4 ᠰᠠᠷ᠎ᠠ ᠶᠢᠨ 1 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2024 ᠣᠨ ᠤ ᠬᠠᠪᠤᠷ ᠤᠨ | ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠵᠢᠴᠢ ᠬᠢᠵᠢᠭ | ᠰᠡᠷᠭᠡᠶᠢᠯᠡᠭᠴᠢ ᠶᠢ ᠪᠣᠯᠪᠠᠰᠤᠷᠠᠭᠤᠯᠬᠤ ᠬᠤᠷᠠᠯ ᠬᠤᠷᠠᠯᠳᠤᠭᠤᠯᠪᠠ᠃ ᠳᠡᠳ᠋ ᠬᠤᠰᠢᠭᠤᠨ ᠳᠠᠷᠤᠭ᠎ᠠ ᠷᠧᠨ ᠯᠢ᠂ ᠡᠯ᠎ᠡ | ᠰᠤᠮᠤ ᠰᠢᠶᠠᠩ ᠪᠠᠯᠭᠠᠰᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠬᠤᠰᠢᠭᠤᠨ ᠤ | ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢᠨ ᠭᠠᠵᠠᠷ᠂ ᠬᠤᠰᠢᠭᠤᠨ ᠤ ᠲᠠᠷᠢᠶᠠᠯᠠᠩ ᠤᠨ ᠪᠡᠯᠡ ᠣᠷᠣᠭᠤᠯᠤᠯᠲᠠ ᠶᠢᠨ | ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠢ᠃ | | ᠬᠤᠷᠠᠯ ᠳᠡᠭᠡᠷ᠎ᠡ᠂ ᠬᠤᠰᠢᠭᠤᠨ ᠤ ᠬᠥᠳᠡᠭᠡ ᠲᠣᠰᠬᠤᠨ ᠤ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠠᠴᠠ ᠪᠥᠬᠦ ᠬᠤᠰᠢᠭᠤᠨ ᠤ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ 2023 ᠣᠨ ᠤ ᠠᠵᠢᠯ ᠢ ᠥᠷᠨᠢᠭᠦᠯᠦᠭᠰᠡᠨ ᠪᠠᠶᠢᠳᠠᠯ ᠪᠠ | 2024 ᠣᠨ ᠤ ᠠᠵᠢᠯ ᠤᠨ ᠲᠣᠬᠢᠷᠠᠭᠤᠯᠤᠯᠲᠠ ᠶᠢᠨ ᠲᠤᠬᠠᠢ ᠲᠥᠬᠦᠮ ᠲᠣᠳᠣᠷᠬᠠᠶᠢᠯᠠᠯᠲᠠ ᠬᠢᠪᠡ᠃ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ 2024 ᠣᠨ ᠤ ᠬᠠᠪᠤᠷ ᠤᠨ ᠤᠯᠠᠷᠢᠯ ᠤᠨ | ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠬᠤᠷᠠᠯ ᠠᠴᠠ ᠰᠤᠮᠤ ᠰᠢᠶᠠᠩ ᠪᠠᠯᠭᠠᠰᠤ ᠶᠢᠨ ᠭᠤᠣᠯ ᠬᠠᠷᠢᠭᠤᠴᠠᠯᠭᠠᠲᠠᠨ ᠪᠣᠯᠣᠨ ᠤᠷᠢᠭᠳᠠᠭᠰᠠᠨ | ᠥᠷᠲᠡᠭᠡᠨ ᠳᠠᠷᠤᠭ᠎ᠠ ᠲᠠᠢ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠪᠥᠭᠡᠳ ᠤᠷᠢᠭᠳᠠᠭᠰᠠᠨ | ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠥᠷᠲᠡᠭᠡᠨ ᠤ ᠳᠠᠷᠤᠭ᠎ᠠ ᠳᠤ ᠤᠷᠢᠯᠭ᠎ᠠ ᠶᠢᠨ ᠪᠢᠴᠢᠭ | ᠭᠠᠷᠳᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠪᠥᠬᠦ ᠬᠤᠰᠢᠭᠤᠨ ᠤ ᠠᠮᠢᠲᠠᠨ ᠤ ᠬᠢᠵᠢᠭ ᠢ | ᠰᠡᠷᠭᠡᠶᠢᠯᠡᠬᠦ ᠠᠵᠢᠯ ᠤᠨ ᠬᠡᠯᠪᠡᠷᠢ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠡᠭᠦᠷᠭᠡ ᠮᠥᠨ ᠬᠦ | ᠬᠦᠨᠳᠦ ᠨᠦᠰᠡᠷ ᠪᠡᠷᠬᠡ ᠬᠠᠲᠠᠭᠤᠵᠢᠯᠲᠠᠢ ᠪᠠᠶᠢᠨ᠎ᠠ᠃ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠨᠢ ᠠᠷᠠᠳ ᠣᠯᠠᠨ ᠤ ᠡᠷᠡᠭᠦᠯ ᠮᠡᠨᠳᠦ ᠪᠠ ᠠᠮᠤᠷ ᠲᠦᠪᠰᠢᠨ ᠳᠤ ᠬᠤᠯᠪᠣᠭᠳᠠᠵᠤ᠂ | ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠳᠤ ᠬᠤᠯᠪᠣᠭᠳᠠᠵᠤ᠂ ᠪᠥᠬᠦ ᠬᠤᠰᠢᠭᠤᠨ ᠤ ᠠᠵᠤ ᠠᠬᠤᠢ ᠪᠠ ᠨᠡᠶᠢᠭᠡᠮ ᠤᠨ ᠲᠣᠭᠲᠠᠭᠤᠨ ᠳᠤ | ᠬᠤᠯᠪᠣᠭᠳᠠᠨ᠎ᠠ᠂ ᠡᠶᠢᠮᠦ ᠠᠴᠠ ᠪᠢᠳᠡ ᠬᠢᠵᠢᠭ ᠤᠨ ᠪᠠᠶᠢᠳᠠᠯ ᠢ ᠲᠣᠳᠣᠷᠬᠠᠢ ᠲᠠᠨᠢᠵᠤ᠂ ᠠᠵᠢᠯ ᠤᠨ ᠬᠠᠷᠠᠯᠲᠠ ᠪᠠᠨ | ᠲᠣᠳᠣᠷᠬᠠᠢ ᠲᠣᠭᠲᠠᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠢᠵᠢᠭ ᠢ ᠰᠡᠷᠭᠡᠶᠢᠯᠡᠬᠦ | ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠠᠶᠢᠳᠠᠯ ᠢ | ᠲᠣᠳᠣᠷᠬᠠᠢ ᠲᠠᠨᠢᠵᠤ᠂ ᠬᠠᠪᠤᠷ ᠤᠨ ᠰᠡᠷᠭᠡᠶᠢᠯᠡᠯᠲᠡ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ | ᠳᠡᠭᠡᠷ᠎ᠡ ᠨᠢ ᠬᠦᠴᠦᠯᠡᠵᠦ᠂ ᠬᠠᠪᠤᠷ ᠤᠨ ᠤᠯᠠᠷᠢᠯ ᠤᠨ ᠠᠮᠢᠳᠠᠨ ᠤ ᠬᠢᠵᠢᠭ ᠢ ᠰᠡᠷᠭᠡᠶᠢᠯᠡᠬᠦ ᠬᠠᠷᠠᠯᠲᠠ ᠶᠢᠨ ᠡᠭᠦᠷᠭᠡ ᠶᠢ | ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠣᠭᠲᠠᠴᠠ ᠶᠢ ᠪᠦᠷᠢᠨᠰᠢᠭᠦᠯᠵᠦ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠬᠠᠪᠤᠷ ᠤᠨ ᠤᠯᠠᠷᠢᠯ ᠤᠨ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠢ ᠨᠠᠶᠢᠳᠠᠪᠤᠷᠢᠵᠢᠭᠤᠯᠤᠨ | ᠨᠠᠶᠢᠳᠠᠪᠤᠷᠢᠵᠢᠭᠤᠯᠬᠤ ᠶᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠡᠯ᠎ᠡ ᠬᠢᠵᠢᠭ ᠰᠡᠷᠭᠡᠶᠢᠯᠡᠭᠴᠢ ᠸᠠᠺᠼᠢᠨ ᠤ | ᠲᠠᠷᠢᠯᠭ᠎ᠠ ᠶᠢᠨ ᠠᠵᠢᠯ ᠢᠶᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠦᠨ᠂ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠦᠨ ᠬᠡᠷᠡᠭᠯᠡᠬᠦ ᠶᠢ ᠲᠦᠯᠬᠢᠨ ᠠᠬᠢᠭᠤᠯᠵᠤ᠂ ᠲᠤᠰᠬᠠᠢ ᠮᠡᠷᠭᠡᠵᠢᠯ ᠤᠨ ᠣᠪᠣᠷ ᠢᠶᠠᠷ᠂ ᠴᠢᠩᠭ᠎ᠠ ᠨᠢᠮᠪᠠᠢ ᠣᠪᠣᠷ | ᠰᠤᠷᠲᠠᠯ ᠢᠶᠠᠷ ᠰᠢᠨ᠎ᠡ ᠨᠢᠭᠡ ᠡᠭᠡᠯᠵᠢ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠥᠷᠢᠰᠦᠯᠳᠦᠭᠡᠨ ᠢ ᠬᠠᠮᠲᠤᠪᠠᠷ ᠤᠭᠲᠤᠬᠤ ᠬᠡᠷᠡᠭᠲᠡᠢ᠃ | ᠲᠣᠰ ᠤᠳᠠᠭᠠᠨ ᠤ ᠪᠣᠯᠪᠠᠰᠤᠷᠠᠭᠤᠯᠤᠯ ᠳᠤ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠲᠤᠰᠬᠠᠢ ᠮᠡᠷᠭᠡᠵᠢᠯᠲᠡᠨ ᠢ ᠤᠷᠢᠵᠤ ︽ᠮᠡᠷᠭᠡᠰᠢᠯ ᠤᠨ ᠠᠵᠢᠯᠯᠠᠭ᠎ᠠ︾ ︽ᠥᠪᠥᠷ | ᠮᠣᠩᠭᠤᠯ ᠤᠨ ᠦᠬᠡᠷ ᠬᠤᠨᠢ ᠮᠠᠯᠵᠢᠬᠤ ᠳᠤ ᠤᠲᠦ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠠᠷᠭ᠎ᠠ ᠪᠠᠷᠢᠯ ᠢ | ᠠᠰᠢᠭᠯᠡᠨ︾ ︽ᠬᠤᠨᠢᠨ ᠤ ᠭᠦᠷᠢᠶ᠎ᠡ ᠶᠢᠨ ᠴᠡᠪᠡᠷᠰᠢᠭᠦᠯᠬᠦ ᠲᠥᠰᠥᠯ ᠵᠢᠴᠢ ᠡᠭᠡᠯᠢᠯᠡᠭᠡ ᠶᠢᠨ ᠵᠢᠷᠤᠮ︾ ᠤᠨ | ᠬᠢᠴᠢᠶᠡᠯ ᠤᠨ ᠠᠭᠤᠯᠭ᠎ᠠ ᠳᠤ ᠪᠣᠯᠪᠠᠰᠤᠷᠠᠭᠤᠯᠤᠯ ᠬᠢᠯᠭᠡᠵᠡᠢ᠃ | | | | | ᠵᠣᠬᠢᠶᠠᠭᠴᠢ᠄ ᠴᠢᠮᠡᠭᠡᠯᠡᠭᠴᠢ᠄ ᠪᠤᠯᠠᠭ᠂ ᠯᠦ᠋ ᠰᠢᠶᠣᠣ ᠲᠢᠩ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |