ᠡᠨᠡᠬᠦ ᠬᠥᠬᠡᠮᠳᠦᠭ ᠨᠣᠭᠤᠭᠠᠨ ᠥᠩᠭᠡ ᠨᠢ ᠬᠠᠪᠤᠷ ᠤᠨ ᠦᠵᠡᠮᠵᠢ ᠶᠢ ᠦᠯᠦ ᠬᠥᠰᠡᠷᠳᠡᠭᠦᠯᠦᠨ᠎ᠡ  — ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠦᠬᠦ ᠠᠷᠠᠳ ᠢᠶᠠᠷ ᠢᠶᠠᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2024/4/23
     ᠬᠠᠪᠤᠷ ᠤᠨ ᠤᠷᠢᠬᠠᠨ ᠰᠠᠯᠬᠢᠨ ᠳᠤ ᠰᠢᠨ᠎ᠡ ᠨᠣᠭᠤᠭᠠᠨ ᠦᠩᠭᠡ ᠶᠢ  ᠦᠯᠢᠶᠡᠵᠦ᠂ ᠶᠠᠭ ᠮᠣᠳᠣ ᠲᠠᠷᠢᠬᠤ ᠴᠠᠭ ᠪᠤᠯᠤᠭᠰᠠᠨ ᠪᠠᠶᠢᠨ᠎ᠠ᠃ 4 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠵᠠᠩ ᠵᠢᠶᠠᠨ ᠪᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠵᠠᠩ ᠰᠢᠸ ᠴᠢᠩ᠂ ᠬᠤᠰᠢᠭᠤᠨ ᠤ ᠳᠡᠳ᠋ ᠭᠠᠵᠠᠷ ᠤᠨ ᠳᠡᠰ ᠤᠨ ᠤᠳᠤᠷᠢᠳᠤᠯᠭ᠎ᠠ᠂ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠪᠯᠡᠯ ᠤᠨ ᠬᠤᠰᠢᠭᠤᠨ ᠤ ᠬᠤᠷᠢᠶ᠎ᠠ᠂ ᠲᠤᠯᠤᠭᠠᠨᠬᠤᠳᠳᠤᠭ ᠰᠤᠮᠤᠨ ᠤ ᠪᠠᠶᠢᠭᠤᠯᠤᠯᠭ᠎ᠠ ᠵᠢᠴᠢ 8 ᠭᠠᠴᠠᠭ᠎ᠠ ᠲᠣᠰᠬᠤᠨ ᠳᠤ ᠨᠠᠶᠢᠲᠠ 256 ᠭᠦᠮᠤᠨ ᠲᠤᠯᠤᠭᠠᠨᠬᠤᠳᠳᠤᠭ ᠰᠤᠮᠤᠨ ᠤ ᠪᠤᠯᠲᠦ ᠲᠣᠰᠬᠤᠨ ᠤ ᠠᠷᠠᠳ ᠤᠨ ᠵᠥᠪᠯᠡᠯ ᠤᠨ ᠳ᠋ᠦᠩ ᠬᠠᠢ ᠶᠠᠨ ᠲᠣᠰᠬᠤᠨ ᠤ ᠪᠦᠯᠬᠦᠮᠳᠡᠯ ᠤᠨ ᠣᠢ ᠳᠤ ᠭᠦᠷᠴᠦ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠪᠡ᠃
     ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠬᠥᠳᠡᠯᠮᠦᠷᠢ ᠶᠢᠨ ᠪᠠᠶᠢᠳᠠᠯ ᠢᠯᠡᠷᠡᠵᠦ᠂ ᠤᠯᠠᠨ ᠢᠶᠠᠷ ᠢᠶᠠᠨ ᠣᠷᠣᠨ ᠲᠣᠭᠤᠷᠢᠭ ᠬᠤᠪᠢᠶᠠᠷᠢᠯᠠᠵᠤ᠂ ᠲᠠᠪᠤ ᠭᠤᠷᠪᠠᠨ ᠬᠥᠮᠥᠨ ᠢᠶᠠᠷ ᠨᠢᠭᠡ ᠳᠤᠭᠤᠶᠢᠯᠠᠩ ᠪᠤᠯᠵᠤ᠂ ᠠᠵᠢᠯ ᠤᠨ ᠬᠤᠪᠢᠶᠠᠷᠢᠯᠠᠯ ᠢᠶᠠᠨ ᠨᠢᠭᠡᠳᠬᠡᠵᠦ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠨᠢᠭᠡ ᠨᠢᠭᠡ ᠵᠤᠯᠵᠠᠭ᠎ᠠ ᠮᠣᠳᠣ ᠶᠢ ᠮᠣᠳᠣᠨ ᠤ ᠨᠦᠭᠡᠨ ᠳᠤ ᠲᠡᠭᠰᠢᠯᠡᠨ ᠣᠷᠣᠭᠤᠯᠵᠤ᠂ ᠰᠢᠷᠣᠢ ᠨᠡᠮᠡᠵᠤ᠂ ᠳᠠᠷᠤᠵᠤ᠂ ᠲᠡᠭᠰᠢᠯᠡᠵᠦ᠂ ᠭᠢᠰᠬᠢᠵᠦ᠂ ᠨᠠᠷᠢᠨ ᠨᠢᠮᠪᠠᠢ ᠤᠰᠤᠯᠠᠵᠤ ᠪᠠᠶᠢᠨ᠎ᠠ ᠁ ᠠᠵᠢᠯ ᠤᠨ ᠳᠠᠷᠠᠭᠠᠯᠠᠯ ᠪᠦᠷᠢ ᠨᠢ ᠡᠮᠬᠢ ᠴᠡᠭᠴᠡ ᠲᠠᠢ ᠪᠠᠶᠢᠯ᠎ᠠ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 4682 ᠰᠠᠭᠤᠷᠢ ᠠᠯᠲᠠᠨ ᠨᠠᠪᠴᠢᠲᠤ ᠬᠠᠶᠢᠯᠠᠰᠤ᠂ ᠭᠠᠴᠤᠷ᠎ᠠ᠂ ᠬᠠᠶᠢᠯᠠᠰᠤᠨ ᠭᠦᠢᠯᠡᠰᠦ ᠳᠠᠷᠢᠵᠤ᠂ ᠨᠡᠶᠢᠲᠡ 100 ᠮᠦ ᠳᠠᠷᠢᠵᠠᠢ᠃      ︽ᠮᠣᠳᠣ ᠲᠠᠷᠢᠵᠤ ᠣᠶᠢᠵᠢᠭᠤᠯᠬᠤ ᠨᠢ ᠤᠳᠤ ᠦᠶ᠎ᠡ ᠳᠤ ᠭᠠᠪᠢᠶ᠎ᠠ ᠲᠠᠢ᠂ ᠥᠨᠢ ᠡᠭᠦᠷᠢᠳᠡ ᠠᠰᠢᠭ ᠲᠤᠰᠠ ᠲᠠᠢ ᠶᠤᠮ᠂ ᠲᠡᠷᠡ ᠨᠢ ᠣᠷᠴᠢᠨ ᠲᠣᠭᠤᠷᠢᠨ ᠢ ᠬᠠᠮᠠᠭᠠᠯᠠᠬᠤ ᠠᠮᠢ ᠠᠬᠤᠢ ᠶᠢ ᠭᠤᠶᠣᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠨᠡᠩ ᠴᠤ ᠪᠢᠳᠡᠨ ᠤ ᠦᠷ᠎ᠡ ᠬᠤᠶᠢᠴᠢᠰ ᠲᠠᠭᠠᠨ ᠦᠯᠡᠳᠡᠭᠡᠭᠰᠡᠨ ᠡᠷᠬᠢᠮ ᠨᠠᠨᠳᠢᠨ ᠥᠪ ᠬᠥᠷᠥᠩᠭᠡ ᠪᠣᠯᠣᠨ᠎ᠠ᠃ ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠪᠢ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠪᠠᠨ ᠭᠦᠨ ᠣᠶᠢᠯᠠᠭᠠᠵᠤ ᠪᠠᠶᠢᠨ᠎ᠠ᠂ ᠡᠶᠢᠮᠦ ᠠᠴᠠ ᠪᠢ ᠶᠡᠷᠦᠨᠢ ᠮᠣᠳᠣ ᠲᠠᠷᠢᠵᠤ ᠣᠶᠢᠵᠢᠭᠤᠯᠬᠤ ᠠᠵᠢᠯ ᠳᠤ ᠬᠦᠴᠦ ᠪᠠᠨ ᠡᠷᠭᠦᠵᠦ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ ᠴᠢᠷᠮᠠᠶᠢᠨ ᠳᠡᠭᠡᠭᠰᠢᠯᠡᠭᠦᠯᠵᠦ᠂ ᠪᠣᠬᠢᠷᠲᠤᠯ ᠦᠭᠡᠢ ᠭᠡᠷ ᠣᠷᠣᠨ ᠢ ᠴᠣᠭᠴᠠᠯᠠᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ︾ ᠭᠡᠵᠦ ᠳᠤᠯᠤᠭᠠᠨᠬᠤᠳᠳᠤᠭ ᠰᠤᠮᠤᠨ ᠤ ᠤᠢ ᠰᠢᠭᠤᠢ ᠡᠪᠡᠰᠦ ᠪᠡᠯᠴᠢᠭᠡᠷ ᠤᠨ ᠠᠵᠢᠯ ᠤᠨ ᠬᠠᠷᠢᠭᠤᠴᠠᠯᠭᠠᠲᠠᠨ ᠯᠢᠩ ᠳ᠋ᠧᠩ ᠺᠧ ᠬᠡᠯᠡᠪᠡ᠃      ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠺᠠᠳ᠋ᠷ ᠣᠯᠠᠨ ᠲᠦᠮᠡᠨ ᠤ ᠮᠣᠳᠣ ᠳᠠᠷᠢᠵᠤ ᠣᠶᠢᠵᠢᠭᠤᠯᠬᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠬᠠᠷᠢᠭᠤᠴᠠᠯᠭᠠᠲᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠥᠮᠥᠨ ᠪᠣᠯᠭᠠᠨ ᠮᠣᠳᠣ ᠳᠠᠷᠢᠵᠤ ᠨᠣᠭᠤᠭᠠᠷᠠᠭᠤᠯᠤᠯᠲᠠ ᠶᠢ ᠬᠠᠮᠠᠭᠠᠯᠠᠬᠤ ᠳᠤ ᠣᠷᠣᠯᠴᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠲᠤ ᠪᠠᠷ ᠴᠣᠭᠴᠠᠯᠠᠨ ᠪᠠᠶᠢᠭᠤᠯᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠡᠭᠦᠨ ᠢᠶᠠᠷ ᠠᠵᠠ ᠲᠣᠬᠢᠶᠠᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠣᠳᠣ ᠲᠠᠷᠢᠵᠤ ᠣᠶᠢᠵᠢᠭᠤᠯᠬᠤ ᠶᠢ ᠦᠷᠭᠦᠯᠵᠢᠯᠡᠨ ᠥᠷᠨᠢᠭᠦᠯᠵᠦ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠮᠠᠨᠳᠤᠭᠤᠯᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠵᠤ᠂ ᠦᠵᠡᠰᠬᠦᠯᠡᠩᠲᠦ ᠰᠠᠶᠢᠬᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠦᠲᠦᠭᠡᠨ ᠪᠠᠶᠢᠭᠤᠯᠬᠤ ᠳᠤ ᠥᠩᠭᠡ ᠭᠡᠷᠡᠯ ᠨᠡᠮᠡᠷᠢᠯᠡᠵᠦ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃                            ᠵᠣᠬᠢᠶᠠᠭᠴᠢ᠄ ᠰᠤᠷᠪᠤᠯᠵᠢᠯᠠᠭᠴᠢ᠄ ᠹᠠᠨ ᠵᠢᠶᠠ ᠸᠧᠨ                            ᠴᠢᠮᠡᠭᠡᠯᠡᠭᠴᠢ᠄ ᠵᠠᠩ ᠸᠧᠢ᠂ ᠰᠦᠨ ᠯᠢ ᠨᠠ                            ᠤᠷᠴᠢᠭᠤᠯᠤᠭᠴᠢ᠄ ᠰᠤᠷᠤᠨ᠎ᠠ                            ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号