4 ᠰᠠᠷ᠎ᠠ ᠶᠢᠨ 23 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ︽︿ᠤᠮᠠᠷᠠᠲᠤ | ᠬᠢᠯᠢ · ᠪᠢᠴᠢᠭ ᠤᠨ ᠰᠤᠷᠪᠤᠯᠵᠢᠲᠤ ᠬᠤᠶᠢᠲᠤ ᠬᠤᠰᠢᠭᠤ﹀ 4 · 23 ᠤ ᠳᠡᠯᠡᠬᠡᠢ ᠶᠢᠨ ᠨᠣᠮ ᠤᠩᠰᠢᠬᠤ ᠡᠳᠦᠷ︾ | ᠪᠠ ︽︿ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠳᠤ ᠰᠠᠭᠤᠷᠢᠯᠠᠵᠤ · ᠬᠠᠮᠲᠤ ᠶᠢᠨ ᠢᠷᠡᠭᠡᠳᠦᠢ ᠪᠠᠨ ᠴᠣᠭᠴᠠᠯᠠᠨ | ᠪᠠᠶᠢᠭᠤᠯᠬᠤ﹀ 4 · 26 ᠤ ᠳᠡᠯᠡᠬᠡᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ︾ ᠤᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠤᠰᠢᠭᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠨᠢᠨ | ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠬᠤ ᠵᠢᠯᠤᠭᠤᠳᠬᠤ ᠲᠥᠪ᠂ ᠰᠣᠶᠣᠯ ᠤᠨ ᠬᠠᠤᠯᠢ ᠬᠡᠷᠡᠭᠵᠢᠭᠦᠯᠬᠦ ᠲᠣᠪᠴᠢᠶ᠎ᠠ᠂ ᠨᠣᠮ ᠤᠨ ᠰᠠᠩ᠂ ᠰᠢᠨᠬᠤᠸᠠ | ᠨᠣᠮ ᠤᠨ ᠳᠡᠯᠭᠡᠭᠦᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ | ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠂ ᠰᠣᠶᠣᠯ ᠤᠨ ᠬᠠᠤᠯᠢ | ᠬᠡᠷᠡᠭᠵᠢᠭᠦᠯᠬᠦ ᠲᠣᠪᠴᠢᠶ᠎ᠠ ᠬᠠᠮᠲᠤ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠦᠬᠦᠢ | ᠤᠬᠠᠭᠤᠯᠬᠤ ᠬᠠᠭᠤᠳᠠᠰᠤ᠂ ᠭᠠᠷ ᠪᠤᠭᠴᠠ ᠶᠢ ᠲᠠᠷᠬᠠᠭᠠᠪᠠ︔ ᠬᠤᠰᠢᠭᠤᠨ ᠤ ᠨᠣᠮ ᠤᠨ ᠰᠠᠩ ᠨᠢ ᠰᠠᠭᠤᠭᠠᠯᠢ | ᠠᠷᠠᠳ ᠲᠤ ᠵᠢᠭᠡᠯᠡᠨ ᠤᠩᠰᠢᠬᠤ ᠦᠨᠡᠮᠯᠡᠯ ᠤᠨ ᠶᠠᠪᠤᠴᠠ ᠶᠢ ᠨᠠᠷᠢᠨ ᠲᠠᠶᠢᠯᠪᠤᠷᠢᠯᠠᠨ ᠥᠭᠴᠦ᠂ ᠰᠦᠯᠵᠢᠶᠡᠨ | ᠳᠡᠭᠡᠷᠡᠬᠢ ᠲᠣᠭᠠᠴᠢᠯᠠᠭᠰᠠᠨ ᠲᠠᠪᠴᠠᠩ ᠤᠨ ᠨᠣᠮ ᠤᠩᠰᠢᠬᠤ ᠡᠬᠢ ᠪᠠᠶᠠᠯᠢᠭ ᠤᠨ ᠺᠠᠷᠲ ᠢ ᠲᠠᠷᠬᠠᠭᠠᠪᠠ︔ | ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ ᠨᠡᠭᠦᠳᠡᠯ ᠨᠣᠮ ᠬᠤᠳᠠᠯᠳᠤᠬᠤ ᠦᠵᠡᠭᠦᠯᠦᠯᠭᠡ ᠶᠢᠨ ᠲᠣᠭᠤᠷᠢᠭ | ᠭᠠᠷᠭᠠᠵᠤ᠂ 100 ᠭᠠᠷᠤᠢ ᠵᠦᠢᠯ ᠤᠨ ᠨᠣᠮ ᠪᠢᠴᠢᠭ ᠬᠠᠩᠭᠠᠵᠤ᠂ ᠰᠠᠭᠤᠭᠠᠯᠢ ᠠᠷᠠᠳ ᠲᠤ 50 ᠭᠠᠷᠤᠢ ᠳᠡᠪᠲᠡᠷ | ᠰᠢᠨᠬᠤᠸᠠ ᠲᠣᠯᠢ ᠪᠢᠴᠢᠭ ᠪᠡᠯᠡᠭᠯᠡᠵᠡᠢ᠃ | | ᠡᠨᠡ ᠤᠳᠠᠭ᠎ᠠ ᠶᠢᠨ ᠠᠵᠢᠯᠯᠠᠭ᠎ᠠ ᠶᠢᠨ ᠵᠣᠷᠢᠯᠭ᠎ᠠ ᠪᠣᠯ ᠰᠠᠭᠤᠭᠠᠯᠢ ᠠᠷᠠᠳ ᠤᠨ ᠤ᠊ᠩᠰᠢᠭ᠌ᠴᠢᠳ ᠲᠤ ᠰᠢᠯᠢᠳᠡᠭ | ᠰᠠᠶᠢᠨ ᠤᠩᠰᠢᠯᠭ᠎ᠠ ᠶᠢᠨ ᠡᠬᠢ ᠪᠠᠶᠠᠯᠢᠭ ᠢ ᠬᠤᠷᠠᠮᠳᠤᠭᠤᠯᠤᠨ ᠥᠭᠴᠦ᠂ ᠤᠩᠰᠢᠯᠭ᠎ᠠ ᠶᠢᠨ ᠬᠠᠪᠤ ᠴᠡᠩᠭᠡᠯ ᠢ | ᠣᠶᠢᠯᠠᠭᠠᠭᠤᠯᠤᠨ᠂ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠪᠤᠶ ᠪᠣᠯᠭᠠᠬᠤ ᠶᠢᠨ ᠬᠠᠮᠲᠤ ᠥᠷᠭᠡᠨ ᠣᠯᠠᠨ | ᠰᠠᠭᠤᠭᠠᠯᠢ ᠠᠷᠠᠳ ᠲᠤ ᠤᠩᠰᠢᠯᠭ᠎ᠠ ᠶᠢᠨ ᠴᠢᠬᠤᠯᠠ ᠴᠢᠨᠠᠷ ᠢ ᠭᠦᠨᠵᠡᠭᠡᠢ ᠲᠠᠨᠢᠭᠤᠯᠵᠤ᠂ ᠥᠪᠡᠷ ᠤᠨ | ᠪᠡᠶ᠎ᠡ ᠠᠴᠠ ᠪᠠᠨ ᠡᠬᠢᠯᠡᠨ ᠬᠢᠵᠦ᠂ ᠬᠥᠮᠥᠨ ᠪᠣᠯᠭᠠᠨ ᠤᠩᠰᠢᠯᠭ᠎ᠠ ᠳᠤ ᠣᠷᠣᠯᠴᠠᠬᠤ ᠠᠭᠤᠷ ᠠᠮᠢᠰᠬᠤᠯ ᠢ ᠪᠤᠶ | ᠪᠣᠯᠭᠠᠬᠤ ᠶᠢᠨ ᠲᠥᠯᠥᠭᠡ ᠶᠤᠮ᠃ | | | ᠵᠣᠬᠢᠶᠠᠭᠴᠢ᠄ ᠴᠢᠮᠡᠭᠡᠯᠡᠭᠴᠢ᠄ ᠬᠠᠨ ᠢ ᠸᠧᠢ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |