ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠤᠷᠪᠠᠳᠤᠭᠠᠷ ᠤᠳᠠᠭᠠᠨ ᠤ ᠪᠦᠭᠦ ᠤᠯᠤᠰ ᠤᠨ ᠬᠥᠷᠥᠰᠥ ᠰᠢᠷᠣᠢ ᠶᠢ ᠨᠡᠶᠢᠳᠡᠮ ᠪᠠᠶᠢᠴᠠᠭᠠᠬᠤ ᠠᠵᠢᠯ ᠪᠦᠭᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2024/4/22
     4 ᠰᠠᠷ᠎ᠠ ᠶᠢᠨ 6 ᠤ ᠡᠳᠦᠷ᠂ ᠪᠤᠩᠬᠤᠨ ᠪᠠᠯᠭᠠᠰᠤᠨ ᠤ ᠰᠢᠷᠡᠭᠡᠲᠦ ᠲᠣᠰᠬᠤᠨ ᠳᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠯᠢᠭᠡᠷ ᠠᠪᠬᠤ《 ᠠᠩᠬᠠᠨ ᠤ ᠬᠦᠷᠵᠡ》 ᠶᠢ ᠨᠡᠭᠡᠭᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠪᠦᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠠᠢ᠃
     ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠥᠯᠢᠭᠡᠷ ᠴᠡᠭ ᠤᠨ ᠲᠤᠭ᠎ᠠ ᠨᠡᠶᠢᠲᠡ 1342 ︵ᠲᠠᠷᠢᠶᠠᠨ ᠭᠠᠵᠠᠷ ᠤᠨ ᠥᠯᠢᠭᠡᠷ ᠴᠡᠭ ᠤᠨ ᠲᠤᠭ᠎ᠠ 1137᠂ ᠴᠡᠴᠡᠷᠯᠢᠭ ᠤᠨ ᠥᠯᠢᠭᠡᠷ ᠴᠡᠭ ᠤᠨ ᠲᠤᠭ᠎ᠠ 1᠂ ᠣᠶᠢᠲᠤ ᠭᠠᠵᠠᠷ ᠤᠨ ᠥᠯᠢᠭᠡᠷ ᠴᠡᠭ ᠤᠨ ᠲᠤᠭ᠎ᠠ 27᠂ ᠡᠪᠡᠰᠦᠲᠦ ᠭᠠᠵᠠᠷ ᠤᠨ ᠥᠯᠢᠭᠡᠷ ᠴᠡᠭ ᠤᠨ ᠲᠤᠭ᠎ᠠ 175᠂ ᠬᠤᠵᠢᠷᠯᠢᠭ ᠭᠠᠵᠠᠷ 2︶ ᠪᠠᠶᠢᠵᠤ᠂ ᠡᠭᠦᠨ ᠳᠤ ᠥᠩᠭᠡᠨ ᠳᠠᠪᠬᠤᠷᠭ᠎ᠠ ᠶᠢᠨ ᠪᠠᠶᠢᠴᠠᠭᠠᠯᠲᠠ ᠶᠢᠨ ᠥᠯᠢᠭᠡᠷ ᠴᠡᠭ ᠤᠨ ᠶᠡᠷᠦᠩᠬᠡᠢ ᠲᠤᠭ᠎ᠠ 1320᠂ ᠬᠥᠷᠥᠰᠥ ᠰᠢᠷᠣᠢ ᠶᠢᠨ ᠣᠭᠲᠣᠯᠣᠭᠠᠰᠤ ᠶᠢᠨ ᠪᠠᠶᠢᠴᠠᠭᠠᠯᠲᠠ ᠶᠢᠨ ᠥᠯᠢᠭᠡᠷ ᠴᠡᠭ ᠤᠨ ᠲᠤᠭ᠎ᠠ 22 ᠪᠣᠶ᠃ ᠡᠨᠡ ᠬᠦ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠥᠯᠢᠭᠡᠷ ᠴᠡᠭ ᠤᠨ ᠪᠠᠶᠢᠴᠠᠭᠠᠯᠲᠠ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ᠂ 4 ᠥᠯᠢᠭᠡᠷ ᠠᠪᠬᠤ ᠳᠤᠭᠤᠶᠢᠯᠠᠩ ᠢ ᠵᠣᠬᠢᠶᠠᠨ ᠪᠠᠶᠢᠭᠤᠯᠪᠠ᠃ 4 ᠰᠠᠷ᠎ᠠ ᠶᠢᠨ 19 ᠤ ᠡᠳᠦᠷ ᠪᠣᠯᠲᠠᠯ᠎ᠠ 595 ᠦᠯᠢᠭᠡᠷ ᠠᠪᠬᠤ ᠭᠠᠵᠠᠷ ᠢ ᠨᠢᠭᠡᠨᠲᠡ ᠪᠡᠶᠡᠯᠡᠭᠦᠯᠵᠡᠢ᠃
     ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠥᠯᠢᠭᠡᠷ ᠠᠪᠬᠤ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠪᠠᠷᠢᠮᠲᠠᠯᠠᠨ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷ᠂ ᠥᠨᠳᠥᠷ ᠦᠷ᠎ᠡ ᠪᠦᠲᠦᠮᠵᠢ ᠲᠠᠢ ᠪᠠᠷ ᠪᠡᠶᠡᠯᠡᠭᠦᠯᠦᠨ᠎ᠡ᠃            ᠵᠣᠬᠢᠶᠠᠭᠴᠢ᠄ ᠴᠢᠮᠡᠭᠡᠯᠡᠭᠴᠢ᠄ ᠸᠠᠩ ᠱᠦ ᠸᠧᠨ᠂ ᠯᠦ ᠰᠢᠶᠣᠣ ᠲᠢᠩ            ᠤᠷᠴᠢᠭᠤᠯᠤᠭᠴᠢ᠄ ᠰᠤᠷᠤᠨ᠎ᠠ            ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号