ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠬᠠᠭᠤᠳᠠᠰᠤ ᠶᠢ ᠰᠦᠪᠡᠭᠴᠢᠯᠡᠵᠦ ᠡᠷᠡᠮᠡᠬᠡᠶᠢᠯᠡᠨ ᠤᠷᠤᠭᠰᠢᠯᠠᠵᠤ ᠰᠢᠯᠢᠳᠡᠭ ᠠᠮᠵᠢᠯᠲᠠ ᠶᠢ ᠡᠭᠦᠳᠦᠨ᠎ᠡ  —  ᠳ᠋ᠠ ᠯᠢᠦ ᠬᠤᠣ ᠪᠠᠯᠭᠠᠰᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/27
     3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠳ᠋ᠠ ᠯᠢᠦ ᠬᠤᠣ ᠪᠠᠯᠭᠠᠰᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠢ ᠬᠤᠷᠠᠯᠳᠤᠭᠤᠯᠵᠤ᠂ ᠪᠥᠬᠦ ᠪᠠᠯᠭᠠᠰᠤᠨ ᠤ ᠡᠯ᠎ᠡ ᠠᠵᠢᠯ ᠲᠥᠷᠥᠯ ᠪᠠ ᠡᠯ᠎ᠡ ᠹᠷᠣᠨᠲ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠥᠬᠦ ᠪᠠᠯᠭᠠᠰᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠢᠭᠡ ᠲᠠᠩᠬᠢᠮ ᠳᠤ ᠴᠤᠭᠯᠠᠷᠠᠨ᠂ ᠬᠥᠭᠵᠢᠯᠲᠡ ᠶᠢᠨ ᠰᠢᠨ᠎ᠡ ᠵᠢᠷᠤᠭ ᠲᠥᠰᠥᠪ ᠢ ᠬᠠᠮᠲᠤ ᠪᠠᠷ ᠵᠢᠷᠤᠭᠯᠠᠵᠠᠢ᠃
     ᠶᠡᠭᠡ ᠬᠤᠷᠠᠯ ᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠢ ᠲᠥᠯᠥᠭᠡᠯᠡᠭᠴᠢ 56 ᠬᠥᠮᠥᠨ᠂ ᠬᠡᠷᠡᠭ ᠤᠴᠢᠷ ᠠᠴᠠ ᠪᠣᠯᠵᠤ ᠡᠪᠡᠳᠴᠢᠨ ᠠᠴᠠ ᠪᠣᠯᠵᠤ 4 ᠬᠥᠮᠥᠨ ᠴᠢᠯᠦᠭᠡ ᠭᠤᠶᠣᠵᠠᠢ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 52 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃                          ᠵᠣᠬᠢᠶᠠᠭᠴᠢ᠄ ᠡᠬᠡ ᠪᠢᠴᠢᠭ ᠬᠠᠩᠭᠠᠭᠴᠢ᠄ ᠼᠤᠤ ᠨᠠ                          ᠤᠷᠴᠢᠭᠤᠯᠤᠭᠴᠢ᠄ ᠰᠤᠷᠤᠨ᠎ᠠ                          ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳ᠋ᠠ ᠯᠢᠦ ᠬᠤᠣ ᠪᠠᠯᠭᠠᠰᠦ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号