ᠬᠦᠨᠳᠦᠲᠦ ᠵᠤᠴᠢᠨ: | ᠰᠢ ᠾᠸᠦ ᠹᠠᠩ ᠲᠤᠰᠬᠤᠨ ᠤ ᠨᠢᠭᠡᠳᠦᠭᠡᠷ ᠱᠦᠵᠢ ᠯᠢ ᠮᠢᠨ | | | ᠲᠤᠪᠴᠢᠯᠠᠭᠤᠷ: | ᠨᠢᠭᠡ ᠬᠤᠪᠢ ᠤᠭ ᠰᠠᠨᠠᠭ᠎ᠠ ᠶᠢ ᠵᠠᠯᠭᠠᠮᠵᠢᠯᠠᠵᠤ᠂ ᠨᠢᠭᠡ ᠬᠤᠪᠢ ᠬᠠᠷᠢᠭᠤᠴᠠᠯᠭ᠎ᠠ ᠶᠢ ᠡᠭᠦᠷᠭᠡᠯᠡᠨ᠎ᠡ᠃ | ᠣᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠬᠠᠳᠠ ᠰᠤᠮᠤ ᠶᠢᠨ ᠰᠢ ᠾᠧᠦ ᠹᠠᠩ | ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠵᠥᠪᠯᠡᠯ ᠤᠨ ᠡᠷᠬᠢᠯᠡᠭᠴᠢ ᠯᠢ ᠮᠢᠨ ᠪᠥᠬᠦ ᠬᠤᠲᠠ ᠶᠢᠨ ︽ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢ ᠡᠭᠦᠷᠭᠡᠯᠡᠵᠦ ᠰᠠᠶᠢᠨ ᠡᠭᠦᠷ ᠤᠨ ᠱᠦᠵᠢ ᠪᠣᠯᠬᠤ︾ | ᠪᠠᠷ ᠦᠨᠡᠯᠡᠭᠳᠡᠪᠡ᠃ ᠯᠢ ᠮᠢᠨ ᠲᠤᠰᠢᠶᠠᠯ ᠳᠤ ᠭᠠᠷᠤᠭᠰᠠᠨ ᠠᠴᠠ ᠨᠠᠰᠢ᠂ ᠤᠯᠠᠨ ᠲᠦᠮᠡᠨ ᠤ ᠪᠠᠭ᠎ᠠ ᠶᠠᠪᠤᠳᠠᠯ ᠪᠠᠴᠢᠮ | ᠶᠠᠪᠤᠳᠠᠯ ᠢ ᠥᠪᠡᠷ ᠤᠨ ᠨᠢᠳᠦᠨ ᠳᠠᠬᠢ ᠶᠡᠭᠡ ᠶᠠᠪᠤᠳᠠᠯ ᠪᠣᠯᠭᠠᠵᠤ᠂ ᠬᠥᠳᠡᠭᠡ ᠲᠣᠰᠬᠤᠨ ᠢᠶᠠᠷ ᠶᠠᠪᠤᠵᠤ᠂ ᠠᠶᠢᠯ | ᠡᠷᠦᠬᠡ ᠪᠠᠷ ᠶᠠᠪᠤᠵᠤ᠂ ᠲᠣᠰᠬᠤᠨ ᠤ︽ᠬᠤᠶᠠᠷ ᠵᠥᠪᠯᠡᠯ︾ ᠤᠨ ᠺᠠᠳ᠋ᠷᠴᠤᠳ ᠢ ᠳᠠᠭᠠᠭᠤᠯᠤᠨ ᠤᠯᠠᠨ ᠲᠦᠮᠡᠨ ᠲᠠᠢ | ᠨᠢᠭᠲᠠ ᠬᠠᠷᠢᠯᠴᠠᠵᠤ᠂ ᠪᠠᠭ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ | ᠠᠬᠤᠢ ᠶᠢ ᠶᠡᠬᠡᠪᠡᠷ ᠬᠥᠭᠵᠢᠭᠦᠯᠵᠦ᠂ ᠪᠦᠬᠦ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠤᠯᠠᠨ ᠲᠦᠮᠡᠨ ᠳᠤ ᠦᠢᠯᠡᠴᠢᠯᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠠᠷᠢᠭᠤᠯᠲᠠ ᠶᠢᠨ ᠬᠠᠭᠤᠳᠠᠰᠤ︾ ᠶᠢ ᠪᠢᠴᠢᠭᠯᠡᠵᠡᠢ᠃ | | ᠰᠤᠷᠪᠤᠯᠵᠢᠯᠠᠨ ᠶᠠᠷᠢᠯᠴᠠᠭᠰᠠᠨ ᠪᠣᠳᠠᠳᠤ ᠲᠡᠮᠳᠡᠭᠯᠡᠯ: | ᠰᠢ ᠾᠧᠦ ᠹᠠᠩ ᠲᠣᠰᠬᠤᠨ ᠳᠤ᠂ ᠰᠤᠷᠪᠤᠯᠵᠢᠯᠠᠭᠴᠢ ᠲᠣᠰᠬᠤᠨ ᠤ ᠠᠷᠠᠳ ᠤᠨ ᠭᠡᠷ ᠲᠤ ᠠᠶᠢᠯᠴᠢᠯᠠᠵᠤ | ᠪᠠᠶᠢᠭᠰᠠᠨ ᠯᠢ ᠮᠢᠨ ᠲᠠᠢ ᠠᠭᠤᠯᠵᠠᠭᠰᠠᠨ ᠳᠤ᠂ ᠯᠢ ᠮᠢᠨ ᠰᠤᠷᠪᠤᠯᠵᠢᠯᠠᠭᠴᠢ ᠳᠤ᠂ ᠲᠣᠰᠬᠤᠨ ᠤ ᠠᠷᠠᠳ | ᠬᠦᠴᠢᠷᠳᠡᠯ ᠲᠠᠢ ᠯᠡ ᠪᠣᠯ ᠲᠡᠭᠦᠨ ᠢ ᠡᠷᠢᠵᠦ ᠣᠯᠬᠤ ᠳᠤ ᠯᠠ ᠬᠦᠷᠪᠡᠯ᠂ ᠲᠡᠷᠡ ᠠᠷᠭ᠎ᠠ ᠪᠦᠬᠦᠨ ᠢ ᠰᠦᠪᠡᠭᠴᠢᠯᠡᠨ | ᠬᠠᠪᠰᠤᠷᠤᠨ ᠰᠢᠢᠳᠪᠦᠷᠢᠯᠡᠵᠦ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠰᠠᠶᠢᠲᠤᠷ ᠦᠢᠯᠡᠴᠢᠯᠡᠵᠦ᠂ ᠲᠡᠳᠡᠨ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠡᠩᠨᠡᠭᠡ ᠠᠴᠠ ᠪᠠᠨ ᠬᠤᠴᠣᠷᠤᠭᠤᠯᠬᠤ ᠦᠭᠡᠢ | ᠪᠠᠶᠢᠬᠤ ᠬᠡᠷᠡᠭᠲᠡᠢ ᠭᠡᠵᠦ ᠬᠡᠯᠡᠪᠡ᠃ | ︽ᠪᠢ ᠭᠠᠳᠠᠨ᠎ᠠ ᠠᠴᠠ ᠲᠤᠰᠬᠤᠨ ᠳᠤ ᠪᠠᠨ ᠬᠠᠷᠢᠵᠤ ᠢᠷᠡᠭᠰᠡᠨ ᠤ ᠪᠠᠨ ᠳᠠᠷᠠᠭ᠎ᠠ ᠮᠠᠯ ᠠᠵᠤ ᠠᠬᠤᠢ ᠪᠠᠨ | ᠬᠥᠭᠵᠢᠭᠦᠯᠦᠶ᠎ᠡ ᠭᠡᠵᠦ ᠪᠣᠳᠣᠵᠤ ᠪᠠᠶᠢᠨ᠎ᠠ᠃ ᠵᠣᠭᠤᠰ ᠦᠭᠡᠢ᠂ ᠰᠡᠭᠦᠯᠡᠷ ᠨᠢ ᠯᠢ ᠱᠦᠵᠢ ᠳᠤ ᠬᠡᠯᠡᠵᠦ ᠥᠭᠭᠦᠭᠰᠡᠨ ᠳᠤ᠂ | ᠯᠢ ᠱᠦᠵᠢ ᠪᠣᠯ ᠢᠲᠡᠭᠡᠮᠵᠢ ᠶᠢᠨ ᠬᠤᠷᠰᠢᠶ᠎ᠠ ᠳᠤ ᠯᠠ ᠣᠴᠢᠵᠤ᠂ ᠨᠠᠳᠠ ᠳᠤ 10 ᠲᠦᠮᠡᠨ ᠲᠥᠭᠦᠷᠢᠭ ᠤᠨ | ᠪᠠᠲᠤᠯᠠᠭ᠎ᠠ ᠥᠭᠭᠦᠭᠰᠡᠨ ᠪᠣᠯᠬᠤᠷ ᠪᠢ ᠨᠢᠭᠡ ᠰᠦᠷᠦᠭ ᠬᠤᠨᠢ ᠬᠤᠳᠠᠯᠳᠤᠨ ᠠᠪᠴᠢᠷᠠᠪᠠ᠂ ᠬᠤᠨᠢᠨ ᠤ ᠦᠨ᠎ᠡ ᠬᠠᠩᠰᠢ | ᠨᠡᠯᠢᠶᠡᠳ ᠰᠠᠶᠢᠨ ᠪᠣᠯᠬᠤ ᠶᠢ ᠳᠠᠭᠠᠯᠳᠤᠨ᠂ ᠮᠢᠨᠤ ᠵᠢᠯ ᠪᠦᠷᠢ ᠶᠢᠨ ᠣᠷᠣᠯᠭ᠎ᠠ ᠴᠤ ᠨᠡᠯᠢᠶᠡᠳ ᠥᠨᠳᠥᠷ ᠪᠣᠯᠵᠤ᠂ | ᠵᠢᠭᠡᠯᠡᠯᠭᠡ ᠪᠠᠨ ᠥᠭᠴᠦ ᠪᠠᠷᠠᠭᠰᠠᠨ ᠤ ᠲᠠᠷᠠᠭ᠎ᠠ ᠵᠢᠯ ᠪᠦᠷᠢ ᠲᠠᠪᠤ ᠵᠢᠷᠭᠤᠭᠠᠨ ᠲᠦᠮᠡᠨ ᠲᠥᠭᠦᠷᠢᠭ ᠤᠨ ᠲᠣᠭᠲᠠᠮᠠᠯ | ᠣᠷᠣᠯᠭ᠎ᠠ ᠲᠠᠢ ᠪᠣᠯᠵᠤ᠂ ᠡᠨᠡ ᠬᠡᠳᠦᠨ ᠵᠢᠯ ᠳᠤ ᠭᠡᠷ ᠪᠦᠯᠢ ᠶᠢᠨ ᠠᠮᠢᠳᠤᠷᠠᠯ ᠤᠨ ᠬᠢᠷᠢ ᠬᠡᠮᠵᠢᠶ᠎ᠡ ᠴᠦ ᠳᠡᠭᠡᠭᠰᠢᠯᠡᠭᠰᠡᠨ | ᠪᠠᠶᠢᠨ᠎ᠠ︾ ᠭᠡᠵᠦ ᠵᠣᠯ ᠵᠢᠷᠭᠠᠯᠲᠤ ᠠᠮᠢᠳᠤᠷᠠᠯ ᠢ ᠡᠳ᠋ᠯᠡᠭᠰᠡᠨ ᠰᠢ ᠾᠧᠦ ᠹᠠᠩ ᠲᠣᠰᠬᠤᠨ ᠤ ᠠᠷᠠᠳ ᠸᠠᠩ ᠶᠦᠩ | ᠹᠧᠩ ᠪᠠᠶᠠᠵᠢᠭᠰᠠᠨ ᠦᠯᠢᠭᠡᠷ ᠢᠶᠠᠨ ᠪᠣᠷᠣᠭᠵᠢᠭᠤᠨ ᠦᠭᠡ ᠪᠠᠷ ᠶᠠᠷᠢᠪᠠ᠃ | | ᠯᠢ ᠮᠢᠨ ᠲᠤᠰᠢᠶᠠᠯ ᠳᠤ ᠭᠠᠷᠤᠭᠰᠠᠨ ᠠᠴᠠ ᠨᠠᠰᠢ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠯᠠᠨ | ᠲᠦᠮᠡᠨ ᠳᠤ ᠦᠢᠯᠡᠴᠢᠯᠡᠬᠦ ᠵᠣᠷᠢᠯᠲᠠ ᠶᠢ ᠢᠮᠠᠭᠲᠠ ᠪᠠᠷᠢᠮᠲᠠᠯᠠᠵᠤ᠂ ᠣᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠠᠢ | ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠪᠠᠷ ᠴᠢᠷᠮᠠᠶᠢᠵᠤ᠂ ᠲᠣᠰᠬᠤᠨ ᠤ ︽ᠬᠤᠶᠠᠷ | ᠵᠥᠪᠯᠡᠯ︾ ᠤᠨ ᠨᠢᠭᠡ ᠪᠠᠭ ᠬᠥᠮᠥᠰ ᠢ ᠪᠦᠯᠬᠦᠮᠳᠡᠭᠦᠯᠦᠨ ᠳᠠᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ︽ᠠᠵᠤ ᠦᠢᠯᠡᠰ ᠬᠥᠭᠵᠢᠨ ᠮᠠᠨᠳᠤᠬᠤ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ | ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠶᠡᠷᠦᠩᠬᠡᠢ | ᠱᠠᠭᠠᠷᠳᠠᠯᠭ᠎ᠠ ᠶᠢᠨ ᠲᠣᠭᠤᠷᠢᠨ ᠳᠤ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ | ᠲᠣᠰᠬᠤᠨ ᠤ ᠪᠠᠶᠢᠳᠠᠯ ᠲᠠᠢ ᠤᠶᠠᠯᠳᠤᠭᠤᠯᠤᠨ ︽ᠠᠵᠤ ᠦᠢᠯᠡᠰ ᠢ ᠪᠠᠶᠢᠭᠤᠯᠬᠤ᠂ ᠵᠣᠬᠢᠶᠠᠨ ᠪᠠᠶᠢᠭᠤᠯᠤᠯᠲᠠ ᠶᠢ | ᠴᠢᠩᠭᠠᠳᠬᠠᠬᠤ᠂ ᠰᠢᠨ᠎ᠡ ᠲᠣᠰᠬᠤᠨ ᠢ ᠭᠡᠷᠡᠯᠳᠦᠬᠦᠯᠬᠦ︾ᠠᠵᠢᠯ ᠤᠨ ᠰᠡᠳᠬᠢᠴᠡ ᠶᠢ ᠳᠤᠷᠠᠳᠴᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ ᠦᠭᠡᠢ ᠬᠦᠴᠦᠨ ᠴᠢᠳᠠᠯ ᠢ ᠨᠡᠮᠡᠭᠳᠡᠭᠦᠯᠬᠦ ᠬᠡᠷᠡᠭᠲᠡᠢ᠃ | ᠯᠢ ᠮᠢᠨ ᠤ ᠳᠠᠭᠠᠭᠤᠯᠭ᠎ᠠ ᠪᠠᠷ᠂ ᠰᠢ ᠾᠧᠦ ᠹᠠᠩ ᠲᠣᠰᠬᠤᠨ ᠤ ᠬᠢᠨ 4000 ᠮᠦ ᠡᠪᠡᠰᠦ ᠪᠣᠷᠳᠤᠭ᠎ᠠ | ᠳᠠᠷᠢᠬᠤ ᠰᠠᠭᠤᠷᠢᠨ ᠢ ᠲᠥᠯᠥᠪᠵᠢᠭᠦᠯᠵᠦ᠂ ᠪᠦᠬᠦ ᠲᠣᠰᠬᠤᠨ ᠤ 3800 ᠠᠯᠠᠰᠢᠨ ᠬᠤᠨᠢᠨ ᠤ ᠬᠡᠷᠡᠭᠴᠡᠭᠡ ᠶᠢ | ᠦᠨᠳᠦᠰᠦᠨ ᠳᠡᠭᠡᠨ ᠬᠠᠩᠭᠠᠵᠤ᠂ ᠡᠪᠡᠰᠦ ᠪᠣᠷᠳᠤᠭ᠎ᠠ ᠳᠠᠷᠢᠬᠤ᠂ ᠠᠯᠠᠰᠢᠨ ᠬᠤᠨᠢ ᠲᠡᠵᠢᠭᠡᠨ ᠦᠷᠡᠵᠢᠭᠦᠯᠬᠦ᠂ | ᠲᠣᠰᠬᠤᠨ ᠤ ᠠᠷᠠᠳ ᠤᠨ ᠵᠥᠪᠯᠡᠯ ᠢᠶᠠᠷ ᠣᠷᠣᠯᠠᠨ ᠪᠣᠷᠣᠯᠠᠭᠤᠯᠬᠤ︽ᠳᠠᠷᠢᠵᠤ ᠲᠡᠵᠢᠭᠡᠬᠦ ᠪᠣᠷᠣᠯᠠᠭᠤᠯᠬᠤ︾ᠠᠵᠤ | ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠡᠢ᠃ ᠡᠭᠦᠨ ᠤ ᠵᠡᠷᠭᠡ ᠳᠤ᠂ ᠭᠠᠴᠠᠭᠠᠨ ᠤ ᠬᠠᠮᠲᠤ ᠨᠡᠶᠢᠲᠡ ᠪᠠᠰᠠ 2.2 | ᠲᠦᠮᠡᠨ ᠲᠥᠭᠦᠷᠢᠭ ᠤᠨ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠳᠠᠭᠠᠭᠠᠴᠢᠯᠠᠯᠲᠠ ᠶᠢᠨ ᠵᠠᠷᠤᠳᠠᠯ ᠢ | ᠠᠰᠢᠭᠯᠠᠵᠤ᠂ 72 ᠡᠷᠦᠬᠡ ᠶᠢᠨ 176 ᠬᠥᠮᠥᠨ ᠢ ᠳᠠᠶᠢᠴᠢᠯᠠᠨ᠂ ᠵᠢᠯ ᠤᠨ ᠬᠥᠮᠥᠨ ᠳᠤᠮᠳᠠᠴᠢ ᠶᠢᠨ ᠣᠷᠣᠯᠭ᠎ᠠ ᠨᠢ | 500 ᠭᠠᠷᠤᠢ ᠲᠥᠭᠦᠷᠢᠭ ᠨᠡᠮᠡᠭᠳᠡᠭᠰᠡᠨ ᠪᠠᠶᠢᠨ᠎ᠠ᠃ 2023 ᠣᠨ ᠳᠤ ᠰᠢ ᠾᠧᠦ ᠹᠠᠩ ᠲᠣᠰᠬᠤᠨ ᠤ ᠬᠥᠮᠥᠨ | ᠳᠤᠮᠳᠠᠴᠢ ᠶᠢᠨ ᠴᠡᠪᠡᠷ ᠣᠷᠣᠯᠭ᠎ᠠ 8960 ᠲᠥᠭᠦᠷᠢᠭ ᠲᠤ ᠬᠦᠷᠪᠡ᠃ | ᠬᠡᠳᠦᠨ ᠵᠢᠯ ᠤᠨ ᠬᠥᠭᠵᠢᠯᠲᠡ ᠪᠠᠷ ᠳᠠᠮᠵᠢᠭᠠᠳ᠂ ᠰᠢ ᠾᠧᠦ ᠹᠠᠩ ᠲᠣᠰᠬᠤᠨ ᠳᠤ ᠨᠣᠭᠤᠭᠠᠨ᠂ ᠭᠤᠶᠣ᠂ | ᠴᠡᠪᠡᠷ᠂ ᠢᠯᠭᠤᠮ ᠬᠤᠪᠢᠷᠠᠯᠲᠠ ᠭᠠᠷᠴᠤ᠂ ᠲᠤᠰ ᠲᠣᠰᠬᠤᠨ ᠳᠤ ᠪᠠᠰᠠ︽ᠪᠦᠬᠦ ᠤᠯᠤᠰ ᠤᠨ ᠪᠣᠯᠪᠠᠰᠤᠨ ᠲᠣᠰᠬᠤᠨ | ᠪᠠᠯᠭᠠᠰᠤ︾ᠭᠡᠬᠦ ᠢᠷᠠᠭᠤ ᠠᠯᠳᠠᠷ ᠤᠨ ᠴᠣᠯᠠ ᠣᠯᠭᠤᠵᠠᠢ᠂ ᠡᠨᠡᠬᠦ ᠢᠷᠠᠭᠤ ᠠᠯᠳᠠᠷ ᠨᠢ ᠯᠢ ᠮᠢᠨ ᠤ ᠨᠢᠭᠡ ᠪᠠᠭ | ᠬᠥᠮᠥᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠣᠷᠢᠭᠲᠠᠢ ᠪᠠᠷ ᠤᠷᠤᠭᠰᠢᠯᠠᠬᠤ ᠶᠢ | ᠵᠣᠷᠢᠭᠵᠢᠭᠤᠯᠵᠤ᠂ ᠯᠢ ᠮᠢᠨ ᠪᠣᠳᠠᠲᠤ ᠠᠵᠢᠯᠯᠠᠭ᠎ᠠ ᠪᠠᠷ ᠢᠶᠠᠨ ᠲᠣᠰᠬᠤᠨ ᠤ ᠨᠠᠮ ᠤᠨ ᠡᠭᠦᠷ ᠤᠨ ᠱᠦᠵᠢ ᠶᠢᠨ | ᠬᠠᠷᠢᠭᠤᠴᠠᠯᠭ᠎ᠠ ᠪᠠ ᠬᠠᠷᠢᠭᠤᠴᠠᠯᠭ᠎ᠠ ᠶᠢ ᠲᠠᠶᠢᠯᠪᠤᠷᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ | ᠨᠤᠲᠠᠯᠠᠯᠲᠠ ᠪᠠ ᠳᠡᠮᠵᠢᠯᠭᠡ ᠶᠢ ᠣᠯᠵᠤ᠂ ᠪᠦᠬᠦ ᠲᠣᠰᠬᠤᠨ ᠤ︽ᠶᠡᠭᠡ ᠭᠡᠷ ᠤᠨ ᠠᠬᠠᠮᠠᠳ︾᠂ ᠤᠯᠠᠨ | ᠲᠦᠮᠡᠨ ᠤ︽ᠳᠣᠲᠣᠨᠣ ᠬᠥᠮᠥᠨ︾ᠪᠣᠯᠤᠭᠰᠠᠨ ᠪᠠᠶᠢᠨ᠎ᠠ᠃ | | ︽ᠬᠠᠷᠢᠭᠤᠴᠠᠯᠭ᠎ᠠ ᠡᠭᠦᠷᠭᠡᠯᠡᠨ ᠰᠠᠶᠢᠨ ᠨᠠᠮ ᠤᠨ ᠡᠭᠦᠷ ᠤᠨ ᠱᠦᠵᠢ ᠪᠣᠯᠬᠤ ᠪᠣᠯ ᠨᠢᠭᠡᠨ ᠢᠷᠠᠭᠤ ᠠᠯᠳᠠᠷ | ᠮᠥᠨ᠂ ᠨᠡᠩ ᠴᠤ ᠨᠢᠭᠡ ᠬᠤᠪᠢ ᠬᠠᠷᠢᠭᠤᠴᠠᠯᠭ᠎ᠠ ᠪᠣᠯᠣᠨ᠎ᠠ᠂ ᠪᠢᠳᠡ ᠡᠨᠡᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠂ | ᠲᠣᠰᠬᠤᠨ ᠤ ᠠᠷᠠᠳ ᠲᠤ ᠪᠣᠳᠠᠲᠠᠢ ᠠᠵᠢᠯ ᠣᠯᠭᠤᠵᠤ᠂ ᠬᠠᠮᠲᠤ ᠨᠡᠶᠢᠲᠡ ᠳᠤ ᠠᠰᠠᠷᠠᠮᠵᠢ ᠣᠯᠭᠤᠵᠤ᠂ ᠠᠵᠤ | ᠦᠢᠯᠡᠰ ᠤᠨ ᠬᠥᠭᠵᠢᠯᠲᠡ ᠶᠢᠨ ᠲᠥᠯᠥᠭᠡ ᠴᠢᠷᠮᠠᠶᠢᠵᠤ᠂ ᠬᠤᠶᠢᠰᠢᠳᠠ ᠶᠢᠨ ᠠᠵᠢᠯ ᠳᠤᠮᠳᠠ᠂ ᠪᠢ ᠨᠠᠮ ᠤᠨ | ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠠᠮ ᠤᠨ ᠡᠭᠦᠷ ᠤᠨ ᠲᠠᠶᠢᠴᠢᠨ ᠪᠠᠬᠢᠯᠡᠯᠲᠡ | ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠰᠢᠨ᠎ᠡ ᠰᠢᠪᠲᠤᠯᠤᠯᠲᠠ ᠶᠢᠨ ᠴᠡᠭ ᠢ ᠡᠷᠢᠯᠬᠢᠯᠡᠵᠦ᠂ ᠲᠣᠰᠬᠤᠨ ᠤ ᠲᠡᠰ ᠤᠨ ᠬᠠᠮᠲᠤ ᠶᠢᠨ | ᠣᠷᠣᠯᠭ᠎ᠠ ᠶᠢ ᠦᠷᠭᠦᠯᠵᠢᠯᠡᠨ ᠪᠤᠵᠠᠭᠠᠶᠢᠷᠠᠭᠤᠯᠵᠤ᠂ ᠰᠢ ᠾᠧᠦ ᠹᠠᠩ ᠲᠣᠰᠬᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ | ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ︾ᠭᠡᠵᠦ ᠯᠢ ᠮᠢᠨ ᠬᠡᠯᠡᠪᠡ᠃ | | | ᠵᠣᠬᠢᠶᠠᠭᠴᠢ᠄ ᠰᠤᠷᠪᠤᠯᠵᠢᠯᠠᠭᠴᠢ᠄ ᠭᠦᠸᠧ ᡁᠢ ᠴᠢᠶᠠᠩ | ᠴᠢᠮᠡᠭᠡᠯᠡᠭᠴᠢ᠄ ᠯᠢ ᠷᠦᠩ ᠰᠢᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |