ᠣᠶᠢᠷ᠎ᠠ ᠶᠢᠨ ᠵᠢᠯ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠤᠳᠠᠭᠠᠨ ᠴᠢᠨᠠᠷᠲᠠᠢ | ᠡᠪᠡᠳᠴᠢᠨ ᠢ ᠡᠷᠡᠭᠦᠯᠵᠢᠭᠦᠯᠬᠦ᠂ ᠬᠤᠶᠠᠷ ᠵᠦᠢᠯ ᠤᠨ ᠡᠪᠡᠳᠴᠢᠨ ᠢ ᠡᠮᠨᠡᠨ ᠵᠠᠰᠠᠬᠤ ᠵᠢᠴᠢ ᠠᠵᠢᠯᠲᠠᠨ ᠠᠵᠢᠯᠴᠢᠨ ᠤ | ᠡᠷᠡᠭᠦᠯ ᠮᠡᠨᠳᠦ ᠶᠢᠨ ᠬᠠᠮᠢᠶᠠᠷᠤᠯᠲᠠ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠵᠤ᠂ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠢᠶᠠᠷ ᠬᠦᠢᠰᠦ ᠪᠣᠯᠭᠠᠭᠰᠠᠨ ᠡᠮ ᠡᠮᠨᠡᠯᠭᠡ ᠶᠢᠨ ᠦᠢᠯᠡᠴᠢᠯᠡᠭᠡᠨ ᠤ ᠲᠣᠣᠷ ᠢ | ᠲᠠᠰᠤᠷᠠᠯᠲᠠ ᠦᠭᠡᠢ ᠪᠦᠷᠢᠨᠰᠢᠭᠦᠯᠵᠦ᠂ ᠣᠯᠠᠨ ᠲᠦᠮᠡᠨ ᠢ ᠦᠨᠡᠨ ᠬᠦ ︽ᠪᠠᠭ᠎ᠠ ᠵᠣᠭᠤᠰ ᠵᠠᠷᠤᠵᠤ᠂ ᠳᠤᠲᠠᠭᠤ | ᠭᠦᠶᠦᠯᠭᠡᠵᠦ᠂ ᠡᠪᠡᠳᠴᠢᠨ ᠢ ᠨᠢ ᠵᠠᠰᠠᠵᠤ︾ ᠪᠠᠶᠢᠨ᠎ᠠ᠃ | | ︽ᠠᠳᠡ ᠢᠷᠡᠭᠰᠡᠨ ᠳᠤ ᠪᠢ ᠮᠠᠰᠢ ᠲᠠᠭᠠᠲᠠᠢ ᠰᠠᠨᠠᠭᠳᠠᠨ᠎ᠠ᠂ ᠡᠭᠦᠳᠡ ᠪᠠᠷ ᠣᠷᠣᠵᠤ ᠢᠷᠡᠮᠡᠭᠴᠡ ᠴᠡᠪᠡᠷ | ᠴᠡᠮᠴᠡᠭᠡᠷ ᠣᠷᠴᠢᠨ ᠲᠣᠭᠤᠷᠢᠨ ᠢ ᠣᠯᠵᠤ ᠬᠠᠷᠠᠨ᠎ᠠ᠂ ᠳᠠᠬᠢᠭᠠᠳ ᠡᠷᠬᠢᠯᠡᠭᠴᠢ ᠠᠴᠠ ᠰᠤᠪᠢᠯᠠᠭᠴᠢ ᠳᠤ ᠬᠦᠷᠲᠡᠯ᠎ᠡ | ᠨᠠᠷᠢᠨ ᠨᠢᠮᠪᠠᠢ ᠬᠠᠷᠠᠭᠠᠯᠵᠠᠯ ᠦᠵᠡᠭᠦᠯᠪᠡᠯ ᠭᠡᠷ ᠤᠨ ᠡᠭᠦᠳᠡᠨ ᠳᠤ ᠡᠪᠡᠳᠴᠢᠨ ᠢᠶᠠᠨ ᠦᠵᠡᠭᠦᠯᠵᠦ ᠲᠠᠶᠢᠯᠤᠨ᠎ᠠ︾ | ᠭᠡᠵᠤ ᠪᠠᠶᠠᠨᠴᠠᠭᠠᠨ ᠪᠠᠯᠭᠠᠰᠤᠨ ᠤ ᠬᠤᠶᠠᠳᠤᠭᠠᠷ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠳᠤᠷᠠᠳᠬᠤ ᠳᠤ᠂ | ᠪᠠᠢ ᠶᠦᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠶᠣᠣ ᠬᠤᠸᠠ ᠰᠡᠭᠦᠳᠡᠷᠯᠡᠬᠦ ᠮᠠᠰᠢᠨ ᠤ ᠡᠮᠤᠨ᠎ᠡ ᠡᠷᠡᠬᠡᠢ | ᠬᠤᠷᠤᠭᠤ ᠪᠠᠨ ᠭᠤᠵᠣᠶᠢᠯᠭᠠᠪᠠ᠃ ᠪᠠᠶᠠᠨᠴᠠᠭᠠᠨ ᠪᠠᠯᠭᠠᠰᠤᠨ ᠤ ᠬᠤᠶᠠᠳᠤᠭᠠᠷ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠲᠤ ᠬᠦᠷᠬᠦ ᠳᠤ᠂ ᠡᠯ᠎ᠡ ᠰᠠᠯᠠᠭ᠎ᠠ ᠲᠠᠰᠤᠭ ᠤᠨ ᠪᠠᠶᠢᠷᠢᠰᠢᠯ ᠲᠣᠳᠣᠷᠬᠠᠢ᠂ ᠳᠦᠷᠢᠮ | ᠲᠣᠭᠲᠠᠭᠠᠯ ᠨᠢ ᠲᠣᠪ ᠲᠣᠳᠣᠷᠬᠠᠢ᠂ ᠦᠨᠳᠦᠰᠦᠨ ᠡᠮ ᠤᠨ ᠵᠦᠢᠯ ᠨᠢ ᠪᠦᠷᠢᠨ ᠭᠦᠢᠴᠡᠳ ᠪᠠᠶᠢᠨ᠎ᠠ᠃ | | ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠪᠠ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠦᠨᠳᠦᠰᠦᠨ ᠱᠠᠲᠤᠨ ᠤ ᠡᠮ ᠡᠮᠨᠡᠯᠭᠡ ᠶᠢᠨ | ᠪᠠᠲᠤᠯᠠᠭ᠎ᠠ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠤᠷᠢᠶ᠎ᠠ ᠣᠳᠣ ᠶᠠᠭ ᠣᠶᠢᠯᠠᠭᠠᠭᠰᠠᠨ ᠢᠶᠠᠷ᠂ ᠪᠠᠢ | ᠵᠧᠨ ᠤ ᠬᠤᠶᠠᠳᠤᠭᠠᠷ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠡᠩ ᠤᠨ ᠰᠠᠭᠤᠭᠠᠯᠢ ᠠᠷᠠᠳ᠂ | ᠠᠵᠢᠯᠲᠠᠨ ᠤ ᠡᠭᠦᠳᠡᠨ ᠡᠮᠨᠡᠯᠭᠡ ᠳᠤ ᠬᠡᠷᠡᠭᠯᠡᠬᠦ ᠡᠮ ᠤᠨ ᠲᠠᠯ᠎ᠠ ᠪᠠᠷ᠂ ᠨᠢᠭᠡᠳᠦᠯᠲᠡᠢ ᠲᠥᠯᠥᠪᠯᠡᠨ ᠲᠠᠩᠰᠠ ᠲᠠᠶᠢᠯᠬᠤ᠂ | ᠬᠤᠶᠠᠷ ᠵᠦᠢᠯ ᠤᠨ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠤ ᠡᠭᠦᠳᠡᠨ ᠡᠮᠨᠡᠯᠭᠡ ᠳᠤ ᠲᠠᠩᠰᠠ ᠲᠠᠶᠢᠯᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠠᠷᠢᠴᠠᠯ ᠶᠣᠰᠣᠭᠠᠷ ᠲᠤᠬᠠᠢ ᠶᠢᠨ ᠲᠠᠯᠠᠪᠤᠷ ᠲᠤ ᠰᠢᠭᠤᠳ ᠲᠡᠰᠦᠯᠦᠨ | ᠪᠤᠳᠤᠵᠤ᠂ ᠡᠪᠡᠳᠴᠢᠲᠡᠨ ᠤ ᠠᠵᠤ ᠠᠬᠤᠢ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠪᠡ᠂ ᠡᠨᠡ ᠬᠦ ᠠᠷᠭ᠎ᠠ | ᠬᠡᠮᠵᠢᠶ᠎ᠡ ᠨᠢ ᠰᠠᠭᠤᠭᠠᠯᠢ ᠠᠷᠠᠳ ᠲᠤ ᠲᠥᠬᠦᠮ ᠡᠮᠴᠢᠯᠡᠭᠡᠨ ᠤ ᠦᠢᠯᠡᠴᠢᠯᠡᠭᠡ ᠬᠦᠷᠲᠡᠭᠡᠭᠰᠡᠨ ᠢᠶᠠᠷ ᠪᠠᠷᠠᠬᠤ ᠦᠭᠡᠢ | ᠪᠠᠰᠠ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠶᠡᠭᠡ ᠪᠠᠷ | ᠳᠡᠭᠡᠭᠰᠢᠯᠡᠭᠦᠯᠦᠭᠰᠡᠨ ᠪᠠᠶᠢᠨ᠎ᠠ᠃ | | ︽ᠮᠠᠨ ᠤ ᠦᠢᠯᠡᠴᠢᠯᠡᠭᠡᠨ ᠤ ᠲᠥᠪ ᠴᠦ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠨ᠎ᠠ᠂ ᠬᠠᠷᠢᠶᠠᠲᠤ ᠣᠷᠣᠨ ᠳᠤ ᠪᠢᠳᠡ ᠶᠠᠪᠤᠵᠤ ᠰᠠᠭᠤᠬᠤ ᠳᠤ ᠳᠥᠭᠦᠮ | ᠦᠭᠡᠢ ᠨᠠᠰᠤᠲᠠᠶᠢᠴᠤᠳ ᠪᠠ ᠤᠳᠠᠭᠠᠨ ᠴᠢᠨᠠᠷᠲᠠᠢ ᠡᠪᠡᠳᠴᠢᠲᠡᠨ ᠳᠤ ᠭᠡᠷ ᠲᠤᠨᠢ ᠬᠦᠷᠴᠦ ᠡᠮᠨᠡᠨ ᠵᠠᠰᠠᠬᠤ | ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠲᠥᠪ ᠠᠴᠠ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠳᠤ | ᠲᠦᠷᠭᠡᠨ ᠡᠮᠨᠡᠬᠦ ᠲᠦᠷᠭᠡᠨ ᠠᠪᠤᠷᠠᠬᠤ ᠪᠠ ᠰᠢᠯᠵᠢᠭᠦᠯᠦᠨ ᠡᠮᠨᠡᠬᠦ ᠦᠢᠯᠡᠴᠢᠯᠡᠭᠡ ᠶᠢ ᠴᠠᠭ ᠲᠤᠬᠠᠢ ᠳᠤᠨᠢ ᠬᠢᠵᠦ᠂ | ᠡᠪᠡᠳᠴᠢᠲᠡᠨ ᠢ ᠴᠠᠭ ᠲᠤᠬᠠᠢ ᠳᠤᠨᠢ ᠡᠮᠨᠡᠨ ᠠᠪᠤᠷᠠᠬᠤ ᠶᠢ ᠦᠨᠡᠨ ᠬᠦ ᠪᠠᠲᠤᠯᠠᠪᠠ᠂ ᠪᠢᠳᠡ ᠪᠠᠰᠠ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠰᠠᠭᠤᠭᠠᠯᠢ ᠠᠷᠠᠳ ᠲᠤ ᠤᠳᠠᠭᠠᠨ ᠴᠢᠨᠠᠷᠲᠠᠢ ᠡᠪᠡᠳᠴᠢᠨ ᠪᠠ ᠡᠷᠡᠭᠦᠯ ᠮᠡᠨᠳᠦ ᠶᠢᠨ | ᠤᠬᠠᠭᠳᠠᠬᠤᠨ ᠤ ᠤᠬᠠᠭᠤᠯᠭ᠎ᠠ ᠬᠥᠮᠦᠵᠢᠯ ᠬᠢᠵᠦ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠪᠡ︾ ᠭᠡᠵᠦ ᠪᠠᠢ ᠵᠧᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠶᠠᠳᠤᠭᠠᠷ ᠦᠢᠯᠡᠴᠢᠯᠡᠭᠡᠨ ᠤ ᠲᠥᠪ ᠤᠨ ᠡᠷᠬᠢᠯᠡᠭᠴᠢ ᠴᠢᠶᠠᠨ ᠬᠦᠶ ᠹᠧᠩ | ᠬᠡᠯᠡᠵᠡᠢ᠃ | | ᠡᠭᠦᠨ ᠠᠴᠠ ᠭᠠᠳᠠᠨ᠎ᠠ᠂ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ | ᠦᠢᠯᠡᠴᠢᠯᠡᠭᠡ ᠶᠢ ᠪᠥᠬᠦ ᠲᠠᠯ᠎ᠠ ᠪᠠᠷ ᠥᠷᠨᠢᠭᠦᠯᠬᠦ ᠶᠢᠨ ᠲᠥᠯᠥᠭᠡ᠂ ᠦᠢᠯᠡᠴᠢᠯᠡᠭᠡᠨ ᠤ ᠲᠥᠪ ᠠᠴᠠ 0 ᠠᠴᠠ 6 | ᠨᠠᠰᠤᠨ ᠤ ᠬᠡᠦᠬᠡᠳ᠂ ᠵᠢᠷᠮᠦᠰᠦᠨ ᠡᠮᠡᠭᠲᠡᠢ᠂ ᠤᠳᠠᠭᠠᠨ ᠴᠢᠨᠠᠷᠲᠠᠢ ᠡᠪᠡᠳᠴᠢᠲᠡᠨ ᠪᠠ ᠨᠠᠰᠤᠲᠠᠶᠢᠴᠤᠳ ᠵᠡᠷᠭᠡ | ᠣᠨᠴᠠᠭᠠᠶ ᠬᠠᠮᠲᠤᠯᠢᠭ ᠢ ᠣᠨᠴᠠᠭᠠᠶᠢᠯᠠᠨ ᠠᠩᠬᠠᠷᠴᠤ ᠪᠠᠶᠢᠨ᠎ᠠ᠃ ᠲᠠᠳᠠ ᠡᠲᠡᠭᠡᠷ ᠬᠥᠮᠥᠰ ᠤᠨ ᠣᠨᠴᠠᠯᠢᠭ ᠪᠠ | ᠬᠡᠷᠡᠭᠴᠡᠭᠡ ᠳᠤ ᠴᠢᠭᠯᠡᠭᠦᠯᠦᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠬᠥᠮᠥᠰ ᠢ ᠡᠪᠡᠳᠴᠢᠨ ᠣᠯᠬᠤ ᠦᠭᠡᠢ᠂ᠪᠠᠭ᠎ᠠ ᠡᠪᠡᠳᠴᠢᠨ ᠣᠯᠬᠤ᠂ ᠡᠪᠡᠳᠴᠢᠨ ᠣᠯᠬᠤ ᠦᠭᠡᠢ ᠵᠣᠷᠢᠯᠭ᠎ᠠ ᠪᠠᠷ | ᠬᠠᠨᠳᠤᠯᠭᠠᠲᠤ ᠴᠢᠨᠠᠷᠲᠠᠢ ᠡᠷᠡᠭᠦᠯ ᠮᠡᠨᠳᠦ ᠶᠢᠨ ᠬᠠᠮᠢᠶᠠᠷᠤᠯᠲᠠ ᠵᠢᠴᠢ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ | ᠥᠷᠨᠢᠭᠦᠯᠪᠡ᠃ | ᠡᠳᠡᠭᠡᠷ ᠦᠢᠯᠡᠴᠢᠯᠡᠭᠡ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠤᠯᠠᠨ ᠲᠦᠮᠡᠨ ᠤᠯᠤᠰ ᠤᠨ | ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠦᠨᠡᠨ ᠬᠦ ᠡᠳ᠋ᠯᠡᠵᠦ᠂ ᠤᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠪᠡ᠃ | | | ᠵ᠊ᠣᠬᠢᠶᠠᠭᠴᠢ᠄ ᠰᠤᠷᠪᠤᠯᠵᠢᠯᠠᠭᠴᠢ᠄ ᠹᠠᠨ ᠵᠢᠶᠠ ᠸᠧᠨ | ᠴᠢᠮᠡᠭᠡᠯᠡᠭᠴᠢ᠄ ᠹᠧᠩ ᠯᠢ ᠶᠤᠸᠠᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |