ᠠ ᠬᠤᠳᠠᠯᠳᠤᠨ ᠠᠪᠬᠤ᠂ ᠬᠤᠨᠣᠵᠤ ᠬᠡᠪᠲᠡᠬᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 5 ᠤ ᠡᠳᠦᠷ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠠᠶᠠᠷ ᠤᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠳᠤ ᠭᠤᠣᠯᠳᠠᠭᠤ ᠵᠣᠴᠢᠳ ᠤᠨ ᠪᠠᠭᠤᠳᠠᠯ ᠵᠣᠴᠢᠳ ᠤᠨ ᠪᠠᠭᠤᠳᠠᠯ᠂ ᠳᠡᠯᠭᠡᠭᠦᠷ ᠤᠨ ᠬᠡᠲᠦ ᠳᠡᠯᠭᠡᠭᠦᠷ᠂ ᠦᠰᠦ ᠵᠠᠰᠠᠵᠤ ᠵᠢᠰᠦ ᠭᠤᠶᠣᠯᠠᠬᠤ ᠵᠡᠷᠭᠡ ᠣᠯᠠᠨ ᠨᠡᠶᠢᠲᠡ ᠶᠢᠨ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠣᠷᠣᠰᠢᠵᠤ ᠪᠠᠶᠢᠭ᠎ᠠ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠨ᠎ᠠ᠃ ᠡᠭᠦᠨ ᠳᠤ ᠤᠯᠠᠨ ᠨᠡᠶᠢᠲᠡ ᠶᠢᠨ ᠲᠠᠯᠠᠪᠤᠷ ᠲᠤ ᠭᠠᠯ ᠤᠨᠲᠠᠷᠠᠭᠠᠭᠤᠷ ᠢ ᠲᠣᠬᠢᠷᠠᠭᠤᠯᠤᠭᠰᠠᠨ ᠦᠭᠡᠢ︔ ᠭᠠᠯ ᠤᠨᠲᠠᠷᠠᠭᠠᠭᠤᠷ ᠢ ᠴᠠᠭ ᠲᠤᠬᠠᠢ ᠳᠤᠨᠢ ᠰᠣᠯᠢᠭᠰᠠᠨ ᠦᠭᠡᠢ ᠪᠤᠶᠤ ᠡᠪᠳᠡᠵᠦ ᠰᠦᠢᠳᠬᠡᠭᠰᠡᠨ; ᠭᠡᠷ ᠳᠣᠲᠣᠷ᠎ᠠ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠳ᠋ᠧᠩ ᠲᠣᠬᠢᠷᠠᠭᠤᠯᠤᠭᠰᠠᠨ ᠦᠭᠡᠢ︔ ᠭᠠᠳᠠᠭᠠᠳᠤ ᠳᠤ ᠭᠠᠷᠭᠠᠬᠤ ᠭᠠᠵᠠᠷ ᠲᠤ ᠠᠶᠤᠯᠭᠦᠢ ᠭᠠᠳᠠᠭᠠᠳᠤ ᠳᠤ ᠭᠠᠷᠭᠠᠬᠤ ᠢᠯᠡᠳᠬᠡᠮᠵᠢ ᠲᠡᠮᠳᠡᠭ ᠢ ᠲᠣᠬᠢᠷᠠᠭᠤᠯᠤᠭᠰᠠᠨ ᠦᠭᠡᠢ︔ ᠭᠡᠷ ᠳᠣᠲᠣᠷᠠᠬᠢ ᠵᠠᠮ ᠱᠤᠭᠤᠮ ᠢ ᠬᠤᠭᠤᠯᠠᠢ ᠨᠡᠪᠲᠡᠯᠦᠨ ᠬᠠᠮᠠᠭᠠᠯᠠᠭᠰᠠᠨ ᠦᠭᠡᠢ︔ ᠲᠠᠷᠬᠠᠭᠠᠨ ᠶᠠᠪᠤᠭᠤᠯᠬᠤ ᠵᠠᠮ ᠳᠡᠭᠡᠷ᠎ᠡ ᠡᠯᠳᠡᠪ ᠶᠠᠭᠤᠮ᠎ᠠ ᠣᠪᠣᠭᠠᠯᠠᠨ ᠲᠠᠯᠪᠢᠬᠤ ᠵᠡᠷᠭᠡ ᠵᠦᠢ ᠪᠤᠰᠤ ᠦᠢᠯᠡ ᠠᠵᠢᠯᠯᠠᠭ᠎ᠠ ᠶᠢ ᠪᠠᠭᠲᠠᠭᠠᠨ᠎ᠠ᠃
     ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠨᠢ ᠣᠯᠠᠨ ᠨᠡᠶᠢᠲᠡ ᠶᠢᠨ ᠲᠠᠯᠠᠪᠤᠷ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠰᠠᠭᠤᠭᠠᠯᠢ ᠠᠷᠠᠳ ᠤᠨ ᠴᠠᠭᠠᠨ ᠰᠠᠷ᠎ᠠ ᠶᠢᠨ ᠬᠤᠳᠠᠯᠳᠤᠨ ᠠᠪᠬᠤ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠡᠭᠦᠨ ᠤ ᠬᠠᠮᠲᠤ᠂ ᠡᠯ᠎ᠡ ᠲᠠᠯᠠᠪᠤᠷ ᠭᠠᠵᠠᠷ ᠤᠨ ᠡᠵᠡᠩᠨᠡᠭᠴᠢᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠡᠳᠦᠷ ᠲᠤᠲᠤᠮ ᠤᠨ ᠭᠠᠯ ᠤᠨᠲᠠᠷᠠᠭᠠᠬᠤ ᠳᠠᠯᠳᠠ ᠬᠡᠮ ᠤᠨ ᠠᠰᠠᠭᠤᠳᠠᠯ ᠢ ᠠᠩᠬᠠᠷᠤᠨ ᠰᠡᠷᠭᠡᠶᠢᠯᠡᠬᠦ ᠶᠢᠨ ᠬᠠᠮᠲᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠲᠠᠯᠠᠪᠤᠷ ᠭᠠᠵᠠᠷ ᠲᠤ ᠬᠠᠤᠯᠢ ᠶᠣᠰᠣᠭᠠᠷ ᠪᠢᠴᠢᠭ ᠤᠨ ᠬᠡᠯᠪᠡᠷᠢ ᠶᠢᠨ ᠰᠢᠳᠬᠡᠬᠦ ᠬᠠᠭᠤᠳᠠᠰᠤ ᠪᠢᠴᠢᠵᠦ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠪᠠ ᠬᠠᠭᠤᠳᠠᠰᠤ ᠶᠢ ᠬᠦᠴᠦᠨ ᠦᠭᠡᠢ ᠪᠣᠯᠭᠠᠬᠤ ᠡᠳᠦᠷ ᠬᠤᠭᠤᠴᠠᠭ᠎ᠠ ᠶᠢ ᠲᠣᠭᠲᠠᠭᠠᠬᠤ ᠶᠢ ᠰᠠᠨᠠᠭᠤᠯᠵᠤ ᠪᠠᠶᠢᠨ᠎ᠠ᠃         ᠵᠣᠬᠢᠶᠠᠭᠴᠢ᠄ ᠴᠢᠮᠡᠭᠡᠯᠡᠭᠴᠢ᠄ ᠸᠠᠩ ᠱᠦ ᠸᠧᠨ᠂ ᠯᠢ ᠶᠠ ᠨᠠᠨ ︵ᠳᠠᠳᠤᠯᠭ᠎ᠠ︶         ᠤᠷᠴᠢᠭᠤᠯᠤᠭᠴᠢ᠄ ᠡᠷᠳᠡᠨᠢᠴᠢᠮᠡᠭ         ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ‌ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号