ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠳᠤ᠄ | ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ | ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ | ᠲᠠᠷᠬᠠᠭᠠᠭᠰᠠᠨ ﹇2023﹈ 18 ᠳ᠋ᠤᠭᠠᠷ ᠲᠣᠭᠠᠲᠤ︶᠂ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ | ﹇2023﹈ 26 ᠳ᠋ᠤᠭᠠᠷ ᠲᠣᠭᠠᠲᠤ︶ ᠪᠣᠯᠣᠨ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠤᠯᠠᠭᠠᠨᠴᠠᠪ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ︵ᠤᠯᠠᠭᠠᠨᠴᠠᠪ ᠲᠠᠷᠬᠠᠭᠠᠭᠰᠠᠨ ﹇2024﹈ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠮᠠᠨ ᠤ | ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠪᠠᠲᠤᠯᠠᠨ᠎ᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠲᠤᠤᠷᠡᠬᠢ ᠮᠡᠲᠦ ᠮᠡᠳᠡᠭᠳᠡᠶ᠎ᠡ᠄ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠣᠯᠣᠨ ᠰᠢ ᠶᠢᠨ ᠫᠢᠩ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠨᠠᠮ ᠤᠨ | ᠲᠥᠪ ᠬᠤᠷᠢᠶᠠᠨ ᠤ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ | ᠥᠷᠲᠡᠭ ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯ ᠢ ᠠᠮᠢᠳᠤᠯᠢᠭ ᠪᠣᠯᠭᠠᠬᠤ︾ | ᠶᠢ ᠪᠠᠷᠢᠮᠲᠠᠯᠠᠬᠤ ᠲᠤᠬᠠᠢ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠬᠡᠷᠡᠭᠵᠢᠭᠦᠯᠬᠦ ᠶᠢ | ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠪᠠᠶᠢᠷᠢᠯᠠᠭᠤᠯᠤᠯᠲᠠ ᠶᠢᠨ ᠲᠣᠬᠢᠷᠠᠭᠤᠯᠤᠯᠲᠠ ᠶᠢ | ᠴᠢᠩᠭᠠᠳᠬᠠᠵᠤ᠂ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠳ᠋ᠦᠩ ᠤᠨ ᠪᠥᠬᠦ ᠬᠤᠰᠢᠭᠤᠨ ᠤ ᠰᠢᠯᠵᠢᠭᠦᠯᠵᠦ ᠪᠣᠯᠣᠰᠢ | ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ | ᠪᠤᠰᠤᠳᠴᠢ ᠪᠠᠷ ᠲᠤᠰᠬᠠᠬᠤ ᠶᠢ ᠦᠨᠡᠨᠬᠦ ᠪᠠᠲᠤᠯᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ | ᠬᠦᠴᠦᠨ ᠨᠡᠮᠡᠷᠢᠯᠡᠨ᠎ᠡ᠃ | ᠬᠤᠶᠠᠷ᠂ ᠬᠠᠷᠠᠯᠲᠠ ᠶᠢᠨ ᠡᠭᠦᠷᠭᠡ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ | ᠪᠠᠶᠢᠴᠠᠭᠠᠯᠲᠠ ᠶᠢᠨ ᠶᠡᠷᠦᠩᠬᠡᠢ ᠬᠠᠷᠠᠯᠲᠠ ᠶᠢᠨ ᠶᠣᠰᠣᠭᠠᠷ᠂ ᠯᠠᠪᠳᠠᠭᠤᠨ ᠪᠦᠲᠦᠮᠵᠢᠲᠡᠶ ᠨᠡᠶᠢᠳᠡᠮ ᠪᠠᠶᠢᠴᠠᠭᠠᠯᠲᠠ ᠶᠢᠨ | ᠠᠵᠢᠯ ᠢᠶᠠᠷ ᠳᠡᠮᠵᠢᠨ᠂ ᠳᠣᠣᠷᠠᠬᠢ ᠮᠡᠲᠦ ᠠᠵᠢᠯ ᠤᠨ ᠬᠠᠷᠠᠯᠲᠠ ᠪᠠ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ᠂ ᠪᠥᠬᠦ | ᠬᠤᠰᠢᠭᠤᠨ ᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠶᠡᠷᠦᠩᠬᠡᠢ | ᠭᠠᠷᠴᠠᠭ ᠪᠠ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠡᠬᠢ | ᠪᠠᠶᠠᠯᠢᠭ ᠤᠨ ᠡᠳ᠋ ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠦᠨ᠎ᠡ︔ ᠬᠤᠶᠠᠷ ᠲᠤ ᠰᠢᠯᠵᠢᠭᠦᠯᠵᠦ | ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠮᠠᠭᠠᠳᠯᠠᠨ ᠲᠣᠭᠲᠠᠭᠠᠵᠤ ᠨᠡᠶᠢᠲᠡᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠪᠦᠷᠢᠨᠰᠢᠭᠦᠯᠦᠨ᠎ᠡ; ᠭᠤᠷᠪᠠ ᠳᠤ᠂ | ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ | ᠣᠷᠣᠨ ᠵᠠᠢ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠢ ᠬᠢᠨᠠᠨ ᠬᠡᠮᠵᠢᠬᠦ ᠶᠢ ᠤᠶᠠᠯᠳᠤᠭᠤᠯᠤᠭᠰᠠᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠥᠮ ᠢ ᠪᠠᠶᠢᠭᠤᠯᠤᠨ᠎ᠠ︔ ᠳᠥᠷᠪᠡ ᠳᠤ | ᠲᠤᠰᠬᠠᠢ ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠰᠣᠶᠣᠯ ᠤᠨ | ᠥᠪ ᠢ ᠬᠠᠮᠠᠭᠠᠯᠠᠬᠤ ᠤᠬᠠᠮᠰᠠᠷ ᠢ ᠴᠢᠩᠭᠠᠷᠠᠭᠤᠯᠤᠨ᠎ᠠ᠃ | ᠭᠤᠷᠪᠠ᠂ ᠨᠡᠶᠢᠳᠡᠮ ᠪᠠᠶᠢᠴᠠᠭᠠᠬᠤ ᠬᠡᠪᠴᠢᠶ᠎ᠡ ᠪᠣᠯᠣᠨ ᠠᠭᠤᠯᠭ᠎ᠠ | ︵ᠨᠢᠭᠡ︶ ᠨᠡᠶᠢᠳᠡᠮ ᠪᠠᠶᠢᠴᠠᠭᠠᠬᠤ ᠬᠡᠪᠴᠢᠶ᠎ᠡ᠃ ᠨᠢᠭᠡᠨᠲᠡ ᠮᠠᠭᠠᠳᠯᠠᠨ ᠲᠣᠭᠲᠠᠭᠠᠭᠰᠠᠨ᠂ ᠳᠠᠩᠰᠠᠯᠠᠭᠤᠯᠤᠭᠰᠠᠨ | 178 ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠲᠠᠬᠢᠨ ᠪᠠᠶᠢᠴᠠᠭᠠᠬᠤ ᠶᠢᠨ ᠬᠠᠮᠲᠤ | ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠵᠤ᠂ | ᠮᠠᠭᠠᠳᠯᠠᠨ ᠲᠣᠭᠲᠠᠭᠠᠵᠤ᠂ ᠳᠠᠩᠰᠠᠯᠠᠪᠠ᠃ | ︵ᠬᠤᠶᠠᠷ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠡᠭᠦᠨ ᠳᠤ ᠨᠡᠶᠢᠳᠡᠮ ᠪᠠᠶᠢᠴᠠᠭᠠᠯᠲᠠ ᠶᠢᠨ | ᠡᠲᠡᠭᠡᠳ ᠤᠨ ᠨᠡᠷᠡᠶᠢᠳᠦᠯ᠂ ᠣᠷᠣᠨ ᠵᠠᠢ ᠶᠢᠨ ᠪᠠᠶᠢᠷᠢᠰᠢᠯ᠂ ᠬᠠᠮᠠᠭᠠᠯᠠᠯᠲᠠ ᠶᠢᠨ ᠲᠡᠰ ᠤᠨ ᠲᠡᠦᠬᠡ ᠶᠢᠨ ᠳᠤᠷᠠᠰᠬᠠᠯᠲᠤ | ᠵᠦᠢᠯ ᠤᠨ ᠲᠦᠷᠦᠯ ᠢᠯᠭᠠᠯ᠂ ᠣᠨ ᠵᠢᠯ᠂ ᠡᠷᠬᠡ ᠶᠢᠨ ᠬᠠᠷᠢᠶᠠᠯᠠᠯ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ | ᠵᠡᠷᠭᠡ ᠪᠠᠭᠲᠠᠨ᠎ᠠ᠃ | ᠳᠥᠷᠪᠡ᠂ ᠴᠠᠭ ᠤᠨ ᠲᠣᠬᠢᠷᠠᠭᠤᠯᠤᠯᠲᠠ | ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢ 2023 ᠣᠨ ᠤ | 11 ᠳ᠋ᠤᠭᠡᠷ ᠰᠠᠷ᠎ᠠ ᠠᠴᠠ ᠡᠬᠢᠯᠡᠨ᠂ 2026 ᠣᠨ ᠤ 6 ᠳ᠋ᠤᠭᠠᠷ ᠰᠠᠷ᠎ᠠ ᠳᠤ ᠳᠠᠭᠤᠰᠬᠠᠵᠤ᠂ ᠭᠤᠷᠪᠠᠨ ᠱᠠᠲᠤ | ᠬᠤᠪᠢᠶᠠᠨ ᠶᠠᠪᠤᠭᠳᠠᠭᠤᠯᠤᠨ᠎ᠠ᠂ ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2024 ᠣᠨ ᠤ 4 ᠳ᠋ᠦᠭᠡᠷ | ᠰᠠᠷ᠎ᠠ ᠶᠢᠨ 30 ᠤ ᠡᠳᠦᠷ ᠪᠣᠯᠣᠨ᠎ᠠ᠃ | ︵ᠨᠢᠭᠡ︶ ᠨᠢᠭᠡᠳᠦᠭᠡᠷ ᠱᠠᠲᠤ᠃ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯ᠎ᠠ | ᠃ ᠠᠵᠢᠯ ᠤᠨ ᠡᠭᠦᠷᠭᠡ᠄ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠣᠨ ᠨᠡᠶᠢᠳᠡᠮ | ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠥᠯ ᠢ ᠲᠣᠭᠲᠠᠭᠠᠨ᠂ | ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠪᠣᠯᠣᠨ ᠵᠢᠷᠤᠮᠵᠢᠯ ᠤᠨ ᠶᠣᠰᠣᠭᠠᠷ᠂ ᠨᠡᠶᠢᠳᠡᠮ ᠪᠠᠶᠢᠴᠠᠭᠠᠯᠲᠠ | ᠶᠢᠨ ᠰᠢᠰᠲ᠋ᠧᠮ ᠢ ᠦᠨᠳᠦᠰᠦᠯᠡᠨ ᠵᠥᠭᠡᠯᠡᠨ ᠬᠡᠷᠡᠭᠰᠡᠯ ᠴᠤᠭᠯᠠᠭᠤᠯᠵᠤ᠂ ᠪᠣᠯᠪᠠᠰᠤᠷᠠᠭᠤᠯᠤᠯ᠂ ᠲᠤᠷᠰᠢᠯᠲᠠ ᠶᠢᠨ ᠠᠵᠢᠯ | ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠬᠤᠶᠠᠳᠤᠭᠠᠷ ᠱᠠᠲᠤ᠃ 2024 ᠣᠨ ᠤ 5 ᠳ᠋ᠤᠭᠠᠷ ᠰᠠᠷ᠎ᠠ ᠠᠴᠠ 2025 ᠣᠨ ᠤ 5 | ᠳ᠋ᠤᠭᠠᠷ ᠰᠠᠷ᠎ᠠ ᠪᠣᠯᠲᠠᠯ᠎ᠠ᠂ ᠠᠵᠢᠯ ᠤᠨ ᠡᠭᠦᠷᠭᠡ᠄ ᠰᠤᠮᠤ ᠰᠢᠶᠠᠩ ᠪᠠᠯᠭᠠᠰᠤ ᠶᠢᠨ ᠭᠠᠵᠠᠷ ᠣᠷᠣᠨ ᠢᠶᠠᠷ ᠦᠨᠳᠦᠰᠦᠨ | ᠨᠢᠭᠡᠴᠡ ᠪᠣᠯᠭᠠᠵᠤ᠂ ᠲᠤᠬᠠᠢ ᠶᠢᠨ ᠭᠠᠵᠠᠷ ᠲᠤᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢ | ᠥᠷᠨᠢᠭᠦᠯᠦᠨ᠎ᠡ᠃ | ︵ᠭᠤᠷᠪᠠ︶ ᠭᠤᠷᠪᠠᠳᠤᠭᠠᠷ ᠱᠠᠲᠤ᠃ 2025 ᠣᠨ ᠤ 6 ᠰᠠᠷ᠎ᠠ ᠠᠴᠠ 2026 ᠣᠨ ᠤ 6 ᠰᠠᠷ᠎ᠠ | ᠪᠣᠯᠲᠠᠯ᠎ᠠ᠃ ᠠᠵᠢᠯ ᠤᠨ ᠡᠭᠦᠷᠭᠡ᠄ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠬᠠᠤᠯᠢ | ᠶᠣᠰᠣᠭᠠᠷ ᠮᠠᠭᠠᠳᠯᠠᠨ ᠲᠣᠭᠲᠠᠭᠠᠬᠤ᠂ ᠳᠡᠩᠰᠡᠯᠡᠨ ᠲᠡᠮᠳᠡᠭᠯᠡᠬᠦ ᠶᠢᠨ ᠬᠠᠮᠲᠤ ᠨᠡᠶᠢᠲᠡᠯᠡᠵᠦ᠂ ᠪᠥᠬᠦ ᠬᠤᠰᠢᠭᠤᠨ ᠤ | ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠢ | ᠪᠠᠶᠢᠭᠤᠯᠤᠨ᠂ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠮ | ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠵᠦ᠂ ᠬᠤᠰᠢᠭᠤᠨ ᠠᠷᠠᠳ ᠤᠨ ᠵᠠᠰᠠᠭ ᠤᠨ ᠣᠷᠳᠣᠨ ᠨᠢ ᠨᠡᠶᠢᠳᠡᠮ | ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠰᠢᠯᠵᠢᠭᠦᠯᠵᠦ ᠪᠣᠯᠣᠰᠢ ᠦᠭᠡᠢ ᠴᠢᠬᠤᠯᠠ ᠲᠡᠦᠬᠡ ᠶᠢᠨ | ᠳᠤᠷᠠᠰᠬᠠᠯᠲᠤ ᠵᠦᠢᠯ ᠢ ᠵᠣᠬᠢᠬᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠪᠠᠷ | ᠬᠢᠨᠠᠨ ᠲᠣᠭᠲᠠᠭᠠᠵᠤ ᠨᠡᠶᠢᠲᠡᠯᠡᠨ᠎ᠡ᠃ | ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠦᠬᠦ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ | ᠬᠦᠴᠦᠨ ᠤ ᠪᠠᠶᠢᠴᠠᠭᠠᠯᠲᠠ ᠶᠢᠨ ᠤᠯᠤᠰ ᠤᠨ ᠲᠡᠦᠬᠡ ᠰᠣᠶᠣᠯ ᠤᠨ ᠥᠪ ᠤᠨ ᠠᠮᠤᠷ ᠲᠦᠪᠰᠢᠨ ᠢ ᠪᠠᠲᠤᠯᠠᠬᠤ | ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ | ᠰᠠᠭᠤᠷᠢ ᠠᠵᠢᠯ ᠮᠥᠨ᠂ ᠡᠨᠡ ᠨᠢ ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠤᠱᠯᠠᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠦᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ | ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ | ᠨᠠᠷᠢᠨ ᠨᠢᠮᠪᠠᠢ ᠪᠠᠶᠢᠷᠢᠯᠠᠭᠤᠯᠵᠤ᠂ ᠤᠬᠠᠭᠤᠯᠬᠤ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ | ᠡᠭᠦᠷᠭᠡ ᠪᠠᠨ ᠬᠤᠭᠤᠴᠠᠭ᠎ᠠ ᠶᠣᠰᠣᠭᠠᠷ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠨ᠎ᠠ᠃ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠤᠨ ᠪᠠᠶᠢᠴᠠᠭᠠᠯᠲᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ | ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠂ ᠬᠤᠯᠪᠣᠭᠳᠠᠯ ᠪᠦᠬᠦᠢ ᠴᠢᠬᠤᠯᠠ ᠶᠠᠪᠤᠳᠠᠯ ᠢ ᠬᠢᠨᠠᠨ ᠲᠣᠭᠲᠠᠭᠠᠵᠤ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠭᠠᠬᠤ | ᠦᠭᠡᠢ᠂ ᠡᠭᠦᠷᠭᠡ ᠪᠠᠨ ᠪᠡᠶᠡᠯᠡᠭᠦᠯᠦᠭᠰᠡᠨ ᠤ ᠲᠠᠷᠠᠭ᠎ᠠ ᠠᠶᠠᠨᠳᠠᠭᠠᠨ ᠬᠦᠴᠦᠨ ᠦᠭᠡᠢ ᠪᠣᠯᠭᠠᠨ᠎ᠠ᠃ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠰᠣᠶᠣᠯ ᠵᠢᠭᠤᠯᠴᠢᠯᠠᠯ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ | ᠵᠦᠢᠯᠡᠰ ᠤᠨ ᠲᠣᠪᠴᠢᠶ᠎ᠠ︶ ᠳᠤ ᠪᠠᠶᠢᠷᠢᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠳᠦᠷ ᠲᠤᠲᠤᠮ ᠤᠨ | ᠵᠣᠬᠢᠶᠠᠨ ᠪᠠᠶᠢᠭᠤᠯᠤᠯᠲᠠ ᠪᠠ ᠪᠣᠳᠠᠲᠠᠢ ᠵᠣᠬᠢᠴᠠᠭᠤᠯᠭ᠎ᠠ ᠶᠢ ᠬᠠᠷᠢᠭᠤᠴᠠᠭᠤᠯᠤᠨ᠎ᠠ᠃ ᠬᠤᠰᠢᠭᠤᠨ ᠤ ᠰᠣᠶᠣᠯ | ᠵᠢᠭᠤᠯᠴᠢᠯᠠᠯ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶ ᠨᠢ ᠪᠥᠬᠦ ᠬᠤᠰᠢᠭᠤᠨ ᠤ | ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠵᠣᠬᠢᠴᠠᠩᠭᠤᠢ ᠨᠡᠶᠢᠳᠡᠮ ᠪᠠᠶᠢᠴᠠᠭᠠᠯᠲᠠ ᠶᠢᠨ | ᠲᠣᠭᠲᠠᠴᠠ ᠶᠢ ᠪᠠᠶᠢᠭᠤᠯᠵᠤ᠂ ᠲᠣᠰ ᠭᠠᠵᠠᠷ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ | ︵ᠭᠤᠷᠪᠠ︶ ᠨᠡᠶᠢᠳᠡᠮ ᠪᠠᠶᠢᠴᠠᠭᠠᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︵ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ︶ | ᠠᠴᠠ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠬᠠᠷᠢᠭᠤᠴᠠᠵᠤ᠂ | ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ | ᠲᠣᠪᠴᠢᠶ᠎ᠠ︶ ᠠᠴᠠ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠳᠠᠩᠰᠠᠯᠠᠭᠰᠠᠨ ᠮᠡᠳᠡᠭᠡ | ᠵᠠᠩᠭᠢ ᠪᠠᠨ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠶᠢ ᠬᠠᠮᠵᠢᠨ ᠵᠢᠯᠤᠭᠤᠳᠴᠤ᠂ ᠬᠤᠰᠢᠭᠤᠨ ᠰᠣᠶᠣᠯ | ᠵᠢᠭᠤᠯᠴᠢᠯᠠᠯ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶ ᠨᠢ ᠨᠡᠶᠢᠳᠡᠮ | ᠪᠠᠶᠢᠴᠠᠭᠠᠯᠲᠠ ᠶᠢᠨ ᠠᠵᠢᠯ ᠢ ᠪᠣᠳᠠᠲᠠᠢ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠡᠵᠡᠮᠳᠡᠯ ᠢ | ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠴᠤᠪᠤᠷᠠᠯ ᠢ ᠵᠢᠷᠤᠮᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ | ᠬᠡᠷᠡᠭ ᠤᠨ ᠡᠮᠦᠨ᠎ᠡ ᠬᠡᠷᠡᠭ ᠤᠨ ᠳᠤᠮᠳᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ | ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ | ᠪᠣᠳᠠᠲᠠᠢ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠦᠨᠡᠨᠬᠦ ᠪᠠᠲᠤᠯᠠᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠢ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ︾ ᠶᠣᠰᠣᠭᠠᠷ᠂ ᠬᠤᠰᠢᠭᠤᠨ ᠠᠷᠠᠳ ᠤᠨ ᠵᠠᠰᠠᠭ ᠤᠨ ᠣᠷᠳᠣᠨ | ᠠᠴᠠ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠵᠦᠢ ᠵᠣᠬᠢᠰᠲᠠᠢ | ᠲᠥᠰᠥᠭᠡᠯᠡᠨ ᠪᠤᠳᠤᠵᠤ᠂ ᠣᠨ ᠢᠶᠠᠷ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠂ ᠴᠠᠭ ᠲᠤᠬᠠᠢ ᠳᠤᠨᠢ | ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ | ᠶᠠᠪᠤᠭᠳᠠᠬᠤ ᠶᠢ ᠪᠠᠲᠤᠯᠠᠨ᠎ᠠ᠃ | ︵ᠬᠤᠶᠠᠷ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠲᠣᠭᠲᠠᠪᠤᠷᠢᠵᠢᠭᠤᠯᠤᠨ᠎ᠠ᠃ ᠠᠵᠢᠯ ᠤᠨ | ᠬᠡᠷᠡᠭᠴᠡᠭᠡ ᠪᠠᠨ ᠦᠨᠳᠦᠰᠦᠯᠡᠨ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠥᠬᠦᠴᠡᠯ | ᠲᠤ ᠨᠡᠶᠢᠴᠡᠬᠦ ᠬᠥᠮᠥᠰ ᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠡ ᠠᠴᠠ ᠵᠥᠪᠳᠡᠯᠴᠡᠨ ᠰᠢᠯᠵᠢᠭᠦᠯᠵᠦ | ᠨᠡᠶᠢᠳᠡᠮ ᠪᠠᠶᠢᠴᠠᠭᠠᠯᠲᠠ ᠶᠢᠨ ᠡᠩᠨᠡᠭᠡᠨ ᠲᠤ ᠣᠷᠣᠭᠤᠯᠵᠤ ᠪᠣᠯᠣᠨ᠎ᠠ᠂ ᠤᠷᠢᠨ ᠬᠡᠷᠡᠭᠯᠡᠭᠰᠡᠨ ᠬᠥᠮᠥᠰ ᠤᠨ ᠬᠥᠳᠡᠯᠮᠦᠷᠢ | ᠦᠢᠯᠡᠴᠢᠯᠡᠭᠡᠨ ᠤ ᠵᠠᠷᠤᠳᠠᠯ ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠳᠣᠲᠣᠷ᠎ᠠ ᠠᠴᠠ ᠭᠠᠷᠭᠠᠵᠤ᠂ ᠤᠷᠢᠨ | ᠬᠡᠷᠡᠭᠯᠡᠭᠰᠡᠨ ᠨᠢᠭᠡᠴᠡ ᠠᠴᠠ ᠥᠭᠭᠦᠨ᠎ᠡ᠂ ᠵᠥᠪᠳᠡᠯᠴᠡᠨ ᠰᠢᠯᠵᠢᠭᠦᠯᠦᠭᠰᠡᠨ ᠬᠥᠮᠥᠰ ᠤᠤᠯ ᠤᠨ ᠨᠢᠭᠡᠴᠡ ᠶᠢᠨ ᠠᠵᠢᠯ | ᠤᠨ ᠪᠠᠶᠢᠷᠢ ᠶᠢ ᠨᠢ ᠦᠯᠡᠳᠡᠭᠡᠵᠦ᠂ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠨᠢ ᠪᠠᠭᠤᠷᠠᠭᠤᠯᠬᠤ ᠦᠭᠡᠢ᠃ | ᠣᠷᠣᠨ ᠨᠤᠲᠤᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ | ᠰᠣᠷᠣᠭᠴᠢ ᠶᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠬᠤ ᠶᠢᠨ ᠬᠠᠮᠲᠤ | ᠲᠡᠳᠡᠨ ᠤ ᠵᠢᠭᠠᠨ ᠰᠤᠷᠭᠠᠬᠤ ᠳᠠᠳᠤᠯᠭ᠎ᠠ ᠶᠢᠨ ᠬᠢᠴᠢᠶᠡᠯ ᠪᠣᠯᠭᠠᠵᠤ ᠪᠣᠯᠣᠨ᠎ᠠ᠃ | ︵ᠭᠤᠷᠪᠠ︶ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠢ᠃ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠬᠤᠰᠢᠭᠤᠨ ᠠᠷᠠᠳ ᠤᠨ ᠵᠠᠰᠠᠭ ᠤᠨ ᠣᠷᠳᠣᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠭᠦᠢᠴᠡᠳᠬᠡᠵᠦ᠂ ᠬᠤᠰᠢᠭᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳᠬᠡᠵᠦ᠂ ᠬᠤᠰᠢᠭᠤᠨ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠰᠢᠭᠤᠳ ᠬᠠᠷᠢᠭᠤᠴᠠᠯᠭ᠎ᠠ ᠶᠢ ᠡᠭᠦᠷᠭᠡᠯᠡᠵᠦ᠂ ᠨᠡᠶᠢᠳᠡᠮ ᠪᠠᠶᠢᠴᠠᠭᠠᠯᠲᠠ ᠶᠢᠨ | ᠲᠤᠭ᠎ᠠ ᠪᠠᠷᠢᠮᠲᠠ ᠶᠢᠨ ᠶᠠᠰᠤ ᠴᠢᠨᠠᠷ ᠢ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠂ ᠨᠡᠶᠢᠳᠡᠮ ᠪᠠᠶᠢᠴᠠᠭᠠᠯᠲᠠ ᠶᠢᠨ | ᠲᠤᠭ᠎ᠠ ᠪᠠᠷᠢᠮᠲᠠ ᠳᠤ ᠵᠣᠷᠢᠭᠤᠳᠠ ᠭᠠᠷ ᠲᠦᠷᠦᠭᠦ ᠡᠯ᠎ᠡ ᠵᠦᠢᠯ ᠤᠨ ᠦᠶᠯᠡ ᠪᠦᠲᠦᠮᠵᠢᠲᠡᠶ ᠮᠡᠷᠭᠡᠵᠢᠯ ᠤᠨ ᠠᠷᠭ᠎ᠠ | ᠪᠠᠷᠢᠯ ᠪᠣᠯᠣᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠯᠡᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ | ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠶᠤᠯ ᠦᠭᠡᠢ ᠶᠢ ᠦᠨᠡᠨᠬᠦ ᠪᠠᠲᠤᠯᠠᠬᠤ ᠬᠡᠷᠡᠭᠲᠡᠢ᠃ | ︵ᠳᠥᠷᠪᠡ︶ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠷᠠᠭᠤᠯᠤᠨ᠎ᠠ᠃ ᠨᠡᠶᠢᠳᠡᠮ | ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ ᠬᠤᠯᠪᠣᠭᠳᠠᠬᠤ ᠵᠦᠢᠯᠡᠰ ᠢ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠬᠠᠷᠢᠭᠤᠴᠠᠬᠤ ᠪᠠ ᠵᠣᠬᠢᠴᠠᠭᠤᠯᠤᠨᠠᠤᠯᠤᠰ ᠤᠨ ᠥᠮᠴᠢᠯᠡᠯ ᠤᠨ ᠲᠡᠦᠬᠡ ᠶᠢᠨ ᠳᠤᠷᠠᠰᠬᠠᠯᠲᠤ | ᠵᠦᠢᠯ ᠤᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠡᠳ᠋ ᠤᠨ | ᠵᠠᠰᠠᠭ ᠤᠨ ᠰᠠᠯᠠᠭ᠎ᠠ ᠮᠥᠴᠢᠷ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠠᠴᠠ | ᠲᠤᠭ᠎ᠠ ᠪᠠᠷᠢᠮᠲᠠ ᠶᠢᠨ ᠡᠬᠡ ᠵᠢᠷᠤᠭ ᠤᠨ ᠲᠠᠯ᠎ᠠ ᠳᠤ ᠬᠤᠯᠪᠣᠭᠳᠠᠬᠤ ᠵᠦᠢᠯᠡᠰ ᠢ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ | ᠳᠠᠶᠢᠴᠢᠯᠠᠬᠤ ᠲᠠᠯ᠎ᠠ ᠲᠤ ᠬᠤᠯᠪᠣᠭᠳᠠᠬᠤ ᠵᠦᠢᠯᠡᠰ ᠢ ᠤᠬᠠᠭᠤᠯᠬᠤ ᠰᠠᠯᠠᠭ᠎ᠠ ᠮᠥᠴᠢᠷ᠂ ᠲᠡᠦᠬᠡ ᠶᠢᠨ ᠳᠤᠷᠠᠰᠬᠠᠯᠲᠤ | ᠵᠦᠢᠯ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠬᠤ ᠪᠠ ᠵᠣᠬᠢᠴᠠᠭᠤᠯᠤᠨ᠎ᠠ᠃ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ | ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠲᠥᠰᠥᠯ ᠤᠨ | ᠱᠠᠭᠠᠷᠳᠠᠯᠭ᠎ᠠ ᠶᠣᠰᠣᠭᠠᠷ᠂ ᠲᠤᠰ ᠰᠢᠰᠲ᠋ᠧᠮ ᠤᠨ ᠲᠡᠦᠬᠡ ᠶᠢᠨ ᠳᠤᠷᠠᠰᠬᠠᠯᠲᠤ ᠵᠦᠢᠯ ᠤᠨ ᠰᠦᠪᠡᠭᠴᠢ ᠶᠢ | ᠢᠳᠡᠪᠬᠢᠲᠡᠢ ᠪᠠᠷ ᠬᠠᠩᠭᠠᠵᠤ᠂ ᠲᠤᠰ ᠰᠢᠰᠲ᠋ᠧᠮ ᠤᠨ ᠬᠤᠯᠪᠣᠭᠳᠠᠯ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ | ᠲᠠᠶᠢᠴᠢᠯᠠᠵᠦ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠲᠤᠰ ᠰᠢᠰᠲ᠋ᠧᠮ | ᠲᠤ ᠬᠤᠯᠪᠣᠭᠳᠠᠬᠤ ᠴᠢᠬᠤᠯᠠ ᠠᠰᠠᠭᠤᠳᠠᠯ ᠢ ᠬᠠᠪᠰᠤᠷᠤᠨ ᠰᠤᠳᠤᠯᠤᠨ ᠰᠢᠢᠳᠪᠦᠷᠢᠯᠡᠬᠦ ᠬᠡᠷᠡᠭᠲᠡᠢ᠃ | ︵ᠲᠠᠪᠤ︶ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠡᠯ᠎ᠡ ᠰᠠᠯᠠᠭ᠎ᠠ | ᠮᠥᠴᠢᠷ ᠪᠣᠯᠣᠨ ᠨᠢᠭᠡᠴᠡ ᠵᠢᠴᠢ ᠬᠤᠪᠢ ᠬᠥᠮᠥᠨ ᠳᠠᠩᠰᠠᠯᠠᠭᠰᠠᠨ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ | ᠲᠠᠭᠯᠠᠨ ᠮᠡᠳᠡᠭᠦᠯᠬᠦ ᠬᠡᠷᠡᠭᠲᠡᠢ᠂ ᠬᠤᠳᠠᠯ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ᠂ ᠮᠡᠳᠡᠭᠦᠯᠬᠦ ᠶᠢ ᠲᠡᠪᠴᠢᠵᠦ᠂ | ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠪᠣᠯᠣᠨ ᠲᠤᠭ᠎ᠠ | ᠪᠠᠷᠢᠮᠲᠠ ᠶᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠵᠦ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ | ᠪᠠᠶᠢᠳᠠᠯ ᠭᠠᠷᠪᠠᠯ᠂ ᠬᠠᠤᠯᠢ ᠰᠠᠬᠢᠯᠭ᠎ᠠ ᠶᠣᠰᠣᠭᠠᠷ ᠰᠢᠢᠳᠪᠦᠷᠢᠯᠡᠬᠦ ᠬᠡᠷᠡᠭᠲᠡᠢ᠃ ᠬᠤᠰᠢᠭᠤᠨ ᠤ ᠨᠡᠶᠢᠳᠡᠮ ᠤᠨ | ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠡᠶᠢᠳᠡᠮ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠣᠨ | ᠮᠠᠲ᠋ᠧᠷᠢᠶᠠᠯ ᠢ ᠰᠠᠶᠢᠲᠤᠷ ᠬᠠᠳᠠᠭᠠᠯᠠᠵᠤ᠂ ᠨᠡᠶᠢᠳᠡᠮ ᠤᠨ ᠪᠠᠶᠢᠴᠠᠭᠠᠯᠲᠠ ᠳᠤ ᠬᠤᠯᠪᠣᠭᠳᠠᠭᠰᠠᠨ ᠤᠯᠤᠰ ᠤᠨ | ᠨᠢᠭᠤᠴᠠ ᠶᠢ ᠬᠠᠮᠠᠭᠠᠯᠠᠬᠤ ᠡᠭᠦᠷᠭᠡ ᠶᠢ ᠭᠦᠢᠴᠡᠳᠬᠡᠵᠦ᠂ ᠬᠡᠷᠪᠡ ᠨᠢᠭᠤᠴᠠ ᠶᠢ ᠵᠠᠳᠠᠷᠠᠭᠤᠯᠤᠭᠰᠠᠨ ᠬᠡᠷᠡᠭ ᠭᠠᠷᠪᠠᠯ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ | ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ | ᠳᠤᠮᠳᠠ ᠬᠡᠷᠪᠡ ᠵᠣᠷᠢᠭᠤᠳᠠ ᠡᠪᠳᠡᠭᠰᠡᠨ᠂ ᠬᠢᠨᠠᠨ ᠬᠠᠮᠢᠶᠠᠷᠤᠭᠰᠠᠨ ᠨᠢ ᠰᠤᠯᠠ ᠵᠡᠷᠭᠡ ᠰᠢᠯᠲᠠᠭᠠᠨ ᠠᠴᠠ ᠪᠣᠯᠵᠤ | ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯ ᠢ ᠡᠪᠳᠡᠯᠡᠭᠡ ᠳᠤ ᠤᠴᠠᠷᠠᠭᠤᠯᠤᠭᠰᠠᠨ᠂ ᠬᠦᠴᠦᠨ | ᠦᠭᠡᠢ ᠪᠣᠯᠭᠠᠭᠰᠠᠨ᠂ ᠤᠰᠠᠳᠬᠠᠵᠤ ᠭᠡᠭᠡᠭᠳᠡᠭᠦᠯᠦᠭᠰᠡᠨ ᠪᠠᠶᠢᠳᠠᠯ ᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠢ ᠳᠤᠨᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ ᠬᠡᠷᠡᠭᠲᠡᠢ᠃ | | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | | 2024 ᠣᠨ ᠤ 2 ᠰᠠᠷ᠎ᠠ ᠶᠢᠨ 19 ᠤ ᠡᠳᠤᠷ | | ︵ᠲᠣᠰ ᠪᠢᠴᠢᠭ ᠮᠠᠲ᠋ᠧᠷᠢᠶᠠᠯ ᠤᠨ ᠭᠤᠣᠯ ᠠᠭᠤᠯᠭ᠎ᠠ ᠶᠢ ᠢᠯᠡ ᠪᠠᠷ ᠨᠡᠶᠢᠲᠡᠯᠡᠨ᠎ᠡ︶ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ |