ᠤᠷᠢᠬᠠᠨ ᠬᠠᠪᠤᠷ ᠲᠦᠮᠡᠨ ᠪᠤᠳᠠᠰ ᠠᠮᠢᠯᠠᠨ ᠠᠮᠢᠳᠤᠷᠠᠳᠠᠭ
ᠨᠡᠶᠢᠲᠡᠯᠡᠭᠰᠡᠨ ᠴᠠᠭ᠄
2024/4/29
   ᠠᠭᠤᠷ ᠠᠮᠢᠰᠭᠤᠯ ᠠᠭᠠᠵᠢᠮ ᠢᠶᠠᠷ ᠲᠤᠯᠠᠭᠠᠷᠠᠬᠤ ᠶᠢ ᠳᠠᠭᠠᠯᠳᠤᠨ᠂ ᠬᠠᠪᠤᠷ ᠤᠨ ᠪᠣᠷᠣᠭᠠᠨ ᠤ ᠬᠤᠭᠤᠴᠠᠭ᠎ᠠ ᠭᠦᠷᠴᠦ ᠢᠷᠠᠪᠡ᠃4 ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠶᠠᠳᠠᠬᠢ ᠤᠳᠠᠭᠠᠨ ᠤ ᠪᠦᠲᠦᠮᠵᠢᠲᠡᠶ ᠪᠣᠷᠣᠭᠠᠨ ᠢ ᠪᠠᠶᠠᠷᠯᠠᠨ ᠤᠭᠲᠤᠵᠤ᠂ ᠤᠳᠠᠭᠠᠨ ᠬᠤᠭᠤᠴᠠᠭ᠎ᠠ ᠬᠦᠰᠡᠨ ᠬᠦᠯᠢᠶᠡᠭᠰᠡᠨ ᠬᠠᠪᠤᠷ ᠤᠨ ᠦᠷ᠎ᠡ  ᠰᠠᠴᠤᠬᠤ ᠦᠢᠯᠡᠰ  ᠠᠮᠢᠵᠢᠷᠠᠯ ᠤᠨ ᠭᠦᠴᠤᠨ ᠢᠶᠠᠷ ᠪᠢᠯᠬᠠᠭᠰᠡᠨ ᠪᠠᠶᠢᠨ᠎ᠠ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠷᠣᠭᠠᠨ ᠣᠷᠣᠬᠤ ᠪᠣᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠭ ᠠᠭᠤᠷ ᠤᠨ ᠲᠣᠪᠴᠢᠶ᠎ᠠ ᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠢᠳᠡᠪᠬᠢᠲᠡᠶ ᠬᠠᠮᠵᠢᠯᠴᠠᠭ᠎ᠠ ᠪᠠᠷ ᠴᠠᠭ ᠲᠤᠬᠠᠶ ᠳᠤᠨᠢ ᠥᠷᠨᠢᠭᠦᠯᠦᠭᠰᠡᠨ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠪᠠ ᠨᠢᠰᠬᠡᠯ ᠢᠶᠠᠷ ᠪᠣᠷᠣᠭᠠᠨ ᠣᠷᠣᠭᠤᠯᠬᠤ ᠠᠵᠢᠯ ᠪᠣᠯᠤᠨ᠎ᠠ᠂ ᠠᠵᠢᠯ ᠤᠨ ᠣᠷᠣᠨ ᠪᠦᠰᠡ ᠨᠢ ᠲᠡᠮᠤᠷᠲᠠᠢ᠂ ᠲᠤᠯᠤᠭᠠᠨᠬᠤᠳᠳᠤᠭ᠂ ᠤᠯᠠᠭᠠᠨᠬᠠᠳᠠ᠂ ᠪᠤᠩᠬᠤᠨ ᠵᠡᠷᠭᠡ ᠭᠠᠵᠠᠷ ᠲᠤ ᠬᠤᠷ᠎ᠠ ᠪᠤᠷᠤᠭᠠᠨ ᠤᠷᠤᠭᠤᠯᠬᠤ ᠠᠵᠢᠯ ᠨᠢ ᠮᠡᠳᠡᠭᠳᠡᠮ᠎ᠡ ᠦᠷ᠎ᠡ ᠪᠦᠳᠤᠮᠵᠢ ᠤᠯᠤᠭᠰᠠᠨ ᠪᠠᠶᠢᠨ᠎ᠠ᠃ 7 ᠤ ᠡᠳᠦᠷ ᠤᠨ 20 ᠴᠠᠭ ᠠᠴᠠ ᠣᠲᠣ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠶᠠᠷ ᠤᠳᠠᠭᠠᠨ ᠤ ᠪᠣᠷᠣᠭᠠᠨ ᠤ ᠬᠡᠮᠵᠢᠶ᠎ᠡ ᠴᠥᠮ 20 ᠮᠢᠯᠢᠮᠧᠲᠷ ᠠᠴᠠ ᠳᠡᠭᠡᠭᠰᠢ ᠳᠤ ᠬᠦᠷᠴᠦ᠂ ᠪᠠᠶᠠᠨᠴᠠᠭᠠᠨ ᠪᠠᠯᠭᠠᠰᠤᠨ ᠤ ᠬᠤᠷ᠎ᠠ ᠲᠣᠨᠣᠳᠠᠰᠤ ᠶᠢᠨ ᠬᠡᠮᠵᠢᠶ᠎ᠡ 33.4 ᠮᠢᠯᠢᠮᠧᠲᠷ ᠲᠤ ᠬᠦᠷᠴᠦ᠂ ᠲᠡᠮᠤᠷᠲᠠᠢ ᠪᠠᠯᠭᠠᠰᠤ ᠨᠡᠶᠢᠲᠡ 23.2 ᠮᠢᠯᠢᠮᠧᠲᠷ ᠲᠤ ᠬᠦᠷᠪᠡ᠃
   ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨᠵᠢᠯᠡᠬᠦ ᠤᠬᠠᠭᠠᠨ ᠤ ᠦᠢᠯᠡᠰ ᠤᠨ ᠬᠥᠭᠵᠢᠯᠲᠡ ᠶᠢᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠲᠤᠰ ᠤᠳᠠᠭᠠᠨ ᠤ ᠪᠤᠷᠤᠭᠠᠨ ᠲᠠᠷᠢᠮᠠᠯ ᠤᠨ ᠴᠢᠬᠢ ᠭᠠᠷᠬᠤ ᠪᠠ ᠲᠠᠷᠢᠬᠤ ᠳᠤ ᠴᠥᠮ ᠵᠠᠩᠭᠢᠯᠠᠭ᠎ᠠ ᠶᠢᠨ ᠴᠢᠨᠠᠷᠲᠠᠶ ᠦᠢᠯᠡᠳᠦᠯ ᠦᠵᠡᠭᠦᠯᠵᠡᠶ᠂ ᠡᠭᠦᠨ ᠤ ᠬᠠᠮᠲᠤ ᠲᠠᠯ᠎ᠠ ᠨᠤᠲᠤᠭ ᠤᠨ ᠨᠣᠭᠤᠭᠠᠷᠠᠭᠤᠯᠤᠯᠲᠠ ᠳᠤ ᠴᠤ ᠵᠣᠬᠢᠬᠤ ᠰᠠᠭᠤᠷᠢ ᠶᠢ ᠲᠠᠯᠪᠢᠵᠤ᠂ ᠡᠨᠡ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠰᠠᠶᠢᠨ ᠬᠤᠷᠢᠶᠠᠯᠲᠠ ᠣᠯᠬᠤ ᠶᠢ ᠬᠦᠰᠡᠵᠦ ᠪᠠᠶᠢᠨ᠎ᠠ ᠭᠡᠵᠡᠶ᠃                                  ᠵᠤᠬᠢᠶᠠᠭᠴᠢ᠄ ᠴᠢᠮᠡᠭᠡᠯᠡᠭᠴᠢ᠄ ᠰᠤᠯᠤᠩᠭ᠎ᠠ᠂ ᠪᠤᠯᠠᠭ                              ᠤᠷᠴᠢᠭᠤᠯᠤᠭᠴᠢ᠄ ᠰᠤᠷᠤᠨ᠎ᠠ                              ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号