ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠩᠬᠢᠯᠲᠦ ᠪᠠᠯᠭᠠᠰᠤ ᠵᠥᠷᠢᠴᠡᠯ ᠢ ᠨᠠᠮᠳᠠᠭᠤᠯᠵᠤ ᠠᠷᠠᠳ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/5/10
   ︽ᠮᠠᠨ ᠤ ᠡᠨᠡ ᠪᠠᠭ᠎ᠠ ᠤᠴᠢᠷ᠂ ᠲᠠ ᠨᠠᠷ ᠲᠤ ᠣᠯᠠᠨ ᠤᠳᠠᠭ᠎ᠠ ᠶᠠᠷᠰᠢᠭ ᠪᠤᠯᠵᠤ ᠪᠠᠶᠢᠨ᠎ᠠ᠃ ᠪᠠᠯᠭᠠᠰᠤᠨ ᠠᠴᠠ ᠠᠰᠠᠭᠤᠳᠠᠯ ᠢ ᠡᠶᠡᠳᠡᠭᠦᠯᠦᠨ ᠰᠢᠢᠳᠪᠦᠷᠢᠯᠡᠵᠤ ᠦᠭᠬᠦᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠲᠠᠨᠤᠰ ᠤᠨ ᠲᠦᠯᠤᠭᠡ ᠦᠷᠡᠭᠳᠡᠯ ᠭᠠᠷᠠᠭᠰᠡᠨ ᠴᠦ ᠪᠢᠲᠡ ᠲᠠᠬᠢᠵᠤ ᠮᠠᠷᠭᠤᠬᠤ ᠦᠭᠡᠢ︾ ᠭᠡᠵᠦ ᠲᠤᠬᠠᠶ ᠶᠢᠨ ᠬᠥᠮᠦᠨ ᠪᠠᠯᠭᠠᠰᠤᠨ ᠤ ᠺᠠᠳ᠋ᠷ ᠤᠨ ᠭᠠᠷ ᠢ ᠪᠠᠷᠢᠵᠤ ᠬᠡᠯᠡᠪᠡ᠃
    ᠬᠤᠩᠭᠢᠯᠲᠦ ᠪᠠᠯᠭᠠᠰᠤᠨ ᠤ ᠭᠤᠸᠠᠩ ᠮᠢᠩ ᠲᠣᠰᠬᠤᠨ ᠤ ᠠᠷᠠᠳ ᠵᠠᠩ ᠣᠪᠣᠭᠲᠤ ᠪᠣᠯᠤᠨ ᠯᠢᠦ ᠣᠪᠣᠭᠲᠤ ᠲᠠᠷᠢᠶᠠᠨ ᠭᠠᠵᠠᠷ ᠳᠠᠭᠠᠭᠠᠴᠢᠯᠠᠭᠰᠠᠨ ᠠᠴᠠ ᠪᠤᠯᠵᠤ ᠬᠤᠭᠤᠷᠤᠨᠲᠦ ᠪᠠᠨ ᠵᠢᠭᠤᠷᠠᠯᠳᠤᠭᠠᠨ ᠡᠭᠦᠰᠴᠦ᠂ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠬᠦ ᠦᠭᠡᠢ᠂ ᠦᠰᠢᠶ᠎ᠡ ᠬᠤᠷᠤᠰᠤᠯ ᠨᠢ ᠭᠦᠨ ᠪᠤᠯᠵᠤ᠂ ᠲᠠᠷᠢᠶᠠᠯᠠᠭ᠎ᠠ ᠶᠢ ᠰᠠᠭᠠᠲᠠᠭᠠᠵᠠᠢ᠃ ᠪᠠᠯᠭᠠᠰᠤᠨ ᠤ ᠤᠳᠤᠷᠢᠳᠤᠯᠭ᠎ᠠ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠰᠡᠳᠬᠢᠯ ᠲᠠᠯᠪᠢᠨ ᠰᠡᠳᠬᠢᠯᠭᠡ ᠪᠠᠷ ᠢᠶᠠᠨ ᠲᠤᠬᠠᠢ ᠶᠢᠨ ᠬᠥᠮᠥᠨ ᠲᠠᠢ ᠲᠠᠬᠢᠨ ᠳᠠᠪᠲᠠᠨ ᠨᠡᠪᠲᠡᠷᠡᠯᠴᠡᠵᠦ᠂ ᠬᠤᠶᠠᠷ ᠲᠠᠯ᠎ᠠ ᠶᠢᠨ ᠦᠵᠡᠯ ᠰᠠᠨᠠᠭᠠᠨ ᠤ ᠠᠵᠢᠯ ᠢ ᠬᠢᠵᠦ᠂ ᠬᠠᠮᠤᠭ ᠡᠴᠦᠰ ᠲᠤ ᠬᠤᠶᠠᠷ ᠬᠥᠮᠦᠨ ᠤ ᠰᠠᠨᠠᠯ ᠨᠢᠭᠡᠳᠴᠦ᠂ ᠭᠠᠷ ᠠᠳᠬᠤᠨ ᠡᠶᠡᠳᠡᠭᠰᠡᠨ ᠪᠠᠶᠢᠨ᠎ᠠ᠃
   ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠪᠠᠭ᠎ᠠ ᠴᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ ᠬᠤᠩᠬᠢᠯᠲᠦ ᠪᠠᠯᠭᠠᠰᠤ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠠᠵᠢᠯ ᠤᠨ ᠵᠣᠷᠢᠯᠲᠠ ᠪᠠ ᠲᠤᠰᠤᠯᠳᠠ ᠪᠣᠯᠭᠠᠬᠤ ᠶᠢ ᠪᠠᠷᠢᠮᠲᠠᠯᠠᠵᠤ᠂ ᠨᠠᠮ ᠵᠠᠰᠠᠭ ᠤᠨ ᠤᠳᠤᠷᠢᠳᠤᠯᠭ᠎ᠠ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ᠂ ᠪᠠᠯᠭᠠᠰᠤ ᠲᠣᠰᠬᠤᠨ ᠤ ᠺᠠᠳ᠋ᠷ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠰᠦᠯᠵᠢᠶᠡᠨ ᠤ ᠬᠠᠮᠢᠶᠠᠷᠤᠭᠴᠢ ᠶᠢᠨ ︽ᠳᠥᠷᠪᠡᠨ ᠱᠠᠲᠤ︾ ᠬᠤᠯᠪᠣᠭᠠᠯᠠᠨ ᠬᠥᠳᠡᠯᠦᠯᠴᠡᠬᠦ᠂ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠵᠡᠷᠭᠡ ᠬᠦᠴᠦᠨ ᠴᠢᠳᠠᠯ ᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠵᠦ᠂ ᠡᠭᠦᠳᠡ ᠪᠠᠨ ᠨᠡᠭᠡᠭᠡᠵᠦ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠵᠢᠭᠰᠠᠭᠠᠯ ᠤᠨ ᠭᠠᠵᠠᠷ ᠢᠶᠠᠨ ᠤᠷᠲᠤᠳᠬᠠᠬᠤ᠂ ᠺᠠᠳ᠋ᠷ ᠬᠡᠷᠡᠭ ᠢ ᠳᠠᠭᠠᠭᠠᠴᠢᠯᠠᠬᠤ᠂ ᠲᠤᠰᠬᠠᠢ ᠠᠩᠭᠢ ᠪᠠᠷ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠡᠳᠬᠢᠯ ᠠᠴᠠ ᠡᠭᠦᠰᠴᠦ᠂ ᠪᠣᠳᠠᠲᠠᠢ ᠠᠳᠬᠤᠵᠤ᠂ ᠤᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠠᠵᠢᠯ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠪᠠ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠰᠢᠢᠳᠪᠦᠷᠢᠯᠡᠪᠡ᠃ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠬᠤᠩᠬᠢᠯᠲᠦ ᠪᠠᠯᠭᠠᠰᠤ ︽ᠹᠧᠩᠴᠢᠶᠤᠤ ᠶᠢᠨ ᠲᠤᠷᠰᠢᠯᠭ᠎ᠠ︾ ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠤᠷᠢᠳᠴᠢᠯᠠᠨ ᠰᠡᠷᠭᠡᠶᠢᠯᠡᠬᠦ᠂ ᠡᠶᠡᠳᠡᠭᠦᠯᠬᠦ ᠳᠤ ᠰᠠᠭᠤᠷᠢᠯᠠᠬᠤ᠂ ᠬᠠᠤᠯᠢ ᠪᠠᠷ ᠵᠠᠰᠠᠬᠤ ᠳᠤ ᠰᠠᠭᠤᠷᠢᠯᠠᠬᠤ᠂ ᠦᠨᠳᠦᠰᠦᠨ ᠱᠠᠲᠤᠨ ᠳᠤ ᠰᠠᠭᠤᠷᠢᠯᠠᠬᠤ᠂ ᠵᠠᠰᠠᠯᠲᠠ ᠶᠢᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠵᠦ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠤᠴᠢᠷ ᠪᠠᠶᠢᠪᠠᠯ ᠰᠠᠶᠢᠲᠤᠷ ᠵᠥᠪᠳᠡᠯᠴᠡᠬᠦ︾ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠤᠯᠠᠨ ᠵᠦᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ︽ᠵᠤᠤᠬ᠎ᠠ ᠶᠢ ᠬᠦᠷᠢᠶᠡᠯᠡᠨ ᠬᠠᠮᠲᠤ ᠪᠠᠷ ᠶᠠᠷᠢᠯᠴᠠᠬᠤ︾ ᠵᠡᠷᠭᠡ ᠤᠯᠠᠨ ᠵᠦᠢᠯ ᠤᠨ ᠬᠡᠷᠡᠭ ᠵᠥᠪᠯᠡᠬᠦ ᠴᠢᠩ ᠦᠨᠡᠨᠴᠢ ᠪᠠᠷ ᠶᠠᠷᠢᠯᠴᠠᠬᠤ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠰᠠᠨᠠᠯ ᠢ ᠤᠭᠲᠤᠬᠤ᠂ ᠠᠰᠠᠭᠤᠯᠲᠠ ᠬᠠᠷᠢᠭᠤᠯᠬᠤ᠂ ᠤᠴᠢᠷ ᠶᠠᠪᠤᠳᠠᠯ ᠬᠠᠷᠢᠭᠤᠯᠬᠤ ᠶᠢ ᠪᠡᠶᠡᠯᠡᠭᠦᠯᠵᠦ᠂ ᠨᠠᠮ ᠤᠨ ᠬᠠᠶᠢᠷ᠎ᠠ ᠬᠠᠯᠠᠮᠵᠢ ᠶᠢ ᠠᠷᠠᠳ ᠤᠯᠠᠨ ᠤ ᠰᠡᠳᠬᠢᠯ ᠳᠤ ᠬᠦᠷᠭᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠪᠣᠯᠤᠨ᠎ᠠ᠃                                 ᠤᠷᠴᠢᠭᠤᠯᠤᠭᠴᠢ᠄ ᠰᠤᠷᠤᠨ᠎ᠠ                               ᠬᠢᠨᠠᠭᠴᠢ᠄ ᠡᠷᠳᠡᠨᠢᠴᠢᠮᠡᠭ
 
ᠢᠷᠡᠯᠲᠡ᠄ ᠬᠤᠩᠭᠢᠯᠲᠤ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号