ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ︽ᠶᠢᠰᠦᠨ ᠵᠢᠵᠢᠭ ᠲᠠᠯᠠᠪᠤᠷ︾ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/2/7
     ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠭᠠᠯ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠪᠠ ᠲᠤᠰᠠᠯᠠᠬᠤ ᠴᠠᠭᠳᠠᠭ᠎ᠠ ᠶᠢᠨ ᠭᠠᠯ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠭᠠᠯ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠶᠢᠰᠦᠨ ᠵᠢᠵᠢᠭ ᠲᠠᠯᠠᠪᠤᠷ︾ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠪᠡ᠃
     ᠪᠣᠯᠪᠠᠰᠤᠷᠠᠯ ᠤᠨ ᠬᠤᠷᠠᠯ ᠳᠡᠭᠡᠷ᠎ᠡ᠂ ᠣᠶᠢᠷ᠎ᠠ ᠶᠢᠨ ᠬᠤᠭᠤᠴᠠᠭᠠᠨ ᠤ ︽1.19︾ ᠤ ᠾᠧᠨᠠᠨ ᠤ ᠨᠠᠨᠶᠠᠩ᠂ ︽1.24︾ ᠤ ᠵᠢᠶᠠᠩᠰᠢ ᠶᠢᠨ ᠰᠢᠨ ᠢᠦᠢ ᠶᠢᠨ ᠭᠠᠯ ᠤᠨ ᠭᠠᠮᠰᠢᠭ ᠤᠨ ᠬᠡᠷᠡᠭ ᠲᠠᠢ ᠤᠶᠠᠯᠳᠤᠭᠤᠯᠤᠨ᠂ ᠣᠳᠣᠬᠠᠨ ᠤ ᠭᠠᠯ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠬᠤ ᠠᠵᠢᠯ ᠤᠨ ᠪᠠᠶᠢᠳᠠᠯ ᠢ ᠪᠦᠬᠦ ᠲᠠᠯ᠎ᠠ  ᠪᠠᠷ ᠵᠠᠳᠠᠯᠵᠤ ᠂ ᠵᠣᠴᠢᠳ ᠤᠨ ᠪᠠᠭᠤᠳᠠᠯ᠂ ᠤᠬᠢᠶᠠᠯᠭ᠎ᠠ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ᠂ ᠭᠡᠷ ᠪᠦᠯᠢ ᠵᠢᠴᠢ ︽ᠶᠢᠰᠦᠨ ᠪᠠᠭ᠎ᠠ ᠲᠠᠯᠠᠪᠤᠷ︾ ᠤᠨ ᠭᠠᠯ ᠤᠨ ᠭᠠᠮᠰᠢᠭ ᠤᠨ ᠣᠨᠴᠠᠯᠢᠭ ᠤᠨ ᠲᠣᠭᠤᠷᠢᠨ ᠳᠤ᠂ ᠭᠠᠯ ᠤᠨᠲᠠᠷᠠᠭᠠᠬᠤ ᠲᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ᠂ ᠡᠳᠦᠷ ᠲᠤᠳᠤᠮ  ‍ᠤᠨ‌ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠢ ᠬᠡᠷᠬᠢᠨ ᠥᠷᠨᠢᠭᠦᠯᠬᠦ ᠵᠡᠷᠭᠡ ᠲᠠᠯ᠎ᠠ ᠪᠠᠷ ᠨᠠᠷᠢᠨ ᠨᠢᠮᠪᠠᠢ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠢᠵᠦ᠂ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ   ᠢ ᠬᠠᠪᠰᠤᠷᠤᠨ ᠲᠤᠰ ᠪᠡᠶ᠎ᠡ  ᠶᠢᠨ ᠭᠠᠯ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠢ ᠣᠶᠢᠯᠠᠭᠠᠭᠤᠯᠵᠤ᠂ ᠭᠠᠯ ᠤᠨᠲᠠᠷᠠᠭᠠᠬᠤ ᠲᠤ ᠬᠢᠨᠠᠯᠲᠠ ᠲᠠᠯᠪᠢᠵᠤ ᠪᠠᠶᠢᠴᠠᠭᠠᠬᠤ ᠬᠡᠪᠴᠢᠶ᠎ᠡ᠂ ᠠᠷᠭ᠎ᠠ ᠪᠣᠯᠣᠨ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠣᠶᠢᠯᠠᠭᠠᠭᠤᠯᠵᠤ᠂ ᠭᠠᠯ ᠤᠨᠲᠠᠷᠠᠭᠠᠬᠤ ᠲᠤ ᠬᠢᠨᠠᠯᠲᠠ ᠲᠠᠯᠪᠢᠵᠤ ᠪᠠᠶᠢᠴᠠᠭᠠᠬᠤ ᠲᠡᠰ ᠳᠠᠷᠠᠭᠠᠯᠠᠯ ᠢ ᠡᠵᠡᠮᠰᠢᠭᠦᠯᠪᠡ᠃
     ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ 2 ︽ᠶᠢᠰᠦᠨ ᠪᠠᠭ᠎ᠠ ᠲᠠᠯᠠᠪᠤᠷ︾ ᠢ ᠲᠣᠬᠢᠶᠠᠯᠳᠤᠯ ᠢᠶᠠᠷ ᠰᠣᠩᠭᠤᠨ ᠠᠪᠴᠤ᠂ ᠲᠣᠮᠢᠯᠠᠭᠰᠠᠨ ᠰᠠᠯᠪᠤᠷᠢ ᠶᠢᠨ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠭᠤᠣᠯᠳᠠᠯᠭ᠎ᠠ ᠶᠢᠨ ᠲᠣᠭᠤᠷᠢᠨ ᠳᠤ᠂ ᠬᠡᠷᠡᠭ ᠤᠨ ᠬᠡᠯᠡᠯᠭᠡ ᠪᠠᠷ ᠲᠤᠬᠠᠢ ᠶᠢᠨ ᠭᠠᠵᠠᠷ ᠲᠤᠨᠢ ᠵᠢᠯᠤᠭᠤᠳᠬᠤ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠬᠢᠨ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠪᠠᠨ ᠴᠢᠩᠭᠠᠳᠬᠠᠵᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠬᠠᠷᠢᠶᠠᠲᠤ ᠣᠷᠣᠨ ᠤ ᠨᠡᠶᠢᠭᠡᠮ ᠤᠨ ᠲᠠᠯ᠎ᠠ ᠶᠢᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃
     ᠲᠣᠰ ᠤᠳᠠᠭᠠᠨ ᠤ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠪᠠᠷ ᠳᠡᠮᠵᠢᠨ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠭᠠᠯ ᠤᠨᠲᠠᠷᠠᠭᠠᠬᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠲᠣᠮᠢᠯᠠᠭᠰᠠᠨ ᠰᠠᠯᠪᠤᠷᠢ ᠶᠢᠨ ᠭᠠᠯ ᠤᠨᠲᠠᠷᠠᠭᠠᠬᠤ ᠠᠵᠢᠯ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠭᠠᠯ ᠤᠨ ᠭᠠᠮᠰᠢᠭ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ  ᠬᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠭᠠᠯ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠨᠠᠩ ᠯᠠᠪᠳᠠᠭᠤᠨ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠬᠠᠷᠢᠶᠠᠲᠤ ᠣᠷᠣᠨ ᠤ ᠭᠠᠯ ᠤᠨᠲᠠᠷᠠᠭᠠᠬᠤ ᠠᠵᠢᠯ ᠤᠨ ᠭᠦᠨᠵᠡᠭᠡᠢ ᠥᠷᠨᠢᠬᠦ ᠶᠢ ᠪᠠᠲᠤᠯᠠᠨ᠎ᠠ᠃                                        ᠤᠷᠴᠢᠭᠤᠯᠤᠭᠴᠢ᠄ ᠡᠷᠳᠡᠨᠢᠴᠢᠮᠡᠭ                                        ᠬᠢᠨᠠᠭᠴᠢ᠄ ᠰᠤᠷᠤᠨ᠎ᠠ  
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号