ᠬᠦᠨᠳᠦᠲᠦ ᠵᠣᠴᠢᠨ᠄ | ᠰᠢᠯᠢ ᠰᠢᠶᠠᠩ ᠤᠨ ᠨᠠᠮ ᠤᠨ ᠬᠤᠷᠢᠶᠠᠨ ᠤ ᠱᠦᠵᠢ ᠤᠴᠢᠷᠬᠤᠶᠠᠭᠠ | | ᠲᠤᠪᠴᠢᠯᠠᠭᠤᠷ᠄ | 2023 ᠣᠨ ᠠᠴᠠ ᠨᠠᠰᠢ᠂ ᠰᠢᠯᠢ ᠰᠢᠶᠠᠩ ᠤᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠥᠭᠭᠦᠭᠰᠡᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠵᠡᠷᠭᠡ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠮᠠᠨ ᠤ ᠬᠤᠰᠢᠭᠤᠨ ᠤ ᠭᠦᠨᠵᠡᠭᠡᠢ ᠬᠡᠷᠡᠭᠵᠢᠭᠦᠯᠦᠭᠰᠡᠨ ︽ᠵᠢᠷᠭᠤᠭᠠᠨ ᠶᠡᠭᠡ ᠠᠵᠢᠯᠯᠠᠭ᠎ᠠ︾ ᠶᠢᠨ | ᠶᠡᠷᠦᠩᠬᠡᠢ ᠰᠡᠳᠬᠢᠴᠡ ᠪᠠ ᠠᠵᠢᠯ ᠤᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠴᠢ | ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠰᠢᠯᠢ ᠰᠢᠶᠠᠩ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ | ᠲᠠᠯ᠎ᠠ ᠪᠠᠷ ᠲᠦᠯᠬᠢᠨ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ | | | ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠰᠢᠨ᠎ᠡ ᠶᠢ ᠡᠭᠦᠳᠬᠦ ᠬᠥᠭᠵᠢᠯᠲᠡ ᠶᠢᠨ ᠣᠶᠢᠯᠠᠭᠠᠭᠳᠠᠬᠤᠨ ᠨᠢ ᠠᠵᠤ ᠠᠬᠤᠢ ᠶᠢᠨ ᠲᠣᠭᠲᠠᠭᠤᠨ ᠢᠶᠠᠷ | ᠭᠦᠭᠵᠢᠭᠦᠯᠪᠡ᠃ ᠨᠢᠭᠡ ᠳᠤ ᠰᠢᠶᠠᠩ ᠪᠠᠯᠭᠠᠰᠤᠨ ᠤ ᠬᠡᠪᠴᠢᠶᠡᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠣᠳᠣᠬᠢᠴᠢᠯᠠᠯᠲᠠ ᠶᠢᠨ ᠬᠢᠷᠢ ᠪᠥᠬᠦ ᠵᠢᠯ ᠳᠤ 2294 ᠮᠦ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠲᠠᠯᠠᠪᠠᠶ᠂ ᠳᠠᠷᠢᠬᠤ ᠲᠠᠯᠠᠪᠠᠶ᠂ | ᠠᠮᠤ ᠪᠤᠳᠠᠭᠠᠨ ᠤ ᠤᠨᠠᠯᠲᠠ ᠶᠢᠨ ︽ᠭᠤᠷᠪᠠ ᠶᠢ ᠬᠠᠰᠤᠬᠤ ᠦᠭᠡᠢ︾ ᠶᠢ ᠪᠦᠲᠦᠮᠵᠢᠲᠡᠶ ᠪᠠᠲᠤᠯᠠᠪᠠ᠃ ᠮᠠᠨ ᠤ | ᠰᠢᠶᠠᠩ ᠠᠯᠠᠰᠢᠨ ᠦᠬᠡᠷ ᠤᠨ ᠰᠦᠷᠦᠭ ᠢᠶᠠᠨ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠶᠢ ᠪᠥᠬᠦ ᠲᠠᠯ᠎ᠠ ᠪᠠᠷ | ᠲᠦᠯᠬᠢᠨ ᠠᠬᠢᠭᠤᠯᠵᠤ᠂ ᠣᠳᠣᠬᠠᠨ ᠳᠤ 122 ᠠᠯᠠᠰᠢᠨ ᠦᠬᠡᠷ ᠬᠤᠳᠠᠯᠳᠤᠨ ᠠᠪᠤᠭᠰᠠᠨ ᠨᠥᠬᠦᠪᠦᠷᠢ ᠶᠢ ᠨᠢᠭᠡᠨᠲᠡ | ᠪᠦᠬᠦᠨ ᠢ ᠲᠠᠷᠬᠠᠭᠠᠵᠤ᠂ ᠮᠠᠯᠴᠢᠨ ᠲᠠᠷᠢᠶᠠᠴᠢᠨ ᠤ ᠢᠳᠡᠪᠬᠢᠵᠢᠯ ᠢ ᠳᠠᠶᠢᠴᠢᠯᠠᠬᠤ ᠪᠠᠷ ᠳᠠᠮᠵᠢᠭᠤᠯᠤᠨ᠂ ᠠᠯᠠᠰᠢᠨ | ᠦᠬᠡᠷ ᠤᠨ ᠰᠦᠷᠦᠭ ᠢᠶᠠᠨ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢᠨ ᠡᠭᠦᠷᠭᠡ ᠶᠢ ᠪᠥᠬᠦ | ᠬᠦᠴᠦᠨ ᠢᠶᠠᠷ ᠢᠶᠠᠨ ᠲᠦᠯᠬᠢᠨ ᠠᠬᠢᠭᠤᠯᠵᠤ ᠪᠠᠶᠢᠨ᠎ᠠ᠃ ᠬᠤᠶᠠᠷ ᠲᠤ ᠡᠯ᠎ᠡ ᠵᠦᠢᠯ ᠤᠨ ᠲᠠᠷᠢᠶᠠᠴᠢᠳ ᠲᠤ ᠠᠰᠢᠭ | ᠬᠦᠷᠲᠡᠭᠡᠬᠦ ᠨᠥᠬᠦᠪᠦᠷᠢ ᠶᠢ ᠪᠣᠳᠠᠲᠠᠢ ᠭᠠᠵᠠᠷ ᠲᠤᠨᠢ ᠣᠯᠭᠤᠨ᠎ᠠ᠃ ᠲᠠᠷᠢᠶᠠᠨ ᠭᠠᠵᠠᠷ ᠤᠨ ᠬᠦᠴᠦᠨ ᠤ | ᠬᠠᠮᠠᠭᠠᠯᠠᠯᠲᠠ ᠶᠢᠨ ᠨᠥᠬᠦᠪᠦᠷᠢ ᠳᠤ 4784 ᠲᠠᠷᠢᠶᠠᠴᠢᠨ ᠡᠷᠦᠬᠡ ᠳᠤ ᠨᠥᠬᠦᠪᠦᠷᠢ ᠥᠭᠴᠦ᠂ ᠨᠥᠬᠦᠪᠦᠷᠢ ᠥᠭᠬᠦ | ᠲᠠᠯᠠᠪᠠᠶ ᠨᠢ 85022.03 ᠮᠦ᠂ ᠨᠥᠬᠦᠪᠦᠷᠢ ᠥᠭᠬᠦ ᠪᠠᠷᠢᠮᠵᠢᠶ᠎ᠠ ᠨᠢ 36.99 ᠲᠥᠭᠦᠷᠢᠭ\ ᠮᠦ︔ ᠠᠮᠤ ᠪᠤᠳᠠᠭ᠎ᠠ | ᠳᠠᠷᠢᠬᠤ ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠴᠦ᠂ 1457 ᠲᠠᠷᠢᠶᠠᠴᠢᠨ | ᠡᠷᠦᠬᠡ ᠳᠤ ᠨᠥᠬᠦᠪᠦᠷᠢ ᠥᠭᠴᠦ᠂ ᠨᠥᠬᠦᠪᠦᠷᠢ ᠥᠭᠬᠦ ᠲᠠᠯᠠᠪᠠᠶ ᠨᠢ 42082.7 ᠮᠦ᠂ ᠨᠥᠬᠦᠪᠦᠷᠢ ᠥᠭᠬᠦ | ᠪᠠᠷᠢᠮᠵᠢᠶ᠎ᠠ ᠨᠢ 16.84 ᠲᠥᠭᠦᠷᠢᠭ\ ᠮᠦ︔ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠱᠠᠩᠨᠠᠯ ᠳᠤ 4495 ᠲᠠᠷᠢᠶᠠᠴᠢᠨ ᠡᠷᠦᠬᠡ ᠳᠤ ᠨᠥᠬᠦᠪᠦᠷᠢ ᠥᠭᠴᠦ᠂ 960629.56 ᠮᠦ ᠲᠠᠯᠠᠪᠠᠶ | ᠨᠥᠬᠦᠪᠦᠷᠢᠯᠡᠪᠡ᠃ ᠭᠤᠷᠪᠠ ᠳᠤ ᠭᠠᠴᠠᠭᠠᠨ ᠤ ᠬᠠᠮᠲᠤ ᠶᠢᠨ ᠠᠵᠤ ᠠᠬᠤᠢ ᠶᠢ ᠢᠳᠡᠪᠬᠢᠲᠡᠢ ᠪᠠᠷ ᠬᠥᠭᠵᠢᠭᠦᠯᠦᠨ | ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ | ᠪᠥᠬᠦ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠢᠯ ᠳᠤ 70 ᠲᠦᠮᠡ ᠠᠴᠠ ᠳᠡᠭᠡᠭᠰᠢ ᠠᠰᠢᠭ | ᠣᠷᠣᠯᠭ᠎ᠠ ᠲᠠᠢ ᠭᠠᠴᠠᠭ᠎ᠠ ᠲᠣᠰᠬᠤᠨ 3᠂ 30 ᠲᠦᠮᠡᠨ ᠲᠥᠭᠦᠷᠢᠭ ᠠᠴᠠ ᠳᠡᠭᠡᠭᠰᠢ 4᠂ 10 ᠲᠦᠮᠡᠨ | ᠲᠥᠭᠦᠷᠢᠭ ᠠᠴᠠ ᠳᠡᠭᠡᠭᠰᠢ 6 ᠶᠢ ᠪᠡᠶᠡᠯᠡᠭᠦᠯᠵᠦ᠂ ᠨᠢᠭᠡ ᠪᠦᠯᠦᠭ ᠲᠣᠭᠲᠠᠪᠤᠷᠢᠲᠠᠢ ᠣᠷᠣᠯᠭ᠎ᠠ ᠶᠢᠨ ᠢᠷᠡᠯᠲᠡ ᠲᠠᠢ᠂ | ᠨᠡᠯᠢᠶᠡᠳ ᠴᠢᠩᠭ᠎ᠠ ᠠᠵᠤ ᠠᠬᠤᠢ ᠶᠢᠨ ᠪᠣᠳᠠᠲᠤ ᠬᠦᠴᠦᠨ ᠲᠠᠢ᠂ ᠠᠵᠢᠯᠯᠠᠭᠠᠨ ᠨᠢ ᠠᠮᠢᠳᠤᠯᠢᠭ ᠪᠥᠭᠡᠳ | ᠵᠢᠷᠤᠮᠵᠢᠯ ᠲᠠᠢ᠂ ᠲᠤᠷᠰᠢᠯᠭ᠎ᠠ ᠶᠢ ᠳᠠᠭᠤᠷᠢᠶᠠᠵᠤ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠦᠷᠭᠦᠯᠵᠢᠯᠡᠨ ᠬᠥᠭᠵᠢᠵᠦ | ᠪᠣᠯᠬᠤ ᠨᠡᠶᠢᠲᠡᠯᠢᠭ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠴᠣᠯᠭᠤᠷᠠᠨ ᠭᠠᠷᠴᠤ᠂ ᠭᠠᠴᠠᠭ᠎ᠠ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠤ ᠠᠬᠤᠢ ᠶᠢ ᠬᠥᠭᠵᠢᠭᠦᠯᠬᠦ ᠳᠤᠮᠳᠠᠬᠢ ᠪᠠᠶᠢᠷᠢ ᠰᠠᠭᠤᠷᠢ ᠶᠢ ᠨᠠᠩ | ᠪᠠᠬᠢᠵᠢᠭᠦᠯᠦᠨ᠎ᠡ᠃ | ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ ᠣᠯᠠᠨ ᠲᠦᠮᠡᠨ ᠤ ᠵᠣᠯ ᠵᠢᠷᠭᠠᠯ ᠤᠨ | ᠵᠢᠭᠠᠯᠲᠠ ᠲᠤᠭ᠎ᠠ ᠶᠢ ᠴᠢᠷᠮᠠᠶᠢᠨ ᠨᠢᠭᠡ ᠳᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ | ᠠᠵᠢᠯ ᠢ ᠶᠡᠬᠡᠪᠡᠷ ᠬᠢᠵᠦ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠠᠳᠬᠤᠨ᠎ᠠ᠃ | ᠲᠡᠦᠬᠡ ᠶᠢᠨ ᠪᠠᠭᠤᠷᠢ᠂ ᠲᠡᠦᠬᠡ ᠰᠣᠶᠣᠯ ᠵᠡᠷᠭᠡ ᠶᠢᠨ ᠲᠣᠭᠤᠷᠢᠨ ᠳᠤ ᠭᠦᠨᠵᠡᠭᠡᠢ ᠠᠭᠤᠳᠠᠯᠵᠤ᠂ ᠬᠠᠮᠲᠤ ᠪᠠᠷ ᠬᠠᠶᠢᠨ | ᠰᠢᠨᠵᠢᠯᠡᠵᠦ ᠬᠠᠮᠲᠤᠷᠠᠨ ᠠᠵᠢᠯᠯᠠᠵᠤ᠂ ᠰᠣᠳᠣᠨ ᠵᠤᠭᠠᠴᠠᠯ ᠤᠨ ᠵᠠᠮ ᠱᠤᠭᠤᠮ ᠢ ᠡᠭᠦᠳᠴᠦ᠂ ᠮᠠᠨ ᠤ ᠰᠢᠶᠠᠩ ᠳᠤ | ᠨᠢᠭᠡᠨᠲᠡ 3 ᠣᠨᠴᠠᠯᠢᠭᠲᠤ ᠠᠷᠠᠳ ᠤᠨ ᠣᠷᠣᠨ ᠰᠠᠭᠤᠴᠠ ᠶᠢ ᠬᠥᠭᠵᠢᠭᠦᠯᠵᠦ᠂ ᠡᠭᠦᠨ ᠳᠤ ᠨᠡᠭᠦᠳᠡᠯ ᠮᠠᠯᠵᠢᠯ ᠤᠨ | ᠣᠳᠣᠨ ᠣᠭᠲᠠᠷᠭᠤᠢ ᠭᠡᠬᠦ ᠠᠷᠠᠳ ᠤᠨ ᠤᠷᠤᠨ ᠰᠠᠭᠤᠴᠠ 2021 ᠣᠨ ᠳᠤ ︽ᠤᠯᠠᠭᠠᠨᠴᠠᠪ ᠤᠨ ᠬᠠᠯᠠᠮᠰᠢᠯ | ᠠᠷᠠᠳ ᠤᠨ ᠪᠠᠭᠤᠳᠠᠯ︾ ᠤᠨ ᠡᠮᠦᠨ᠎ᠡ ᠭᠤᠷᠪᠠ ᠳᠤ ᠣᠷᠣᠵᠤ᠂ 2023 ᠣᠨ ᠳᠤ ︽ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠰᠣᠳᠣᠨ ᠠᠷᠠᠳ ᠤᠨ ᠪᠠᠭᠤᠳᠠᠯ︾ ᠤᠨ ᠡᠮᠦᠨ᠎ᠡ ᠭᠤᠷᠪᠠ ᠳᠤ ᠣᠷᠣᠵᠤ᠂ ᠣᠳᠣᠬᠠᠨ ᠳᠤ | ᠮᠠᠨ ᠤ ᠰᠢᠶᠠᠩ ᠤᠨ ᠣᠨᠴᠠᠯᠢᠭᠲᠤ ᠠᠷᠠᠳ ᠤᠨ ᠪᠠᠭᠤᠳᠠᠯ 52 ᠥᠷᠥᠭᠡ᠂ 31 ᠥᠷᠥᠭᠡ ᠬᠤᠭᠤᠯᠠ ᠤᠮᠳᠠᠭᠠᠨ | ᠢᠳᠡᠬᠦ ᠮᠤᠩᠭᠤᠯ ᠭᠡᠷ ᠲᠠᠢ᠂ ᠡᠭᠦᠨ ᠤ ᠵᠡᠷᠭᠡ ᠳᠤ 180 ᠬᠥᠮᠥᠨ ᠣᠷᠣᠵᠤ ᠰᠠᠭᠤᠬᠤ᠂ 330 ᠬᠥᠮᠥᠨ ᠬᠤᠭᠤᠯᠠ | ᠢᠳᠡᠵᠦ᠂ ᠪᠥᠬᠦ ᠤᠯᠤᠰ ᠤᠨ ᠵᠤᠭᠠᠴᠠᠭᠰᠠᠳ ᠤᠨ ᠠᠩᠬᠠᠷᠤᠯ ᠢ ᠲᠠᠲᠠᠵᠤ ᠪᠠᠶᠢᠬᠤ ᠶᠢᠨ ᠵᠡᠷᠭᠡ ᠳᠤ ᠰᠢᠯᠢ | ᠰᠢᠶᠠᠩ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ᠬᠤᠶᠠᠷ ᠲᠤ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ ︽ᠭᠤᠷᠪᠠ ᠶᠢ ᠪᠠᠳᠤᠯᠠᠬᠤ ᠪᠠ ᠤᠤᠭᠤᠬᠤ ᠤᠰᠤ ᠤᠨ ᠠᠮᠤᠷ ᠲᠦᠪᠰᠢᠨ ᠢ ᠪᠠᠳᠤᠯᠠᠬᠤ︾ | ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠤᠨ ᠲᠣᠭᠤᠷᠢᠨ ᠳᠤ᠂ ᠤᠰᠤ᠂ ᠴᠠᠬᠢᠯᠭᠠᠨ᠂ ᠵᠠᠮ᠂ ᠭᠡᠷ ᠪᠠᠶᠢᠰᠢᠩ | ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠭᠤᠣᠯᠳᠠᠯᠭ᠎ᠠ ᠲᠠᠢ | ᠰᠢᠢᠳᠪᠦᠷᠢᠯᠡᠨ᠎ᠡ᠃ ᠪᠦᠬᠦ ᠰᠢᠶᠠᠩ ᠤᠨ 105 ᠭᠠᠵᠠᠷ ᠤᠨ ᠤᠰᠤᠨ ᠤ ᠡᠬᠢ ᠰᠤᠷᠪᠤᠯᠵᠢ ᠠᠴᠠ ᠤᠰᠤᠨ ᠤ ᠦᠯᠢᠭᠡᠷ | ᠠᠪᠤᠭᠰᠠᠨ ᠪᠥᠭᠡᠳ ᠰᠢᠯᠭᠠᠨ ᠪᠠᠶᠢᠴᠠᠭᠠᠭᠠᠳ ᠬᠢᠷᠢ ᠲᠡᠩᠴᠡᠵᠦ᠂ ᠪᠦᠬᠦᠨ ᠢᠶᠠᠷ ᠢᠶᠠᠨ ᠬᠥᠮᠥᠨ ᠤ ᠤᠤᠭᠤᠬᠤ | ᠤᠰᠤᠨ ᠤ ᠪᠠᠷᠢᠮᠵᠢᠶ᠎ᠠ ᠳᠤ ᠨᠡᠶᠢᠴᠡᠵᠦ᠂ ᠪᠦᠬᠦ ᠰᠢᠶᠠᠩ ᠤᠨ ᠠᠷᠠᠳ ᠲᠦᠮᠡᠨ ᠤ ᠤᠤᠭᠤᠬᠤ ᠤᠰᠤᠨ ᠤ ᠠᠮᠤᠷ | ᠲᠦᠪᠰᠢᠨ ᠢ ᠪᠠᠲᠤᠯᠠᠭ᠎ᠠ ᠲᠠᠢ ᠪᠣᠯᠭᠠᠪᠠ᠃ ᠪᠥᠬᠦ ᠰᠢᠶᠠᠩ ᠤᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ︽ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ︵ᠴᠠᠬᠢᠯᠭᠠᠨ ᠭᠦᠸᠧᠯᠦ᠂ ᠠᠭᠠᠷ ᠤᠨ ᠡᠨᠧᠷᠭᠢ︶ ᠲᠥᠷᠥᠯ | ᠵᠦᠢᠯ ᠤᠨ ᠶᠡᠷᠦᠩᠬᠡᠢ ᠬᠡᠮᠵᠢᠶ᠎ᠡ ᠨᠢ 751 ᠡᠷᠦᠬᠡ ᠪᠠᠶᠢᠵᠤ᠂ ᠳᠤᠯᠠᠭᠠᠯᠠᠭ᠎ᠠ ᠶᠢᠨ ᠲᠠᠯᠠᠪᠠᠶ ᠨᠢ 30040 ᠲᠡᠭᠰᠢ | ᠳᠥᠷᠪᠡᠯᠵᠢᠨ ᠮᠧᠲᠷ ᠲᠤ ᠬᠦᠷᠴᠡᠢ᠃ 2023 ᠣᠨ ᠤ ᠡᠴᠦᠰ ᠲᠤ ᠪᠥᠬᠦ ᠵᠢᠯ ᠳᠤ ᠨᠡᠶᠢᠲᠡ 662 ᠡᠷᠦᠬᠡ ᠶᠢ | ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 88.14% ᠳᠤ ᠬᠥᠷᠪᠡ᠃ ᠦᠯᠡᠳᠡᠭᠰᠡᠨ ᠬᠡᠰᠡᠭ ᠢ 2024 | ᠣᠨ ᠤ 5 ᠰᠠᠷ᠎ᠠ ᠶᠢᠨ ᠳᠤᠮᠳᠠᠴᠢ ᠪᠠᠷ ᠪᠦᠬᠦᠨ ᠢ ᠤᠭᠰᠠᠷᠠᠵᠤ ᠳᠠᠭᠤᠰᠬᠠᠪᠠ᠃ ᠲᠣᠰᠬᠤᠨ ᠤ ᠨᠡᠪᠲᠡᠷᠡᠬᠦ ᠵᠠᠮ ᠤᠨ | ᠲᠥᠷᠥᠯ ᠵᠦᠢᠯ ᠢ ᠣᠯᠬᠤ ᠪᠠᠷ ᠢᠳᠡᠪᠬᠢᠲᠡᠢ ᠴᠢᠷᠮᠠᠶᠢᠵᠤ᠂ ᠲᠥᠷᠥᠯ ᠵᠦᠢᠯ ᠲᠣᠭᠲᠠᠭᠠᠬᠤ ᠵᠢᠴᠢ ᠡᠯ᠎ᠡ ᠨᠢᠭᠡᠴᠡ ᠲᠠᠢ | ᠨᠡᠪᠲᠡᠷᠡᠯᠴᠡᠬᠦ ᠪᠠᠷ ᠳᠡᠮᠵᠢᠨ ᠡᠾᠦ᠋ᠯᠠᠶ ᠪᠦᠦ — ᠰᠧ ᠱᠧᠩ ᠵᠠᠮ ᠤᠨ ᠠᠭᠤᠯᠵᠠᠷ ᠤᠨ ᠭᠠᠵᠠᠷ᠂ ᠡᠯ ᠳ᠋ᠣᠣ ᠾᠧ — | ᠰᠢ ᠬᠠᠢ ᠽᠢ ᠲᠣᠰᠬᠤᠨ᠂ ᠰᠧ ᠱᠧᠩ ᠵᠠᠮ ᠢ ᠰᠢᠨᠡᠳᠬᠡᠬᠦ ᠵᠡᠷᠭᠡ ᠨᠡᠶᠢᠲᠡ 32.8 ᠺᠢᠯᠣᠮᠧᠲᠷ ᠣᠷᠴᠢᠮ ᠳᠥᠷᠪᠡᠨ | ᠱᠠᠲᠤᠨ ᠤ ᠲᠣᠰᠬᠤᠨ ᠳᠤ ᠨᠡᠪᠲᠡᠷᠡᠬᠦ ᠵᠠᠮ ᠢ ᠵᠠᠰᠠᠬᠤ ᠶᠢ ᠤᠷᠤᠭᠰᠢᠲᠠᠢ ᠪᠡᠶᠡᠯᠡᠭᠦᠯᠦᠨ᠎ᠡ᠃ 12 ᠡᠷᠦᠬᠡ ᠶᠢᠨ | ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠡᠭᠦᠨ ᠳᠤ 8 ᠡᠷᠦᠬᠡ ᠶᠢᠨ | ᠰᠢᠨ᠎ᠡ ᠪᠠᠷ ᠪᠠᠷᠢᠭᠰᠠᠨ ᠣᠷᠣᠨ ᠰᠠᠭᠤᠴᠠ᠂ 4 ᠡᠷᠦᠬᠡ ᠶᠢᠨ ᠰᠣᠯᠢᠬᠤ ᠣᠷᠣᠨ ᠰᠠᠭᠤᠴᠠ ᠪᠣᠶ᠃ | ᠬᠥᠳᠡᠭᠡ ᠲᠣᠰᠭᠤᠨ ᠤ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠵᠤ ᠬᠥᠳᠡᠭᠡ ᠲᠣᠰᠭᠤᠨ ᠤ ᠭᠤᠶᠣ | ᠰᠠᠢᠬᠠᠨ ᠡᠷᠪᠡᠬᠡᠢ ᠬᠤᠪᠢᠷᠠᠯᠲᠠ ᠶᠢ ᠠᠬᠢᠭᠤᠯᠤᠶ᠎ᠠ᠃ ᠨᠢᠭᠡ ᠳᠤ᠂ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠤ ᠵᠠᠰᠠᠯᠲᠠ ᠶᠢᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠪᠣᠬᠢᠷᠲᠤᠯ ᠥᠬᠡᠶ ᠬᠥᠭᠵᠢᠯᠲᠡ ᠶᠢᠨ | ᠣᠨᠣᠯᠵᠢᠬᠤᠨ ᠢ ᠢᠳᠡᠪᠬᠢᠲᠡᠶ ᠦᠢᠯᠡᠳᠦᠯᠭᠡᠵᠢᠭᠦᠯᠵᠦ᠂ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ︽ | ᠭᠤᠤᠯ ᠤᠨ ᠳᠠᠷᠤᠭ᠎ᠠ ᠶᠢᠨ ᠲᠦᠷᠢᠮ︾ ᠵᠡᠷᠭᠡ ᠠᠵᠢᠯ ᠤᠨ ᠲᠦᠷᠢᠮ ᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ | ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠦᠷᠭᠦᠯᠵᠢᠯᠡᠨ ᠵᠠᠰᠠᠵᠤ᠂ ᠠᠭᠠᠷ ᠤᠨ ᠶᠠᠰᠤ ᠴᠢᠨᠠᠷ ᠢ | ᠰᠠᠶᠢᠵᠢᠷᠠᠭᠤᠯᠤᠨ᠎ᠠ᠃ ᠨᠠᠮ ᠤᠨ ᠬᠤᠷᠢᠶᠠᠨ ᠤ ᠱᠦᠵᠢ ᠪᠠᠷ ᠶᠡᠷᠦᠩᠬᠡᠢ ᠭᠤᠣᠯ ᠤᠨ ᠳᠠᠷᠤᠭ᠎ᠠ ᠪᠣᠯᠭᠠᠭᠰᠠᠨ ᠭᠤᠣᠯ | ᠮᠥᠷᠡᠨ ᠤ ᠳᠠᠷᠤᠭ᠎ᠠ ᠶᠢᠨ ᠳᠦᠷᠢᠮ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠢᠶᠠᠩ᠂ ᠲᠣᠰᠬᠤᠨ ᠬᠤᠶᠠᠷ | ᠱᠠᠲᠤᠨ ᠤ ᠭᠤᠣᠯ ᠮᠥᠷᠡᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠨᠡᠶᠢᠳᠡ 150 | ᠭᠠᠷᠤᠢ ᠤᠳᠠᠭ᠎ᠠ ᠭᠤᠣᠯ ᠮᠥᠷᠡᠨ ᠢ ᠴᠠᠭᠳᠠᠪᠠ᠃ ᠰᠢᠶᠠᠩ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠶ ᠡᠪᠡᠰᠦ ᠪᠡᠯᠴᠢᠭᠡᠷ ᠤᠨ ᠬᠦᠷᠢᠶᠡᠨ ᠳᠠᠬᠢ ᠬᠠᠤᠯᠢ | ᠬᠡᠷᠡᠭᠵᠢᠭᠦᠯᠦᠯᠲᠡ ᠶᠢ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠮᠢ ᠠᠬᠤᠶ ᠶᠢᠨ | ᠬᠠᠮᠠᠭᠠᠯᠠᠯᠲᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ 0.012mm ᠵᠢᠴᠢ ᠲᠡᠭᠦᠨ ᠠᠴᠠ ᠳᠡᠭᠡᠭᠰᠢᠬᠢ ᠵᠤᠵᠠᠭᠠᠨ ᠰᠦᠯᠢᠶᠣᠣ ᠪᠦᠷᠬᠦᠪᠴᠢ | ᠪᠣᠯᠤᠨ ᠪᠦᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠶᠢ ᠪᠥᠬᠦ ᠲᠠᠯ᠎ᠠ ᠪᠠᠷ ᠳᠡᠯᠭᠡᠷᠡᠭᠦᠯᠦᠨ | ᠬᠡᠷᠡᠭᠯᠡᠵᠦ᠂ ᠨᠠᠮᠤᠷ ᠤᠨ ᠬᠤᠷᠢᠶᠠᠯᠲᠠ ᠶᠢᠨ ᠳᠠᠷᠠᠭ᠎ᠠ ᠬᠠᠶᠠᠭᠳᠠᠮᠠᠯ ᠪᠦᠷᠬᠦᠪᠴᠢ ᠶᠢ ᠬᠤᠷᠢᠶᠠᠨ ᠠᠪᠬᠤ ᠶᠢᠨ ᠬᠢᠨᠠᠯᠲᠠ | ᠪᠠᠶᠢᠴᠠᠭᠠᠯᠲᠠ ᠶᠢ ᠴᠢᠩᠭᠠᠳᠬᠠᠵᠤ᠂ ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠬᠤ ᠨᠣᠷᠮ᠎ᠠ ᠶᠢ 85% ᠠᠴᠠ | ᠳᠡᠭᠡᠭᠰᠢ ᠳᠤ ᠬᠦᠷᠦᠭᠦᠯᠦᠨ᠎ᠡ᠃ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ | ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ | ᠳᠠᠷᠤᠮᠠᠯᠯᠠᠨ ᠲᠠᠷᠬᠠᠭᠠᠵᠤ᠂ ︽ᠵᠣᠷᠯᠣᠩ ᠤᠨ ᠬᠤᠪᠢᠰᠬᠠᠯ︾ ᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | 494 ᠡᠷᠦᠬᠡ ᠶᠢᠨ ᠵᠣᠷᠯᠣᠩ ᠢ ᠥᠭᠡᠷᠡᠴᠢᠯᠡᠬᠦ᠂ 164 ᠡᠷᠦᠬᠡ ᠶᠢᠨ ᠵᠣᠷᠯᠣᠩ ᠢ ᠥᠭᠡᠷᠡᠴᠢᠯᠡᠬᠦ ᠶᠢ ᠪᠡᠶᠡᠯᠡᠭᠦᠯᠵᠦ᠂ | 2 ᠪᠣᠬᠢᠷ ᠤᠰᠤ ᠲᠠᠲᠠᠬᠤ ᠲᠡᠷᠭᠡ ᠶᠢ ᠲᠣᠬᠢᠷᠠᠭᠤᠯᠵᠤ᠂ ᠠᠷᠠᠳ ᠣᠯᠠᠨ ᠤ ᠠᠵᠢᠯ ᠠᠮᠢᠳᠤᠷᠠᠯ ᠤᠨ ᠣᠷᠴᠢᠨ | ᠲᠣᠭᠤᠷᠢᠨ ᠢ ᠰᠠᠶᠢᠵᠢᠷᠠᠭᠤᠯᠪᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠲᠣᠰᠬᠤᠨ ᠤ ᠱᠠᠲᠤᠨ ᠳᠤ 2 ᠬᠤᠭ ᠨᠣᠪᠰᠢ ᠶᠢ ᠬᠤᠷᠢᠶᠠᠨ ᠠᠪᠬᠤ ᠲᠡᠷᠭᠡ | ᠲᠣᠬᠢᠷᠠᠭᠤᠯᠵᠤ᠂ ᠨᠡᠶᠢᠲᠡ 4425 ᠲᠣᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ᠂ ᠠᠷᠢᠭᠤᠨ ᠴᠡᠪᠡᠷ | ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠣᠶ ᠪᠣᠯᠭᠠᠪᠠ᠃ ᠬᠤᠶᠠᠷ ᠲᠤ᠂ ᠭᠤᠣᠯ ᠵᠠᠮ ᠳᠠᠭᠠᠤ ᠶᠢᠨ | ᠪᠤᠯᠠᠰᠢ ᠶᠢ ᠬᠠᠲᠠᠭᠤᠷᠠᠭᠤᠯᠤᠭᠰᠠᠨ ᠪᠠᠶᠢᠳᠠᠯ ᠢ ᠵᠠᠰᠠᠨ ᠴᠡᠭᠴᠡᠯᠡᠪᠡ᠃ ᠬᠠᠷᠢᠶᠠᠲᠤ ᠣᠷᠣᠨ ᠤ 335 ᠤᠯᠤᠰ ᠤᠨ | ᠵᠠᠮ ᠤᠨ ᠣᠶᠢᠷ᠎ᠠ᠂ ᠰᠧ ᠱᠧᠩ ᠵᠠᠮ ᠳᠠᠭᠠᠤ ᠶᠢᠨ ᠬᠠᠷᠠᠭᠠᠨ ᠤ ᠳᠣᠲᠣᠷᠠᠬᠢ 308 ᠣᠩᠭᠤᠨ ᠢ ᠨᠡᠭᠦᠯᠭᠡᠨ | ᠰᠢᠯᠵᠢᠭᠦᠯᠵᠦ᠂ ᠬᠡᠪ ᠵᠠᠩᠰᠢᠯ ᠢ ᠥᠭᠡᠷᠡᠴᠢᠯᠡᠬᠦ᠂ ᠣᠷᠣᠰᠢᠭᠤᠯᠭ᠎ᠠ ᠶᠢ ᠬᠥᠩᠭᠡᠪᠴᠢᠯᠡᠬᠦ ᠰᠢᠨ᠎ᠡ ᠬᠡᠪ ᠰᠤᠷᠲᠠᠯ ᠢ | ᠰᠠᠨᠠᠭᠠᠴᠢᠯᠠᠪᠠ᠃ | ᠪᠣᠳᠠᠲᠠᠢ ᠶᠢ ᠡᠷᠬᠢᠮᠯᠡᠭᠰᠡᠨ ᠠᠵᠢᠯ ᠤᠨ ᠠᠷᠭ᠎ᠠ ᠬᠡᠮᠵᠢᠶ᠎ᠡ ᠨᠢ ᠠᠷᠠᠳ ᠤᠨ ᠠᠮᠢᠳᠤᠷᠠᠯ ᠤᠨ ᠦᠢᠯᠠᠴᠢᠯᠡᠭᠡᠨ ᠤ | ᠲᠤᠯᠠᠭᠠᠨ ᠤ ᠭᠡᠮᠵᠢᠶ᠎ᠡ ᠶᠢ ᠳᠡᠭᠡᠭᠰᠢᠯᠡᠭᠦᠯᠤᠨ᠎ᠡ᠃ ᠨᠢᠭᠡ ᠳᠤ᠂︽ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠶᠢ | ᠪᠠᠷᠢᠮᠲᠠᠯᠠᠵᠤ ᠠᠷᠠᠳ ᠤᠯᠠᠨ ᠤ ᠪᠤᠶᠠᠨ ᠵᠢᠷᠭᠠᠯ ᠢ ᠨᠡᠮᠡᠭᠳᠡᠭᠦᠯᠵᠦ᠂ ᠤᠯᠠᠨ ᠲᠦᠮᠡᠨ ᠤ ᠵᠣᠯ ᠵᠢᠷᠭᠠᠯ ᠤᠨ ᠲᠤᠭ᠎ᠠ | ᠲᠠᠰᠤᠷᠠᠯᠲᠠ ᠦᠭᠡᠢ ᠳᠡᠭᠡᠭᠰᠢᠯᠡᠪᠡ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ | ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠠᠵᠢᠯ ᠢ ᠢᠳᠡᠪᠬᠢᠲᠡᠢ ᠥᠷᠨᠢᠭᠦᠯᠵᠦ᠂ ᠬᠥᠳᠡᠭᠡ ᠲᠣᠰᠬᠤᠨ ᠬᠤᠶᠠᠷ | ᠱᠠᠲᠤᠨ ᠤ ᠬᠢᠨ ᠨᠥᠬᠦᠴᠡᠯ ᠳᠤ ᠨᠡᠶᠢᠴᠡᠬᠦ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠶᠢ ᠪᠦᠬᠦᠨ ᠢ ᠲᠤᠰᠠᠯᠠᠬᠤ | ᠬᠡᠪᠴᠢᠶᠡᠨ ᠳᠤ ᠣᠷᠣᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠦᠭᠡᠢ ᠣᠷᠣᠯᠭ᠎ᠠ ᠪᠠᠭᠠᠲᠠᠢ ᠬᠥᠮᠥᠨ | ᠠᠮᠠ ᠶᠢ ᠲᠦᠷ ᠴᠠᠭ ᠲᠤᠰᠠᠯᠠᠬᠤ᠂ ᠠᠮᠢᠳᠤᠷᠠᠯ ᠤᠨ ᠬᠦᠴᠢᠷᠳᠡᠯ ᠢ ᠨᠢ ᠲᠤᠰᠠᠯᠠᠬᠤ ᠵᠡᠷᠭᠡ ᠠᠷᠭ᠎ᠠ ᠬᠡᠮᠵᠢᠶ᠎ᠡ ᠠᠪᠴᠤ | ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠬᠡᠷᠡᠭᠲᠡᠢ᠃ ᠬᠥᠳᠡᠭᠡ ᠲᠣᠰᠬᠤᠨ ᠤ ᠨᠡᠶᠢᠭᠡᠮ ᠤᠨ ᠳᠠᠭᠠᠳᠬᠠᠯ᠂ ᠡᠮ | ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ | ᠰᠢᠶᠠᠩ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 281 ᠬᠥᠮᠥᠨ ᠰᠢᠨ᠎ᠡ ᠪᠠᠷ ᠨᠡᠮᠡᠭᠳᠡᠵᠦ᠂ ᠦᠷᠭᠦᠯᠵᠢᠯᠡᠨ | ᠳᠠᠭᠠᠳᠬᠠᠯ ᠳᠤ ᠣᠷᠣᠯᠴᠠᠭᠰᠠᠨ ᠨᠤᠷᠮ᠎ᠠ 100% ᠳᠤ ᠬᠦᠷᠪᠡ᠃ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ | 14824 ᠬᠥᠮᠥᠨ ᠲᠤᠰᠢᠶᠠᠵᠤ᠂ ᠦᠷᠭᠦᠯᠵᠢ ᠰᠠᠭᠤᠭ᠎ᠠ ᠬᠥᠮᠥᠨ ᠠᠮᠠ ᠶᠢᠨ ᠡᠮ ᠡᠮᠨᠡᠯᠭᠡ ᠶᠢᠨ ᠳᠠᠭᠠᠳᠬᠠᠯ ᠤᠨ | ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠨᠣᠷᠮ᠎ᠠ 97% ᠳᠤ ᠬᠦᠷᠴᠦ᠂ ᠭᠤᠣᠯᠳᠠᠯᠭ᠎ᠠ ᠲᠠᠢ ᠬᠥᠮᠥᠰ ᠤᠨ | ᠳᠠᠭᠠᠳᠬᠠᠯ ᠳᠤ ᠣᠷᠣᠯᠴᠠᠭᠰᠠᠨ ᠨᠣᠷᠮ᠎ᠠ 100% ᠳᠤ ᠬᠦᠷᠴᠦ᠂ ᠰᠠᠭᠤᠭᠠᠯᠢ ᠠᠷᠠᠳ ᠤᠨ ᠨᠡᠶᠢᠭᠡᠮ ᠤᠨ | ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠤᠯᠠᠮ ᠨᠢᠭᠡ ᠠᠯᠬᠤᠮ ᠳᠡᠭᠡᠭᠰᠢᠯᠡᠪᠡ᠃ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠲᠠᠪᠤᠨ ᠪᠠᠲᠤᠯᠠᠭ᠎ᠠ᠂ ᠣᠨᠴᠠ ᠬᠦᠴᠢᠷᠳᠡᠯᠲᠡᠢ ᠨᠢᠭᠡᠴᠡ ᠶᠢ | ᠠᠪᠤᠷᠠᠨ ᠲᠤᠰᠠᠯᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠥᠷᠥᠯ ᠤᠨ ᠠᠷᠠᠳ ᠤᠨ ᠶᠠᠪᠤᠳᠠᠯ ᠤᠨ | ᠪᠠᠲᠤᠯᠠᠭ᠎ᠠ ᠶᠢᠨ ᠮᠥᠩᠭᠦ ᠶᠢ ᠨᠡᠶᠢᠲᠡ 13 ᠲᠦᠮᠡᠨ ᠲᠥᠭᠦᠷᠢᠭ ᠲᠠᠷᠬᠠᠭᠠᠵᠤ᠂ ᠬᠥᠳᠡᠭᠡ ᠲᠣᠰᠬᠤᠨ ᠤ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠨᠡᠶᠢᠲᠡ 1052.6 ᠲᠦᠮᠡᠨ ᠲᠥᠭᠦᠷᠢᠭ ᠲᠠᠷᠬᠠᠭᠠᠵᠤ᠂ ᠲᠠᠪᠤᠨ | ᠪᠠᠲᠤᠯᠠᠭᠠᠲᠤ ᠡᠷᠦᠬᠡ ᠳᠤ 143.8 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠵᠡᠮᠳᠡᠭᠴᠦᠳ ᠲᠤ 79.03 | ᠲᠦᠮᠡᠨ ᠲᠥᠭᠦᠷᠢᠭ ᠤᠨ ᠨᠥᠬᠦᠪᠦᠷᠢ ᠥᠭᠴᠦ᠂ ᠥᠨᠳᠥᠷ ᠨᠠᠰᠤᠨ ᠤ ᠨᠥᠬᠦᠪᠦᠷᠢ ᠶᠢ 27.9 ᠲᠦᠮᠡᠨ | ᠲᠥᠭᠦᠷᠢᠭ ᠢᠶᠠᠷ ᠣᠯᠭᠤᠪᠠ᠃ ᠬᠤᠶᠠᠷ ᠲᠤ ᠰᠣᠶᠣᠯ ᠡᠷᠡᠭᠦᠯ ᠬᠠᠮᠠᠭᠠᠯᠠᠯ ᠤᠨ ᠦᠢᠯᠡᠰ ᠤᠨ ᠦᠷ᠎ᠡ ᠪᠦᠲᠦᠭᠡᠯ | ᠢᠯᠡᠳᠲᠡ ᠪᠣᠯᠪᠠ᠃ ᠰᠤᠷᠭᠠᠨ ᠬᠥᠮᠦᠵᠢᠯ ᠤᠨ ᠦᠢᠯᠡᠰ ᠢ ᠴᠢᠬᠤᠯᠠᠴᠢᠯᠠᠨ᠎ᠠ᠃ ᠭᠡᠷ ᠤᠨ ᠠᠮᠢᠳᠤᠷᠠᠯ ᠨᠢ | ᠬᠦᠴᠢᠷᠳᠡᠯ ᠲᠠᠢ ᠰᠤᠷᠤᠭᠴᠢᠳ ᠢ ᠲᠡᠳᠬᠦᠨ ᠲᠤᠰᠠᠯᠠᠬᠤ ᠲᠦᠷᠦ ᠶᠢᠨ ᠪᠣᠳᠣᠯᠭ᠎ᠠ ᠵᠢᠴᠢ ᠬᠥᠳᠡᠭᠡ ᠲᠣᠰᠬᠤᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ᠂ | ︽ᠬᠤᠷ᠎ᠠ ᠪᠣᠷᠣᠭᠠᠨ ᠤ ᠲᠥᠯᠥᠪᠯᠡᠭᠡ︾ ᠵᠡᠷᠭᠡ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠣᠶᠣᠯ ᠤᠨ ᠦᠢᠯᠡᠰ ᠤᠨ ᠲᠠᠯ᠎ᠠ ᠪᠠᠷ᠂ ︽ᠲᠣᠰᠬᠤᠨ ᠪᠣᠯᠭᠠᠨ ᠳᠤ | ᠨᠡᠪᠲᠡᠷᠡᠭᠦᠯᠬᠦ︾᠂ ︽ᠡᠷᠦᠬᠡ ᠪᠣᠯᠭᠠᠨ ᠳᠤ ᠨᠡᠪᠲᠡᠷᠡᠭᠦᠯᠬᠦ︾ ᠶᠢ ᠲᠦᠭ ᠲᠦᠮᠡᠨ ᠠᠶᠢᠯ ᠡᠷᠦᠬᠡ ᠳᠤ ᠭᠦᠨᠵᠡᠭᠡᠶᠢᠷᠡᠭᠦᠯᠵᠦ᠂ | ᠲᠣᠰᠬᠤᠨ ᠤ ᠠᠷᠠᠳ ᠤᠨ ᠳᠤᠭᠤᠶᠢᠯᠠᠩ ᠤᠨ ᠠᠵᠢᠯᠯᠠᠭᠠᠨ ᠤ ᠲᠠᠯᠠᠪᠤᠷ ᠢ ᠪᠦᠷᠬᠦᠭᠦᠯᠦᠨ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠦᠨ᠎ᠡ︔ ᠰᠢᠶᠠᠩ ᠤᠨ ᠰᠣᠶᠣᠯ ᠤᠨ ᠥᠷᠲᠡᠭᠡᠨ ᠤ ᠬᠢᠨ ᠤᠯᠠᠭᠠᠨᠮᠥ᠋ᠴᠢᠷ ᠢ | ᠵᠣᠬᠢᠴᠠᠭᠤᠯᠤᠨ ᠲᠣᠰᠬᠤᠨ ᠳᠤᠭᠤᠶᠢᠯᠠᠩ ᠳᠤ ᠬᠦᠷᠴᠦ ᠰᠣᠶᠣᠯ ᠤᠷᠠᠯᠢᠭ ᠤᠨ ᠲᠣᠭᠤᠷᠢᠨ ᠲᠣᠭᠯᠠᠯᠲᠠ ᠥᠷᠨᠢᠭᠦᠯᠵᠦ᠂ | 13 ᠭᠠᠴᠠᠭ᠎ᠠ ᠲᠣᠰᠬᠤᠨ ᠳᠤ ᠲᠠᠯ᠎ᠠ ᠨᠤᠲᠤᠭ ᠤᠨ ᠨᠣᠮ ᠤᠨ ᠦᠷᠦᠭᠡ ᠶᠢ ᠲᠣᠬᠢᠷᠠᠭᠤᠯᠵᠤ᠂ ᠤᠯᠠᠨ ᠲᠦᠮᠡᠨ ᠤ | ᠰᠣᠶᠣᠯ ᠤᠨ ᠠᠮᠢᠳᠤᠷᠠᠯ ᠢ ᠦᠨᠡᠨᠬᠦ ᠪᠠᠶᠠᠯᠢᠭᠵᠢᠭᠤᠯᠵᠤ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ | ᠳᠡᠭᠡᠭᠰᠢᠯᠡᠭᠦᠯᠵᠡᠢ᠃ ᠡᠷᠡᠭᠦᠯ ᠬᠠᠮᠠᠭᠠᠯᠠᠯ ᠤᠨ ᠦᠢᠯᠡᠰ ᠤᠯᠠᠮ ᠨᠢᠭᠡ ᠠᠯᠬᠤᠮ ᠳᠡᠭᠡᠭᠰᠢᠯᠡᠵᠦ᠂ ᠰᠢᠶᠠᠩ ᠤᠨ ᠡᠷᠡᠭᠦᠯ | ᠬᠠᠮᠠᠭᠠᠯᠠᠯ ᠤᠨ ᠬᠤᠷᠢᠶ᠎ᠠ ᠪᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠵᠢᠷᠤᠮᠵᠢᠭᠤᠯᠤᠨ ᠪᠠᠷᠢᠮᠵᠢᠶ᠎ᠠ ᠳᠤ | ᠬᠦᠷᠭᠡᠬᠦ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ | ᠦᠢᠯᠡᠴᠢᠯᠡᠭᠡ ᠶᠢ ᠥᠷᠨᠢᠭᠦᠯᠦᠨ᠂ ᠠᠷᠠᠳ ᠤᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠠᠰᠠᠭᠤᠳᠠᠯ ᠢ ᠪᠦᠬᠦ | ᠲᠠᠯ᠎ᠠ ᠪᠠᠷ ᠰᠢᠢᠳᠪᠦᠷᠢᠯᠡᠪᠡ᠃ ᠡᠭᠦᠨ ᠤ ᠬᠠᠮᠲᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠥᠨ ᠠᠮᠠ ᠶᠢᠨ | ᠨᠡᠶᠢᠳᠡᠮ ᠪᠠᠶᠢᠴᠠᠭᠠᠯᠲᠠ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ᠂ | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠦᠬᠦ ᠰᠢᠶᠠᠩ ᠢᠶᠠᠷ ᠢᠶᠠᠨ 2023 | ᠣᠨ ᠳᠤ ᠨᠠᠶᠢᠳᠠ 880 ᠲᠣᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠵᠥᠭᠡᠭᠡᠪᠦᠷᠢᠯᠡᠵᠦ᠂ ᠮᠠᠨ ᠤ | ᠰᠢᠶᠠᠩ ᠤᠨ 13 ᠭᠠᠴᠠᠭ᠎ᠠ ᠲᠣᠰᠬᠤᠨ ᠤ 600 ᠡᠷᠦᠬᠡ ᠮᠠᠯᠴᠢᠨ ᠲᠠᠷᠢᠶᠠᠴᠢᠨ ᠲᠠᠢ ᠬᠤᠯᠪᠣᠭᠳᠠᠵᠤ᠂ 2023 | ᠣᠨ ᠤ 10 ᠰᠠᠷ᠎ᠠ ᠶᠢᠨ ᠰᠡᠭᠦᠯᠴᠢ ᠪᠣᠯᠲᠠᠯ᠎ᠠ᠂ ᠨᠠᠷᠢᠨ ᠨᠢᠮᠪᠠᠢ ᠴᠢᠷᠮᠠᠶᠢᠨ ᠠᠵᠢᠯᠯᠠᠬᠤ ᠪᠠᠷ ᠳᠠᠮᠵᠢᠨ᠂ ᠪᠦᠬᠦ | ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠴᠠᠭ ᠲᠤᠬᠠᠢ ᠳᠤᠨᠢ ᠮᠠᠯᠴᠢᠨ ᠲᠠᠷᠢᠶᠠᠴᠢᠨ ᠡᠷᠦᠬᠡ ᠪᠦᠷᠢ ᠳᠤ | ᠲᠦᠭᠡᠭᠡᠵᠦ᠂ ᠡᠭᠦᠨ ᠤ ᠤᠯᠠᠮ ᠠᠴᠠ ᠮᠠᠯᠴᠢᠨ ᠲᠠᠷᠢᠶᠠᠴᠢᠨ ᠳᠤ ᠨᠡᠩ ᠤᠯᠠᠨ ᠵᠣᠯ ᠵᠢᠷᠭᠠᠯ ᠤᠨ ᠲᠥᠷᠥᠭᠳᠡᠯ | ᠣᠯᠭᠤᠬᠤ ᠶᠢᠨ ᠬᠠᠮᠲᠤ ᠮᠠᠨ ᠤ ᠰᠢᠶᠠᠩ ᠤᠨ ᠵᠠᠰᠠᠭ ᠤᠨ ᠣᠷᠳᠣᠨ ᠤ ᠠᠵᠢᠯ ᠤᠨ ᠬᠠᠨᠤᠮᠵᠢ ᠶᠢᠨ ᠬᠡᠮᠵᠢᠶ᠎ᠡ ᠴᠦ | ᠰᠢᠨ᠎ᠡ ᠳᠡᠭᠡᠭᠰᠢᠯᠡᠯᠲᠡ ᠲᠠᠢ ᠪᠣᠯᠵᠠᠢ᠃ | ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ | ᠪᠠᠲᠤᠯᠠᠨ᠎ᠠ᠃ ᠨᠢᠭᠡ ᠳᠤ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ᠃ ᠮᠠᠨ ᠤ | ᠰᠢᠶᠠᠩ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯᠣᠨ ᠲᠣᠪᠣᠶᠢᠮ᠎ᠠ ᠠᠰᠠᠭᠤᠳᠠᠯ ᠢ ᠢᠮᠠᠭᠲᠠ ᠪᠣᠳᠠᠲᠠᠢ ᠶᠢ | ᠡᠷᠬᠢᠮᠯᠡᠨ ᠰᠢᠢᠳᠪᠦᠷᠢᠯᠡᠵᠦ᠂ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠲᠠᠢ ᠵᠠᠬᠢᠳᠠᠯ ᠰᠣᠷᠪᠤᠯᠵᠢᠯᠠᠭ᠎ᠠ ᠶᠢᠨ | ᠠᠰᠠᠭᠤᠳᠠᠯ ᠳᠤ ᠴᠢᠭᠯᠡᠭᠦᠯᠦᠨ ᠲᠤᠰᠬᠠᠶᠢᠯᠠᠨ ᠬᠤᠷᠠᠯ ᠬᠤᠷᠠᠯᠳᠤᠭᠤᠯᠵᠤ ᠰᠤᠳᠤᠯᠤᠨ ᠰᠢᠢᠳᠪᠦᠷᠢᠯᠡᠪᠡ᠂ ᠪᠦᠬᠦ | ᠰᠢᠶᠠᠩ ᠢᠶᠠᠷ ᠢᠶᠠᠨ ᠨᠡᠶᠢᠳᠡ 13 ᠲᠣᠣᠷᠵᠢᠯ ᠲᠠᠢ᠂ ᠶᠡᠷᠦᠩᠬᠡᠢ ᠲᠣᠣᠷᠵᠢᠯ ᠤᠨ ᠳᠠᠷᠤᠭ᠎ᠠ 13 ᠬᠥᠮᠥᠨ᠂ | ᠲᠣᠣᠷᠵᠢᠯ ᠤᠨ ᠠᠵᠢᠯᠲᠠᠨ 112 ᠬᠥᠮᠥᠨ ᠪᠠᠶᠢᠵᠤ᠂ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ | ᠪᠦᠲᠦᠮᠵᠢᠲᠡᠢ ᠠᠬᠢᠭᠤᠯᠵᠠᠢ᠃ 2023 ᠣᠨ ᠳᠤ᠂ ᠮᠠᠨ ᠤ ᠰᠢᠶᠠᠩ ᠤᠨ ᠬᠢᠨ 7 ᠤᠳᠠᠭ᠎ᠠ ᠶᠢᠨ ᠵᠥᠷᠢᠴᠡᠯ ᠢ | ᠪᠠᠶᠢᠴᠠᠭᠠᠵᠤ᠂ 7 ᠤᠳᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ 100% ᠤᠨ ᠨᠤᠷᠮ᠎ᠠ ᠶᠢ ᠨᠠᠮᠳᠠᠭᠤᠯᠪᠠ᠂ ᠵᠠᠬᠢᠳᠠᠯ | ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ ᠤᠳᠤ ᠪᠣᠯᠲᠠᠯ᠎ᠠ ᠲᠣᠰᠬᠤᠨ ᠤ ᠠᠷᠠᠳ ᠲᠤ ᠡᠯ᠎ᠡ ᠵᠦᠢᠯ ᠤᠨ | ᠤᠴᠢᠷ ᠶᠠᠪᠤᠳᠠᠯ ᠢ 130 ᠭᠠᠷᠤᠢ ᠣᠷᠣᠯᠠᠨ ᠭᠦᠢᠴᠡᠳᠬᠡᠵᠦ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠵᠡᠢ᠃ 12345 ᠬᠠᠯᠠᠭᠤᠨ ᠤᠲᠠᠰᠤ ᠶᠢ ᠭᠦᠢᠴᠡᠳᠬᠡᠬᠦ ᠲᠠᠯ᠎ᠠ ᠪᠠᠷ᠂ ᠪᠦᠷᠢᠨ ᠲᠡᠭᠦᠯᠳᠡᠷ | ᠵᠢᠷᠤᠮᠵᠢᠭᠰᠠᠨ ᠠᠵᠢᠯ ᠤᠨ ᠳᠦᠷᠢᠮ ᠢ ᠪᠠᠶᠢᠭᠤᠯᠵᠤ᠂ ᠪᠤᠰᠤᠳ ᠰᠢᠶᠠᠩ ᠪᠠᠯᠭᠠᠰᠤᠨ ᠤ ᠰᠠᠶᠢᠨ ᠲᠤᠷᠰᠢᠯᠭ᠎ᠠ ᠠᠷᠭ᠎ᠠ | ᠬᠢᠳᠡᠯ ᠢᠶᠠᠷ ᠲᠣᠯᠢ ᠪᠣᠯᠭᠠᠭᠰᠠᠨ ᠰᠠᠭᠤᠷᠢᠨ ᠳᠡᠭᠡᠷ᠎ᠡ᠂ ᠮᠠᠨ ᠤ ᠰᠢᠶᠠᠩ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠵᠣᠬᠢᠴᠠᠩᠭᠤᠢ ᠬᠠᠯᠠᠭᠤᠨ ᠤᠲᠠᠰᠤᠨ ᠤ ᠠᠵᠢᠯ ᠤᠨ ᠳᠦᠷᠢᠮ ᠢ ᠲᠣᠭᠲᠠᠭᠠᠵᠤ᠂ ᠬᠦᠯᠢᠶᠡᠨ ᠠᠪᠬᠤ᠂ ᠬᠤᠪᠢᠶᠠᠷᠢᠯᠠᠨ | ᠲᠣᠮᠢᠯᠠᠬᠤ᠂ ᠰᠢᠪᠠᠳᠠᠨ ᠰᠢᠢᠳᠪᠦᠷᠢᠯᠡᠭᠦᠯᠬᠦ᠂ ᠬᠠᠷᠢᠭᠤ ᠰᠤᠷᠪᠤᠯᠵᠢᠯᠠᠬᠤ᠂ ᠬᠠᠷᠢᠭᠤ ᠥᠭᠬᠦ ᠲᠠᠪᠤᠨ ᠭᠤᠭᠴᠤᠭ᠎ᠠ ᠪᠠᠷ | ᠨᠢᠭᠡᠨ ᠢᠵᠢ ᠪᠦᠷᠢᠨ ᠪᠦᠲᠦᠨ ᠠᠵᠢᠯ ᠤᠨ ᠶᠠᠪᠤᠴᠠ ᠶᠢ ᠪᠦᠷᠢᠯᠳᠦᠭᠦᠯᠵᠦ᠂ ᠠᠵᠢᠯ ᠤᠨ ᠳᠤᠮᠳᠠ ᠪᠠᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯᠲᠠᠳ ᠲᠤ ᠠᠵᠢᠯ ᠤᠨ ᠬᠤᠪᠢᠶᠠᠷᠢᠯᠠᠯ ᠢ | ᠲᠣᠳᠣᠷᠬᠠᠢ ᠪᠣᠯᠭᠠᠵᠤ᠂ ᠠᠵᠢᠯ ᠤᠨ ᠭᠤᠭᠴᠤᠭ᠎ᠠ ᠨᠢᠭᠡᠪᠦᠷᠢ ᠶᠢ ᠴᠥᠮ ᠲᠤᠰᠬᠠᠢ ᠬᠥᠮᠥᠨ ᠢᠶᠠᠷ ᠬᠠᠷᠢᠭᠤᠴᠠᠭᠤᠯᠵᠤ᠂ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠣᠳᠣᠬᠠᠨ ᠳᠤ 12345 ᠬᠠᠯᠠᠭᠤᠨ ᠤᠲᠠᠰᠤᠨ ᠤ ᠭᠠᠷ | ᠭᠦᠢᠴᠡᠳᠬᠡᠯ 452 ᠵᠤᠷᠪᠤᠰ ᠪᠠᠶᠢᠵᠤ᠂ ᠭᠠᠷ ᠤᠨ ᠥᠰᠥᠭ ᠵᠢᠷᠤᠵᠤ ᠭᠥᠯᠢᠶᠡᠨ ᠠᠪᠤᠭᠰᠠᠨ ᠳᠠᠭᠠᠬᠤ ᠨᠣᠷᠮ᠎ᠠ ᠨᠢ | 100%᠂ ᠭᠦᠢᠴᠡᠳᠬᠡᠬᠦ ᠳᠠᠭᠠᠬᠤ ᠨᠣᠷᠮ᠎ᠠ ᠨᠢ 100%᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ | 100%᠂ ᠬᠠᠨᠤᠮᠵᠢᠲᠠᠶ ᠪᠠᠶᠢᠬᠤ ᠨᠣᠷᠮ᠎ᠠ ᠨᠢ 99.3%᠂ ᠰᠢᠢᠳᠪᠦᠷᠢᠯᠡᠭᠰᠡᠨ ᠨᠣᠷᠮ᠎ᠠ ᠨᠢ 100% ᠪᠣᠯᠣᠨ᠎ᠠ᠃ | ᠲᠣᠮᠢᠯᠠᠭᠰᠠᠨ ᠰᠠᠯᠪᠤᠷᠢ ᠲᠠᠢ ᠬᠠᠮᠲᠤᠷᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠯ᠎ᠡ | ᠲᠥᠷᠥᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 4 ᠤᠳᠠᠭ᠎ᠠ ᠥᠷᠨᠢᠭᠦᠯᠵᠦ᠂ ᠮᠡᠬᠡᠯᠡᠬᠦ ᠶᠢ ᠡᠰᠡᠷᠭᠦᠴᠡᠬᠦ | APP ᠤᠭᠰᠠᠷᠠᠬᠤ ᠠᠵᠢᠯ ᠢ ᠶᠡᠭᠡ ᠪᠠᠷ ᠳᠡᠯᠭᠡᠷᠡᠭᠦᠯᠵᠦ᠂ ᠤᠭᠰᠠᠷᠠᠭᠰᠠᠨ ᠬᠥᠮᠥᠨ ᠤ ᠲᠤᠭ᠎ᠠ 1800 ᠰᠢᠬᠠᠮ | ᠬᠥᠮᠥᠨ ᠤᠳᠠᠭ᠎ᠠ ᠳᠤ ᠬᠥᠷᠪᠡ᠃ ᠳᠡᠷᠭᠡᠳᠡᠬᠢ ᠮᠡᠬᠡᠯᠡᠭᠰᠡᠨ ᠬᠡᠷᠡᠭ ᠤᠨ ᠵᠢᠱᠢᠶ᠎ᠡ ᠶᠢ ᠤᠬᠠᠭᠤᠯᠬᠤ ᠪᠠᠷ ᠳᠠᠮᠵᠢᠭᠤᠯᠤᠨ᠂ | ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠠᠮᠤᠷ ᠲᠦᠪᠰᠢᠨ ᠤ ᠪᠣᠰᠤᠭ᠎ᠠ | ᠴᠣᠭᠴᠠᠲᠤ ᠰᠡᠷᠭᠡᠶᠢᠯᠡᠯᠲᠡ ᠡᠵᠡᠮᠳᠡᠯ ᠢ ᠴᠢᠩᠭᠠᠳᠬᠠᠨ᠎ᠠ᠃ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ | ᠲᠠᠯᠪᠢᠨ᠎ᠠ᠃ ᠢᠳᠡᠭᠡᠨ ᠤ ᠠᠮᠤᠷ ᠲᠦᠪᠰᠢᠨ ᠤ ᠲᠠᠯ᠎ᠠ ᠪᠠᠷ᠂ ᠢᠳᠡᠭᠡᠨ ᠤ ᠠᠮᠤᠷ ᠲᠦᠪᠰᠢᠨ ᠤ ᠬᠠᠷᠢᠶᠠᠲᠤ ᠣᠷᠣᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠬᠤᠪᠢ ᠶᠢᠨ ᠠᠵᠤ ᠠᠬᠤᠶᠢᠯᠠᠯ ᠤᠨ ᠡᠵᠡᠨ ᠴᠣᠭᠴᠠ ᠶᠢᠨ | ᠬᠠᠷᠢᠭᠤᠴᠠᠯᠭ᠎ᠠ ᠶᠢᠨ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ᠪᠠᠶᠢᠴᠠᠭᠠᠯᠲᠠ ᠶᠢᠨ ᠤᠳᠠᠭ᠎ᠠ ᠶᠢ ᠨᠡᠮᠡᠭᠳᠡᠭᠦᠯᠦᠨ᠂ ᠢᠳᠡᠭᠡᠨ ᠤ ᠠᠮᠤᠷ ᠲᠦᠪᠰᠢᠨ ᠤ ︽ᠬᠤᠶᠠᠷ | ᠬᠠᠷᠢᠭᠤᠴᠠᠯᠭ᠎ᠠ︾ ᠶᠢᠨ ᠦᠢᠯᠡᠳᠪᠦᠷᠢᠯᠡᠯ ᠤᠨ ᠨᠢᠭᠡᠴᠡ 25 ᠪᠠᠶᠢᠵᠤ᠂ C ᠲᠠᠰ ᠤᠨ ᠳᠠᠭᠠᠳᠬᠠᠯ ᠢ ᠳᠠᠭᠠᠭᠠᠴᠢᠯᠠᠬᠤ | ᠺᠠᠳ᠋ᠷ 7᠂ D ᠲᠠᠰ ᠤᠨ ᠳᠠᠭᠠᠳᠬᠠᠯ ᠢ ᠳᠠᠭᠠᠭᠠᠴᠢᠯᠠᠬᠤ ᠺᠠᠳ᠋ᠷ 6᠂ ᠳᠠᠭᠠᠳᠬᠠᠯ ᠢ ᠳᠠᠭᠠᠭᠠᠴᠢᠯᠠᠬᠤ ᠺᠠᠳ᠋ᠷ ᠤᠨ | ᠳᠥᠷᠪᠡᠨ ᠤᠯᠠᠷᠢᠯ ᠤᠨ ᠬᠢᠨᠠᠨ ᠵᠢᠯᠤᠭᠤᠳᠬᠤ ᠨᠣᠷᠮ᠎ᠠ ᠶᠢ 100% ᠳᠤ ᠬᠦᠷᠭᠡᠵᠦ᠂ ᠭᠤᠷᠪᠠᠨ ᠨᠣᠮ ᠨᠢᠭᠡ | ᠬᠠᠭᠤᠳᠠᠰᠤ ᠶᠢ ᠳᠡᠭᠡᠭᠰᠢ ᠳᠠᠮᠵᠢᠭᠤᠯᠬᠤ ᠨᠣᠷᠮ᠎ᠠ ᠶᠢ 100% ᠳᠤ ᠬᠦᠷᠭᠡᠨ᠎ᠡ᠃ ᠦᠢᠯᠡᠳᠪᠦᠷᠢᠯᠡᠯ ᠤᠨ ᠠᠮᠤᠷ | ᠲᠦᠪᠰᠢᠨ ᠤ ᠲᠠᠯ᠎ᠠ ᠪᠠᠷ᠂ ᠠᠮᠤᠷ ᠲᠦᠪᠰᠢᠨ ᠤ ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ | ᠢᠮᠠᠭᠲᠠ ᠴᠢᠩᠭ᠎ᠠ ᠠᠳᠬᠤᠵᠤ᠂ ᠪᠦᠬᠦ ᠰᠢᠶᠠᠩ ᠤᠨ 7 ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ᠂ 8 | ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ 3 ᠡᠳ᠋ᠰᠢᠭᠦᠯᠦᠨ ᠦᠢᠯᠡᠳᠪᠦᠷᠢᠯᠡᠬᠦ ᠠᠵᠤ ᠠᠬᠤᠶᠢᠯᠠᠯ᠂ 2 | ᠲᠣᠰᠣ ᠨᠡᠮᠡᠬᠦ ᠥᠷᠲᠡᠭᠡ ᠵᠢᠴᠢ 13 ᠭᠠᠴᠠᠭᠠᠨ ᠤ ᠠᠷᠠᠳ ᠤᠨ ᠵᠥᠪᠯᠡᠯ ᠳᠤ ᠠᠶᠤᠯᠭᠦᠢ ᠦᠢᠯᠡᠳᠪᠦᠷᠢᠯᠡᠯ ᠤᠨ | ᠶᠡᠭᠡ ᠪᠠᠶᠢᠴᠠᠭᠠᠯᠲᠠ᠂ ᠶᠡᠭᠡ ᠴᠡᠭᠴᠡᠯᠡᠯᠲᠡ ᠶᠢᠨ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠪᠠᠶᠢᠴᠠᠭᠠᠯᠲᠠ ᠶᠢ | ᠶᠣᠰᠣᠨ ᠲᠡᠳᠦᠢ ᠥᠩᠭᠡᠷᠡᠭᠦᠯᠬᠦ ᠦᠭᠡᠢ᠂ ᠳᠠᠯᠳᠠ ᠬᠡᠮ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ | ᠰᠠᠶᠢᠵᠢᠷᠠᠭᠤᠯᠵᠤ᠂ ᠤᠬᠠᠭᠤᠯᠭ᠎ᠠ ᠶᠢᠨ ᠪᠤᠯᠤᠩ᠂ ᠠᠮᠤᠷ ᠲᠦᠪᠰᠢᠨ ᠤ ᠡᠯᠭᠦᠭᠡ ᠪᠢᠴᠢᠭᠡᠰᠦ᠂ ᠤᠬᠠᠭᠤᠯᠭ᠎ᠠ | ᠶᠢᠨ ᠬᠠᠭᠤᠳᠠᠰᠤ ᠲᠠᠷᠬᠠᠭᠠᠬᠤ᠂ ᠭᠠᠷ ᠤᠲᠠᠰᠤᠨ ᠤ ᠸᠢᠴᠠᠲ ᠲᠠᠷᠬᠠᠭᠠᠬᠤ ᠵᠡᠷᠭᠡ ᠤᠬᠠᠭᠤᠯᠭ᠎ᠠ ᠶᠢᠨ ᠠᠷᠭ᠎ᠠ | ᠪᠠᠷᠢᠯ ᠢᠶᠠᠷ ᠳᠠᠮᠵᠢᠭᠤᠯᠤᠨ᠂ ᠦᠢᠯᠡᠳᠪᠦᠷᠢᠯᠡᠯ ᠤᠨ ᠠᠵᠤ ᠠᠬᠤᠶᠢᠯᠠᠯ ᠪᠠ ᠥᠷᠭᠡᠨ ᠣᠯᠠᠨ ᠮᠠᠯᠴᠢᠨ | ᠲᠠᠷᠢᠶᠠᠴᠢᠨ ᠤ ᠠᠶᠤᠯ ᠦᠭᠡᠢ ᠦᠢᠯᠡᠳᠪᠦᠷᠢᠯᠡᠯ ᠤᠨ ᠲᠤᠬᠠᠢ ᠣᠶᠢᠯᠠᠭᠠᠬᠤ ᠨᠣᠷᠮ᠎ᠠ ᠪᠠ ᠰᠣᠨᠣᠷ ᠰᠡᠷᠡᠮᠵᠢ ᠶᠢ | ᠳᠡᠭᠡᠭᠰᠢᠯᠡᠭᠦᠯᠬᠦ ᠬᠡᠷᠡᠭᠲᠡᠢ᠃ 2023 ᠣᠨ ᠳᠤ᠂ ᠰᠢᠯᠸ ᠰᠢᠶᠠᠩ ᠳᠤ ᠪᠦᠬᠦ ᠵᠢᠯ ᠳᠤ ᠶᠠᠮᠠᠷ ᠴᠤ ᠠᠶᠤᠯᠭᠦᠢ | ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠂ ᠪᠦᠬᠦ ᠰᠢᠶᠠᠩ ᠤᠨ ᠠᠶᠤᠯᠭᠦᠢ ᠦᠢᠯᠡᠳᠪᠦᠷᠢᠯᠡᠯ ᠤᠨ ᠠᠵᠢᠯ | ᠲᠣᠭᠲᠠᠭᠤᠨ ᠢᠶᠠᠷ ᠡᠷᠡᠭᠦᠯ ᠢᠶᠠᠷ ᠬᠥᠭᠵᠢᠪᠡ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |