ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠪᠤᠲᠤ ᠶᠢᠨ ᠰᠠᠪᠠ ᠭᠠᠵᠠᠷ ᠲᠤ ᠨᠢᠭᠡᠨ ᠳᠠᠯᠠᠨ | ᠨᠠᠰᠤᠲᠠᠢ ᠣᠶ ᠬᠠᠮᠠᠭᠠᠯᠠᠭᠴᠢ ᠮᠠ ᠶᠤᠸᠠᠢ ᠬᠡᠵᠤ ᠪᠠᠶᠢᠵᠠᠢ᠂ 1999 ᠣᠨ ᠠᠴᠠ ᠡᠬᠢᠯᠡᠨ ᠮᠠ ᠭᠤᠸᠠᠢ ᠣᠶ | ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠭᠰᠡᠨ ᠪᠠᠶᠢᠨ᠎ᠠ᠃ ᠮᠣᠷᠢ ᠪᠠᠷ ᠠᠭᠤᠯᠠᠨ ᠳᠤ ᠭᠠᠷᠬᠤ ᠪᠠᠶᠢᠭᠰᠡᠨ ᠠᠴᠠ | ᠤᠳᠤ ᠭᠤᠷᠪᠠᠳᠤᠭᠠᠷ ᠮᠣᠲ᠋ᠣᠷ ᠲᠡᠷᠭᠡ ᠪᠤᠯᠲᠠᠯ᠎ᠠ᠂ ᠵᠠᠮ ᠬᠠᠷᠢᠯᠴᠠᠭᠠᠨ ᠤ ᠪᠠᠭᠠᠵᠢ ᠨᠢ ᠲᠠᠰᠤᠷᠠᠯᠲᠠ ᠦᠭᠡᠢ | ᠳᠡᠭᠡᠭᠰᠢᠯᠡᠭᠰᠡᠨ ᠪᠣᠯᠪᠠᠴᠤ ᠠᠭᠤᠯᠠ ᠰᠢᠭᠤᠢ ᠶᠢ ᠰᠠᠬᠢᠨ ᠬᠠᠮᠠᠭᠠᠯᠠᠬᠤ ᠤᠭ ᠰᠠᠨᠠᠭ᠎ᠠ ᠨᠢ ᠶᠡᠷᠦ ᠠᠴᠠ ᠬᠤᠪᠢᠷᠠᠭ᠎ᠠ | ᠦᠭᠡᠢ ᠶᠤᠮ᠃ 25 ᠵᠢᠯ ᠤᠨ ᠤᠢ ᠰᠢᠭᠤᠢ ᠶᠢ ᠬᠠᠮᠠᠭᠠᠯᠠᠬᠤ ᠠᠮᠢᠳᠤᠷᠠᠯ ᠳᠤ᠂ ᠮᠠ ᠭᠤᠸᠠᠢ ᠠᠭᠤᠯᠠ ᠳᠦᠭᠦᠷᠡᠩ ᠤᠢ | ᠮᠣᠳᠣ ᠲᠠᠢ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠣᠯᠤᠭᠰᠠᠨ ᠢᠶᠠᠷ ᠪᠠᠷᠠᠬᠤ ᠦᠭᠡᠢ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ ᠶᠡᠬᠡᠪᠡᠷ ᠳᠡᠭᠡᠭᠰᠢᠯᠡᠭᠦᠯᠦᠭᠰᠡᠨ ᠪᠠ ᠤᠢ | ᠰᠢᠭᠤᠢ ᠶᠢᠨ ᠪᠦᠷᠬᠦᠴᠡ ᠶᠢᠨ ᠬᠡᠮᠵᠢᠶ᠎ᠡ ᠶᠢ ᠮᠡᠳᠡᠭᠳᠡᠮ᠎ᠡ ᠰᠠᠶᠢᠵᠢᠷᠠᠭᠤᠯᠤᠭᠰᠠᠨ ᠢ ᠭᠡᠷᠡᠴᠢᠯᠡᠵᠡᠢ᠃ ᠣᠲᠣ ᠪᠣᠯᠲᠠᠯ᠎ᠠ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠶᠡᠷᠦᠩᠬᠡᠶᠢᠯᠡᠭᠰᠡᠨ ᠵᠠᠰᠠᠯᠲᠠ ᠶᠢᠨ ᠲᠠᠯᠠᠪᠠᠶ ᠨᠡᠶᠢᠲᠡ 213.2 | ᠲᠦᠮᠡᠨ ᠮᠦ ᠳᠤ ᠬᠦᠷᠴᠡᠢ᠃ ᠪᠥᠬᠦ ᠬᠤᠰᠢᠭᠤᠨ ᠤ ᠣᠶ ᠰᠢᠭᠤᠢ ᠶᠢᠨ ᠪᠦᠷᠬᠦᠴᠡ ᠶᠢᠨ ᠨᠣᠷᠮ᠎ᠠ 2000 ᠣᠨ ᠠᠴᠠ | ᠡᠮᠦᠨ᠎ᠡ 2.9% ᠪᠠᠶᠢᠭᠰᠠᠨ ᠠᠴᠠ ᠪᠠᠨ 22% ᠪᠣᠯᠵᠤ ᠳᠡᠭᠡᠭᠰᠢᠯᠡᠪᠡ︔ ᠤᠢ ᠰᠢᠭᠤᠢ ᠡᠪᠡᠰᠦ ᠪᠡᠯᠴᠢᠭᠡᠷ ᠤᠨ | ᠪᠦᠷᠬᠦᠴᠡ ᠶᠢᠨ ᠬᠡᠮᠵᠢᠶ᠎ᠡ ᠶᠢ 2000 ᠣᠨ ᠠᠴᠠ ᠡᠮᠦᠨ᠎ᠡ 18% ᠪᠠᠶᠢᠭᠰᠠᠨ ᠠᠴᠠ 40% ᠠᠴᠠ ᠳᠡᠭᠡᠭᠰᠢ | ᠲᠡᠭᠡᠭᠰᠢᠯᠡᠪᠡ᠃ | | | | | | | | ᠢᠷᠡᠭᠡᠳᠦᠢ ᠶᠢᠨ ᠲᠤᠬᠠᠢ ᠶᠠᠷᠢᠬᠤ ᠳᠠᠭᠠᠨ ᠮᠠ ᠭᠤᠸᠠᠢ ᠢᠲᠡᠭᠡᠯ ᠳᠦᠭᠦᠷᠡᠩ ᠪᠠᠶᠢᠵᠤ᠂ ᠪᠡᠶ᠎ᠡ ᠮᠠᠬᠠᠪᠤᠳ ᠤᠨ | ᠨᠥᠬᠦᠴᠡᠯ ᠪᠣᠯᠣᠯᠴᠠᠭ᠎ᠠ ᠲᠠᠢ ᠯᠠ ᠶᠤᠮ ᠪᠣᠯ ᠡᠨᠡ ᠬᠦ ᠠᠭᠤᠯᠠᠨ ᠣᠶ ᠶᠢ ᠦᠷᠭᠦᠯᠵᠢᠯᠡᠨ ᠰᠠᠬᠢᠨ ᠬᠠᠮᠠᠭᠠᠯᠠᠵᠤ᠂ ᠠᠮᠢ | ᠠᠬᠤᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠳᠤ ᠥᠪᠡᠷ ᠤᠨ ᠬᠦᠴᠦᠨ ᠴᠢᠳᠠᠯ ᠢᠶᠠᠨ | ᠡᠷᠭᠦᠨ᠎ᠡ ᠭᠡᠵᠦ ᠢᠯᠡᠷᠬᠡᠶᠢᠯᠡᠵᠡᠢ᠃ ᠡᠨᠡ ᠬᠦ ᠨᠤᠲᠤᠭ ᠳᠡᠪᠢᠰᠬᠡᠷ ᠳᠡᠭᠡᠷ᠎ᠡ᠂ ᠮᠠ ᠭᠤᠸᠠᠢ ᠥᠪᠡᠷ ᠤᠨ ᠦᠢᠯᠡ | ᠠᠵᠢᠯᠯᠠᠭ᠎ᠠ ᠪᠠᠷ ᠢᠶᠠᠨ ᠡᠬᠡ ᠪᠠᠶᠢᠭᠠᠯᠢ ᠶᠢ ᠪᠢᠰᠢᠷᠡᠨ ᠬᠦᠨᠳᠦᠳᠬᠡᠵᠦ ᠬᠠᠶᠢᠷᠠᠯᠠᠨ ᠬᠠᠯᠠᠮᠵᠢᠯᠠᠵᠤ ᠪᠠᠶᠢᠬᠤ ᠪᠠᠨ | ᠲᠠᠶᠢᠯᠪᠤᠷᠢᠯᠠᠵᠤ᠂ ᠪᠢᠳᠡᠨ ᠳᠤ ᠠᠮᠢ ᠠᠬᠤᠢ ᠶᠢᠨ ᠪᠣᠯᠪᠠᠰᠤᠨ ᠤ ᠦᠯᠢᠭᠡᠷ ᠵᠢᠱᠢᠶ᠎ᠡ ᠶᠢ ᠪᠤᠢ ᠪᠣᠯᠭᠠᠭᠰᠠᠨ ᠪᠠᠶᠢᠨ᠎ᠠ᠃ | | | | | | ᠵᠣᠬᠢᠶᠠᠭᠴᠢ᠄ ᠴᠢᠮᠡᠭᠡᠯᠡᠭᠴᠢ᠄ ᠸᠠᠩ ᠱᠦ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |