ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠄ ᠬᠠᠪᠤᠷ ᠤᠨ ᠰᠡᠷᠭᠡᠶᠢᠯᠡᠯᠲᠡ ᠶᠢᠨ ︽ᠠᠮᠤᠷ ᠲᠦᠪᠰᠢᠨ ᠤ ᠲᠣᠣᠷ︾ ᠢ ᠨᠢᠭᠲᠠ ᠰᠦᠯᠵᠢᠵᠦ ᠮᠠᠯ ᠵᠢᠭᠦᠷᠲᠡᠨ ᠤ ︽ᠬᠢᠵᠢᠭ ᠢ ᠰᠡᠷᠭᠡᠶᠢᠯᠡᠬᠦ ᠪᠣᠭᠤᠮᠲᠠ︾ ᠶᠢ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2024/4/24
     ᠬᠠᠪᠤᠷ ᠤᠨ ᠤᠯᠠᠷᠢᠯ ᠪᠣᠯᠬᠤ ᠳᠤ ᠲᠦᠮᠡᠨ ᠪᠣᠳᠠᠰ ᠠᠮᠢᠯᠠᠵᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠨᠥᠬᠦᠪᠦᠷᠢ ᠶᠢᠨ ᠬᠠᠰᠢᠶ᠎ᠠ ᠪᠠᠰᠠ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠡᠭᠦᠨ ᠤ ᠬᠠᠮᠲᠤ ᠪᠠᠰᠠ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠰᠢᠯᠦᠬᠡᠢ ᠡᠪᠡᠳᠴᠢᠨ᠂ ᠬᠡᠪᠢᠬᠦ ᠮᠠᠯ ᠤᠨ ᠵᠢᠵᠢᠭ ᠬᠢᠵᠢᠭ ᠵᠡᠷᠭᠡ ᠠᠮᠢᠲᠠᠨ ᠤ ᠬᠢᠵᠢᠭ ᠤᠯᠠᠨ ᠡᠭᠦᠰᠬᠦ ᠬᠤᠭᠤᠴᠠᠭ᠎ᠠ ᠪᠣᠯᠣᠨ᠎ᠠ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠪᠦᠲᠦᠮᠵᠢᠲᠡᠶ ᠰᠡᠷᠭᠡᠶᠢᠯᠡᠵᠦ᠂ ᠬᠢᠵᠠᠭᠠᠷᠯᠠᠵᠤ᠂ ᠴᠡᠪᠡᠷᠰᠢᠭᠦᠯᠵᠦ᠂ ᠤᠰᠠᠳᠬᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠬᠠᠪᠤᠷ ᠤᠨ ᠤᠯᠠᠷᠢᠯ ᠤᠨ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠲᠥᠪᠯᠡᠷᠡᠭᠦᠯᠦᠨ ᠰᠡᠷᠭᠡᠶᠢᠯᠡᠬᠦ ᠪᠠ ᠦᠯᠦ ᠬᠠᠯᠳᠠᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠪᠦᠭᠦ ᠬᠤᠰᠢᠭᠤᠨ ᠤ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃
     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠦᠬᠦ ᠬᠤᠰᠢᠭᠤᠨ ᠤ 8 ᠰᠤᠮᠤ ᠰᠢᠶᠠᠩ ᠪᠠᠯᠭᠠᠰᠤ ᠶᠢᠨ ᠨᠡᠶᠢᠲᠡ 185 ᠬᠢᠵᠢᠭ ᠢ ᠰᠡᠷᠭᠡᠶᠢᠯᠡᠬᠦ ᠠᠵᠢᠯᠲᠠᠨ ᠢ ᠵᠣᠬᠢᠶᠠᠨ ᠪᠠᠶᠢᠭᠤᠯᠵᠤ ᠬᠠᠪᠤᠷ ᠤᠨ ᠰᠡᠷᠭᠡᠶᠢᠯᠡᠯᠲᠡ ᠶᠢᠨ ᠠᠵᠢᠯ ᠢ ᠥᠷᠨᠢᠭᠦᠯᠵᠦ᠂ ᠬᠢᠵᠢᠭ ᠢ ᠰᠡᠷᠭᠡᠶᠢᠯᠡᠬᠦ ᠶᠠᠪᠤᠴᠠ ᠳᠤ᠂ ᠬᠢᠵᠢᠭ ᠢ ᠰᠡᠷᠭᠡᠶᠢᠯᠡᠭᠴᠢ ᠬᠠᠷᠢᠶ᠎ᠠ ᠣᠷᠣᠨ ᠤ ᠪᠠᠨ ᠲᠡᠵᠢᠭᠡᠨ ᠦᠷᠡᠵᠢᠭᠦᠯᠬᠦ ᠲᠠᠯᠠᠪᠠᠢ ᠪᠣᠯᠣᠨ ᠲᠡᠵᠢᠭᠡᠨ ᠦᠷᠡᠵᠢᠭᠦᠯᠬᠦ ᠡᠷᠦᠬᠡ ᠳᠤ ᠭᠦᠨᠵᠡᠭᠡᠶᠢᠷᠡᠨ ᠲᠥᠪᠯᠡᠷᠡᠭᠦᠯᠦᠨ ᠦᠯᠦ ᠬᠠᠯᠳᠠᠭᠠᠬᠤ ᠠᠵᠢᠯ ᠢ ᠥᠷᠨᠢᠭᠦᠯᠵᠦ᠂ ᠪᠷᠦ᠋ᠼᠧᠯ ᠡᠪᠡᠳᠴᠢᠨ᠂ ᠰᠢᠯᠦᠬᠡᠢ ᠡᠪᠡᠳᠴᠢᠨ᠂ ᠬᠡᠪᠢᠬᠦ ᠮᠠᠯ ᠤᠨ ᠵᠢᠵᠢᠭ ᠬᠢᠵᠢᠭ ᠵᠡᠷᠭᠡ ᠸᠠᠺᠼᠢᠨ ᠢ ᠭᠤᠣᠯᠳᠠᠯᠭ᠎ᠠ ᠲᠠᠢ ᠪᠠᠷ ᠠᠯᠪᠠᠳᠠᠯᠭ᠎ᠠ ᠪᠠᠷ ᠦᠯᠦ ᠬᠠᠯᠳᠠᠭᠤᠯᠤᠨ᠂ ︽ᠭᠠᠴᠠᠭ᠎ᠠ ᠳᠤ ᠡᠷᠦᠭᠡ ᠶᠢ ᠣᠷᠬᠢᠭᠳᠠᠭᠤᠯᠬᠤ ᠦᠭᠡᠢ᠂ ᠡᠷᠦᠭᠡ ᠳᠤ ᠮᠠᠯ ᠢ ᠣᠷᠬᠢᠭᠳᠠᠭᠤᠯᠬᠤ ᠦᠭᠡᠢ᠂ ᠮᠠᠯ ᠳᠤ ᠵᠡᠭᠦᠦ ᠶᠢ ᠣᠷᠬᠢᠭᠳᠠᠭᠤᠯᠬᠤ ᠦᠭᠡᠢ᠂ ᠵᠡᠭᠦᠦ ᠳᠤ ᠡᠮ ᠢ ᠣᠷᠬᠢᠭᠳᠠᠭᠤᠯᠬᠤ ᠦᠭᠡᠢ᠂ ᠡᠮ ᠢ ᠦᠢᠯᠡᠳᠦᠯ ᠢᠶᠠᠨ ᠠᠯᠳᠠᠬᠤ ᠦᠭᠡᠢ︾ ᠪᠠᠶᠢᠬᠤ ᠶᠢ ᠪᠡᠶᠡᠯᠡᠭᠦᠯᠵᠦ᠂ ︽ᠬᠠᠪᠤᠷ ᠤᠨ ᠰᠡᠷᠭᠡᠶᠢᠯᠡᠯᠲᠡ︾ ᠶᠢᠨ ᠠᠵᠢᠯ ᠢ ᠬᠥᠨᠳᠡᠯᠡᠨ ᠢᠶᠠᠷ ᠬᠢᠵᠠᠭᠠᠷ ᠣᠷᠣᠨ ᠳᠤ ᠬᠦᠷᠭᠡᠵᠦ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠢᠵᠦ᠂ ᠰᠣᠬᠤᠷ ᠪᠠᠯᠠᠢ ᠣᠷᠣᠨ ᠢ ᠤᠰᠠᠳᠬᠠᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠪᠡ᠃ ᠡᠭᠦᠨ ᠤ ᠵᠡᠷᠭᠡ ᠳᠤ᠂ ᠠᠶᠢᠯ ᠡᠷᠦᠬᠡ ᠳᠤ ᠬᠦᠷᠴᠦ ᠰᠤᠷᠪᠤᠯᠵᠢᠯᠠᠬᠤ ᠪᠠᠷ ᠳᠠᠮᠵᠢᠭᠤᠯᠤᠨ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ  ᠢ ᠰᠡᠷᠭᠡᠶᠢᠯᠡᠨ ᠵᠠᠰᠠᠬᠤ ᠠᠵᠢᠯ ᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠬᠢᠵᠢᠭ ᠢ ᠰᠡᠷᠭᠡᠶᠢᠯᠡᠬᠦ ᠤᠬᠠᠮᠰᠠᠷ  ᠢ ᠴᠢᠩᠭᠠᠷᠠᠭᠤᠯᠵᠠᠢ᠃
     ᠤᠯᠠᠭᠠᠨᠬᠠᠳᠠ ᠰᠤᠮᠤ ᠶᠢᠨ ᠰᠢ ᠹᠠᠩ ᠲᠣᠰᠬᠤᠨ ᠤ ᠠᠷᠠᠳ ᠤᠨ ᠵᠥᠪᠯᠡᠯ ᠤᠨ ᠮᠠᠯ ᠤᠨ ᠡᠮᠴᠢ ᠯᠢᠶᠠᠩ ᠵᠢᠶᠦ᠋ᠨ ᠴᠢᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠣᠳᠣᠬᠠᠨ ᠳᠤ ᠪᠢᠳᠡ ᠭᠤᠣᠯᠳᠠᠭᠤ ᠲᠡᠵᠢᠭᠡᠨ ᠦᠷᠡᠵᠢᠭᠦᠯᠬᠦ ᠡᠷᠦᠬᠡ ᠶᠢᠨ ᠦᠬᠡᠷ ᠬᠤᠨᠢ ᠭᠠᠭ᠋ᠠᠢ ᠲᠠᠬᠢᠶ᠎ᠠ ᠮᠡᠲᠦ ᠶᠢᠨ ᠮᠠᠯ ᠳᠤ ᠸᠠᠺᠼᠢᠨ ᠳᠠᠷᠢᠵᠤ ᠪᠠᠶᠢᠨ᠎ᠠ᠃ ᠠᠳᠠᠯᠢ ᠪᠤᠰᠤ ᠮᠠᠯ ᠳᠤ ᠵᠣᠷᠢᠭᠤᠯᠤᠭᠰᠠᠨ ᠸᠠᠺᠼᠢᠨ ᠤ ᠲᠠᠷᠢᠯᠭ᠎ᠠ ᠨᠢ ᠴᠦ ᠠᠳᠠᠯᠢ ᠪᠤᠰᠤ ᠪᠠᠶᠢᠳᠠᠭ᠂ ᠡᠭᠦᠨ ᠳᠤ ᠭᠤᠣᠯᠳᠠᠭᠤ ᠰᠢᠯᠦᠬᠡᠢ ᠡᠪᠡᠳᠴᠢᠨ ᠤ ᠸᠠᠺᠼᠢᠨ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠸᠠᠺᠼᠢᠨ ᠤ ᠬᠡᠪᠢᠬᠦ ᠠᠮᠢᠲᠠᠨ ᠤ ᠵᠢᠵᠢᠭ ᠬᠢᠵᠢᠭ ᠵᠡᠷᠭᠡ ᠪᠣᠶ᠂ ᠮᠠᠨ ᠤ ᠬᠠᠷᠢᠭᠤᠴᠠᠵᠤ ᠪᠠᠶᠢᠭ᠎ᠠ ᠬᠡᠰᠡᠭ ᠲᠣᠭᠤᠷᠢᠭ ᠲᠤ 57 ᠲᠡᠵᠢᠭᠡᠨ ᠦᠷᠡᠵᠢᠭᠦᠯᠬᠦ ᠡᠷᠦᠬᠡ ᠪᠣᠶ᠂ ᠣᠳᠣᠬᠠᠨ ᠳᠤ 4924 ᠮᠠᠯ ᠵᠢᠭᠦᠷᠲᠡᠨ ᠳᠤ ᠴᠥᠮ ᠸᠠᠺᠼᠢᠨ ᠤ ᠲᠠᠷᠢᠯᠭ᠎ᠠ ᠬᠢᠵᠦ ᠳᠠᠭᠤᠰᠬᠠᠵᠠᠢ︾ ᠭᠡᠵᠡᠢ᠃
     ᠸᠠᠺᠼᠢᠨ ᠤ ᠲᠠᠷᠢᠯᠭ᠎ᠠ ᠬᠢᠬᠦ ᠠᠴᠠ ᠭᠠᠳᠠᠨ᠎ᠠ᠂ ᠬᠦᠷᠢᠶ᠎ᠡ ᠬᠠᠰᠢᠶ᠎ᠠ ᠶᠢ ᠠᠷᠢᠭᠤᠳᠬᠠᠬᠤ ᠪᠣᠯ ᠪᠠᠰᠠ ᠴᠤ ᠬᠠᠪᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠠᠵᠢᠯ ᠤᠨ ᠴᠢᠬᠤᠯᠠ ᠵᠠᠩᠭᠢᠯᠠᠭ᠎ᠠ ᠪᠣᠯᠣᠨ᠎ᠠ᠃ ᠬᠢᠵᠢᠭ ᠰᠡᠷᠭᠡᠶᠢᠯᠡᠬᠦ ᠠᠩᠭᠢ ᠶᠢᠨ ᠬᠢᠨ ᠮᠠᠯ ᠤᠨ ᠬᠠᠰᠢᠶ᠎ᠠ ᠰᠠᠷᠠᠪᠴᠢ ᠨᠢᠭᠡᠪᠦᠷᠢ ᠶᠢ ᠪᠦᠬᠦ ᠲᠠᠯ᠎ᠠ ᠪᠠᠷ ᠲᠤᠶᠢᠯᠪᠤᠷᠢᠲᠠᠢ ᠠᠷᠢᠭᠤᠳᠬᠠᠵᠤ᠂ ᠡᠪᠡᠳᠴᠢᠨ ᠡᠭᠦᠰᠬᠡᠭᠴᠢ ᠮᠢᠺᠷᠣᠪ ᠤᠨ ᠦᠷᠡᠵᠢᠯᠲᠡ ᠶᠢᠨ ᠣᠷᠴᠢᠨ ᠲᠣᠭᠤᠷᠢᠨ ᠢ ᠠᠷᠢᠯᠭᠠᠵᠤ᠂ ᠬᠢᠵᠢᠭ ᠡᠭᠦᠰᠬᠦ ᠲᠦᠭᠰᠢᠭᠦᠷᠢ ᠶᠢ ᠪᠦᠲᠦᠮᠵᠢᠲᠡᠢ ᠪᠠᠭᠠᠰᠬᠠᠪᠠ᠃      ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠹᠧᠢ᠄ ︽ᠬᠤᠰᠢᠭᠤᠨ ᠤ ᠬᠠᠪᠤᠷ ᠤᠨ ᠤᠯᠠᠷᠢᠯ ᠤᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠬᠤᠰᠢᠭᠤᠨ ᠤ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠮᠠᠨ ᠤ ᠬᠤᠰᠢᠭᠤᠨ ᠤ ᠸᠠᠺᠼᠢᠨ ᠤ ᠲᠠᠷᠢᠯᠭ᠎ᠠ ᠶᠢᠨ ᠣᠳᠣᠬᠠᠨ ᠳᠤ ᠨᠢᠭᠡᠨᠲᠡ 552 ᠲᠣᠰᠬᠤᠨ ᠢ ᠪᠡᠶᠡᠯᠡᠭᠦᠯᠵᠦ᠂ ᠲᠣᠰᠬᠤᠨ ᠤ ᠠᠬᠢᠴᠠ ᠪᠠᠷ 80% ᠶᠢ ᠪᠡᠶᠡᠯᠡᠭᠦᠯᠵᠦ᠂ ᠡᠭᠡᠯᠢᠯᠡᠭᠡ ᠶᠢᠨ ᠨᠢᠭᠲᠠᠴᠠ ᠶᠢ 85% ᠣᠷᠴᠢᠮ ᠳᠤ ᠬᠦᠷᠭᠡᠨ᠎ᠡ᠃ ᠵᠠᠯᠭᠠᠭᠠᠳ ᠪᠢᠳᠡ ᠦᠷᠭᠦᠯᠵᠢᠯᠡᠨ ᠲᠣᠣᠷ ᠲᠠᠲᠠᠬᠤ ᠬᠡᠯᠪᠡᠷᠢ ᠶᠢᠨ ᠬᠢᠵᠢᠭ ᠢ ᠰᠡᠷᠭᠡᠶᠢᠯᠡᠬᠦ ᠲᠠᠷᠢᠯᠭ᠎ᠠ ᠶᠢ ᠥᠷᠨᠢᠭᠦᠯᠵᠦ᠂ ᠲᠡᠵᠢᠭᠡᠨ ᠦᠷᠡᠵᠢᠭᠦᠯᠬᠦ ᠡᠷᠦᠬᠡ ᠳᠤ ᠭᠡᠷ ᠲᠤᠨᠢ ᠬᠦᠷᠴᠦ ᠦᠢᠯᠡᠴᠢᠯᠡᠭᠡ ᠬᠠᠩᠭᠠᠵᠤ᠂ ᠰᠡᠷᠭᠡᠶᠢᠯᠡᠪᠡᠰᠦ ᠵᠣᠬᠢᠬᠤ ᠶᠢ ᠨᠢ ᠴᠥᠮ ᠰᠡᠷᠭᠡᠶᠢᠯᠡᠨ᠂ ᠡᠷᠦᠬᠡ ᠪᠠ ᠮᠠᠯ ᠤᠨᠤᠭ᠎ᠠ ᠶᠢ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠵᠤ᠂ ᠬᠢᠵᠢᠭ ᠰᠡᠷᠭᠡᠶᠢᠯᠡᠬᠦ ᠶᠢ ᠪᠦᠷᠢᠨ ᠪᠦᠷᠬᠦᠭᠦᠯᠬᠦ ᠶᠢᠨ ᠬᠠᠮᠲᠤ᠂ ᠬᠢᠵᠢᠭ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ ᠪᠠ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠶᠢᠨ ᠢᠳᠡᠪᠬᠢᠵᠢᠯ ᠢ ᠳᠠᠶᠢᠴᠢᠯᠠᠨ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠳᠤ ᠳᠡᠮᠵᠢᠯᠭᠡ ᠪᠠ ᠪᠠᠲᠤᠯᠠᠭ᠎ᠠ ᠬᠠᠩᠭᠠᠨ᠎ᠠ︾ ᠭᠡᠵᠡᠢ᠃      ᠲᠣᠰ ᠤᠳᠠᠭᠠᠨ ᠤ ᠬᠠᠪᠤᠷ ᠤᠨ ᠤᠯᠠᠷᠢᠯ ᠤᠨ ᠮᠠᠯ ᠤᠨ ᠬᠢᠵᠢᠭ ᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠦᠭᠰᠡᠨ ᠨᠢ ᠲᠡᠵᠢᠭᠡᠨ ᠦᠷᠡᠵᠢᠭᠦᠯᠬᠦ ᠡᠷᠦᠬᠡ ᠶᠢᠨ ᠬᠢᠵᠢᠭ ᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠮᠠᠯ ᠵᠢᠭᠦᠷᠲᠡᠨ ᠤ ᠡᠷᠡᠭᠦᠯ ᠮᠡᠨᠳᠦ ᠶᠢᠨ ᠠᠮᠤᠷ ᠲᠦᠪᠰᠢᠨ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠭᠦᠨ ᠤ ᠬᠠᠮᠲᠤ ᠪᠠᠰᠠ ᠮᠠᠨ ᠤ ᠬᠤᠰᠢᠭᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠣᠳᠠᠲᠠᠢ ᠢᠯᠡᠷᠡᠯ ᠪᠣᠯᠣᠨ᠎ᠠ᠃ ᠠᠳᠡ ᠪᠢᠳᠡ ᠪᠠᠰᠠ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠳᠤ ᠰᠠᠨᠠᠭᠤᠯᠬᠤ ᠨᠢ᠂ ᠬᠠᠪᠤᠷ ᠤᠨ ᠤᠯᠠᠷᠢᠯ ᠪᠣᠯ ᠮᠠᠯ ᠵᠢᠭᠦᠷᠲᠡᠨ ᠤ ᠬᠢᠵᠢᠭ ᠡᠪᠡᠳᠴᠢᠨ ᠤ ᠣᠯᠠᠨ ᠡᠭᠦᠰᠬᠦ ᠬᠤᠭᠤᠴᠠᠭ᠎ᠠ ᠮᠥᠨ᠂ ᠡᠷᠬᠡᠪᠰᠢ ᠬᠢᠵᠢᠭ ᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠵᠢᠭ ᠢ ᠰᠡᠷᠭᠡᠶᠢᠯᠡᠬᠦ ᠠᠵᠢᠯ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠂ ᠮᠠᠯ ᠵᠢᠭᠦᠷᠲᠡᠨ ᠤ ᠠᠰᠢᠭ ᠰᠢᠮ᠎ᠡ ᠶᠢ ᠬᠤᠳᠠᠯᠳᠤᠨ ᠠᠪᠬᠤ ᠳᠠᠭᠠᠨ ᠪᠠᠰᠠ ᠵᠢᠩᠬᠢᠨᠢ ᠠᠷᠭ᠎ᠠ ᠵᠠᠮ ᠢ ᠰᠣᠩᠭᠤᠵᠤ᠂ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠲᠠᠢ ᠮᠠᠯ ᠵᠢᠭᠦᠷᠲᠡᠨ ᠤ ᠠᠰᠢᠭ ᠰᠢᠮ᠎ᠡ ᠶᠢ ᠬᠤᠳᠠᠯᠳᠤᠨ ᠠᠪᠴᠤ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠪᠠᠨ ᠪᠠᠲᠤᠯᠠᠬᠤ ᠬᠡᠷᠡᠭᠲᠡᠢ᠃               ᠵᠣᠬᠢᠶᠠᠭᠴᠢ᠄ ᠴᠢᠮᠡᠭᠡᠯᠡᠭᠴᠢ᠄ ᠹᠧᠩ ᠯᠢ ᠶᠤᠸᠠᠨ᠂ ᠸᠠᠩ ᠱᠦ ᠸᠧᠨ               ᠤᠷᠴᠢᠭᠤᠯᠤᠭᠴᠢ᠄ ᠰᠤᠷᠤᠨ᠎ᠠ               ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号