ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2024 ᠣᠨ ᠤ ᠠᠩᠬᠠᠳᠤᠭᠠᠷ ᠤᠳᠠᠭᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠵᠢᠴᠢ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠤᠰᠬᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
     4 ᠰᠠᠷ᠎ᠠ ᠶᠢᠨ 15 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2024 ᠣᠨ ᠤ ᠠᠩᠬᠠᠳᠤᠭᠠᠷ ᠤᠳᠠᠭᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠵᠢᠴᠢ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠤᠰᠬᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠲᠤᠰᠬᠠᠢ ᠳᠤᠭᠤᠶᠢᠯᠠᠩ ᠤᠨ ᠳᠠᠷᠤᠭ᠎ᠠ ᠾᠧᠦ ᠵᠢᠶᠦ᠋ᠨ ᠢᠦᠢ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠲᠤᠰᠬᠠᠢ ᠳᠤᠭᠤᠶᠢᠯᠠᠩ ᠤᠨ ᠳᠡᠳ᠋ ᠳᠠᠷᠤᠭ᠎ᠠ ᠵᠧᠦ ᠶᠦᠩ ᠭᠠᠩ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ᠂ ᠲᠤᠰᠬᠠᠢ ᠳᠤᠭᠤᠶᠢᠯᠠᠩ ᠤᠨ ᠳᠡᠳ᠋ ᠳᠠᠷᠤᠭ᠎ᠠ ᠹᠦ᠋ ᠵᠢᠶᠠᠨ᠂ ᠰᠢᠭᠦᠬᠦ ᠬᠤᠷᠢᠶᠠᠨ ᠤ ᠳᠠᠷᠤᠭ᠎ᠠ ᠶᠠᠩ ᠹᠠᠩ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠸ ᠰᠢᠶᠣᠣ ᠫᠢᠩ ᠬᠤᠷᠠᠯ ᠳᠤ ᠣᠷᠣᠯᠴᠠᠵᠠᠢ᠃ ᠲᠤᠰᠬᠠᠢ ᠳᠤᠭᠤᠶᠢᠯᠠᠩ ᠤᠨ ᠠᠯᠪᠠᠨ ᠭᠡᠷ ᠤᠨ ᠪᠦᠷᠢᠯᠳᠦᠭᠦᠨ᠂ ᠬᠠᠮᠢᠶ᠎ᠠ ᠪᠦᠬᠦᠢ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠵᠢᠴᠢ ᠡᠯ᠎ᠡ ᠰᠤᠮᠤ ᠰᠢᠶᠠᠩ ᠪᠠᠯᠭᠠᠰᠤ ᠶᠢᠨ ᠭᠤᠣᠯ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃
     ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠳᠦᠷᠢᠮ︾ ᠪᠣᠯᠣᠨ ︽ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ ᠤᠯᠠᠮᠵᠢᠯᠠᠨ ᠰᠤᠷᠤᠯᠴᠠᠵᠤ᠂ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢ ᠲᠤᠰᠬᠠᠢ ᠬᠠᠷᠠᠯᠲᠠ ᠶᠢᠨ ᠬᠢᠨᠠᠨ ᠰᠢᠯᠭᠠᠬᠤ ᠨᠠᠷᠢᠨ ᠳᠦᠷᠢᠮ︾ ︵ᠰᠠᠨᠠᠯ ᠬᠤᠷᠢᠶᠠᠬᠤ ᠨᠣᠣᠷᠠᠭ︶ ᠳᠤ ᠲᠠᠶᠢᠯᠤᠮᠵᠢ ᠬᠢᠵᠦ᠂ ᠡᠯ᠎ᠡ ᠲᠦᠷᠦᠭᠦᠯᠡᠬᠦ ᠨᠢᠭᠡᠴᠡ ᠶᠢᠨ ᠨᠢᠭᠡᠳᠦᠭᠡᠷ ᠤᠯᠠᠷᠢᠯ ᠳᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠭᠰᠡᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠳᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠭᠰᠡᠨ ᠲᠤᠰᠬᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠷᠠᠯ ᠠᠴᠠ᠂ ᠨᠢᠭᠡ ᠳᠤ᠂ ᠲᠠᠨᠢᠯᠲᠠ ᠪᠠᠨ ᠭᠦᠨᠵᠡᠭᠡᠶᠢᠷᠡᠭᠦᠯᠦᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠢ ᠲᠦᠷᠦᠯ ᠤᠨ ᠠᠵᠢᠯ ᠤᠨ ᠴᠢᠬᠤᠯᠠ ᠪᠠᠶᠢᠷᠢ ᠰᠠᠭᠤᠷᠢ ᠶᠢ ᠴᠢᠨᠠᠭᠰᠢᠳᠠ ᠵᠥᠪ ᠲᠠᠨᠢᠵᠤ᠂ ᠦᠨᠳᠦᠰᠦᠨ ᠣᠪᠣᠷ ᠢᠶᠠᠨ ᠲᠥᠪ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠠᠲᠤᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠠᠲᠤ ᠪᠠᠬᠢᠯᠡᠵᠦ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠵᠢᠯ ᠠᠯᠬᠤᠮ ᠢᠶᠠᠷ ᠠᠬᠢᠭᠤᠯᠬᠤ ᠳᠤᠮᠳᠠ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ︔ ᠬᠤᠶᠠᠷ ᠲᠤ᠂ ︽ᠡᠬᠡ ᠲᠠᠩᠰᠠ︾ ᠶᠢᠨ ᠡᠭᠦᠷᠭᠡ ᠶᠢ ᠴᠢᠩᠭ᠎ᠠ ᠠᠩᠬᠠᠷᠴᠤ᠂ ︽ᠬᠠᠷᠢᠭᠤᠴᠠᠯᠭ᠎ᠠ ᠡᠭᠦᠷᠭᠡᠯᠡᠬᠦ ᠶᠢ ᠲᠤᠰᠬᠠᠢ ᠬᠠᠷᠠᠯᠲᠠ ᠶᠢᠨ ᠬᠢᠨᠠᠨ ᠰᠢᠯᠭᠠᠬᠤ ᠨᠠᠷᠢᠨ ᠳᠦᠷᠢᠮ ᠪᠣᠯᠭᠠᠬᠤ︾ ᠶᠢᠨ ᠴᠢᠬᠤᠯᠠ ᠠᠭᠤᠯᠭ᠎ᠠ ᠶᠢ ᠣᠶᠢᠯᠠᠭᠠᠵᠤ᠂ ᠡᠭᠦᠷᠭᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦᠨ ᠴᠢᠳᠠᠯ ᠢ ᠬᠤᠷᠠᠮᠳᠤᠭᠤᠯᠤᠨ᠂ ᠨᠢᠭᠲᠠ ᠠᠴᠠ ᠨᠢᠭᠲᠠ ᠪᠠᠶᠢᠵᠤ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ︔ ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ᠂ ᠳᠦᠷᠢᠮ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠬᠢᠨᠠᠨ ᠰᠢᠯᠭᠠᠬᠤ ᠨᠠᠷᠢᠨ ᠳᠦᠷᠢᠮ︾  ᠤᠨ ᠲᠣᠭᠤᠷᠢᠨ ᠳᠤ ᠪᠠᠶᠢᠩᠭᠤ ᠠᠩᠬᠠᠷᠴᠤ ᠡᠳᠦᠷ ᠲᠤᠳᠤᠮ ᠤᠨ ᠠᠵᠢᠯ ᠢ ᠡᠵᠡᠮᠳᠡᠵᠦ᠂ ᠣᠯᠣᠯᠴᠠᠨ ᠵᠣᠬᠢᠴᠠᠭᠤᠯᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠭᠯᠡᠭᠦᠯᠬᠦ ᠴᠢᠨᠠᠷᠲᠠᠢ ᠪᠠᠷ ᠰᠠᠶᠢᠲᠤᠷ ᠬᠢᠵᠦ᠂ ᠠᠵᠢᠯ ᠤᠨ ᠡᠭᠦᠷᠭᠡ ᠪᠠᠨ ᠥᠨᠳᠥᠷ ᠬᠤᠷᠳᠤᠴᠠ ᠪᠠᠷ ᠴᠢᠨᠠᠷ ᠰᠠᠶᠢᠲᠠᠢ ᠥᠨᠳᠥᠷ ᠦᠷ᠎ᠡ ᠠᠰᠢᠭᠲᠠᠢ ᠪᠠᠷ ᠪᠡᠶᠡᠯᠡᠭᠦᠯᠵᠦ᠂ ᠨᠡᠷ᠎ᠡ ᠠᠯᠳᠠᠷ ᠢ ᠲᠡᠮᠡᠴᠡᠨ ᠣᠷᠣᠨ ᠪᠠᠶᠢᠷᠢ ᠳᠤ ᠳᠠᠪᠰᠢᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃                               ᠵᠣᠬᠢᠶᠠᠭᠴᠢ᠄ ᠴᠢᠮᠡᠭᠡᠯᠡᠭᠴᠢ᠄ ᠪᠤᠯᠠᠭ                               ᠤᠷᠴᠢᠭᠤᠯᠤᠭᠴᠢ᠄ ᠰᠤᠷᠤᠨ᠎ᠠ                               ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号