5 ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠬᠤᠩ ᠳ᠋ᠧ ᠢᠳᠡᠭᠡᠨ ᠤ ᠬᠢᠵᠠᠭᠠᠷᠲᠤ | ᠺᠣᠮᠫᠠᠨᠢ ᠠᠴᠠ ᠣᠢᠯᠠᠭᠠᠵᠤ ᠮᠡᠳᠡᠭᠰᠡᠨ ᠨᠢ᠂ ᠲᠤᠰ ᠺᠣᠮᠫᠠᠨᠢ ᠶᠢᠨ ᠦᠢᠯᠡᠳᠪᠦᠷᠢ ᠶᠢᠨ ᠲᠣᠭᠤᠷᠢᠭ ᠤᠨ ᠭᠠᠵᠠᠷ | ᠳᠣᠣᠷᠠᠬᠢ 410 ᠮᠧᠲᠷ ᠤᠨ ᠳᠣᠲᠣᠷ᠎ᠠ ᠰᠲᠷᠤᠨᠲ ᠭᠡᠯᠪᠡᠷᠢᠲᠦ ᠰᠤᠲᠠ ᠲᠠᠢ ᠤᠰᠤ ᠢᠯᠡᠷᠡᠵᠡᠢ᠂ ᠤᠰᠤᠨ ᠤ | ᠳᠤᠯᠠᠭᠠᠨ ᠨᠢ ᠵᠢᠯ ᠪᠦᠷᠢ 3 - 5 ᠼᠧᠯᠰ ᠤᠨ ᠭᠷᠡᠳᠦ᠋ᠰ ᠲᠤ ᠬᠦᠷᠴᠦ᠂ ᠭᠠᠯᠲᠤ ᠠᠭᠤᠯᠠ ᠶᠢᠨ ᠬᠦᠢᠲᠡᠨ ᠪᠤᠯᠠᠭ | ᠲᠤ ᠬᠠᠷᠢᠶᠠᠯᠠᠭᠳᠠᠵᠤ᠂ ᠤᠰᠤ ᠭᠠᠷᠭᠠᠬᠤ ᠬᠡᠮᠵᠢᠶ᠎ᠡ ᠨᠢ ᠴᠠᠭ ᠪᠦᠷᠢ 150 ᠲᠤᠨ ᠬᠦᠷᠴᠡᠢ᠃ | ᠤᠯᠠᠭᠠᠨᠴᠠᠪ ᠤᠨ ᠲᠠᠯ᠎ᠠ ᠨᠤᠲᠤᠭ ᠤᠨ ᠭᠠᠯᠲᠤ ᠠᠭᠤᠯᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠤᠷᠤᠨ ᠳᠤ ᠪᠠᠶᠢᠷᠢᠯᠠᠵᠤ᠂ ᠥᠪᠡᠷᠮᠢᠴᠡ ᠭᠠᠵᠠᠷ ᠵᠦᠶ ᠶᠢᠨ ᠣᠷᠴᠢᠨ ᠲᠣᠭᠤᠷᠢᠨ ᠪᠠ ᠣᠨᠴᠠᠭᠠᠶ ᠭᠠᠵᠠᠷ | ᠰᠢᠨᠵᠢᠯᠡᠭᠡᠨ ᠤ ᠪᠦᠲᠦᠴᠡ ᠲᠠᠢ ᠪᠠᠶᠢᠵᠤ᠂ ᠭᠠᠵᠠᠷ ᠰᠢᠨᠵᠢᠯᠡᠭᠡᠨ ᠤ ᠴᠡᠴᠡᠷᠯᠢᠭ ᠲᠤ ᠲᠠᠯ᠎ᠠ ᠨᠤᠲᠤᠭ ᠤᠨ ᠭᠠᠯᠲᠤ | ᠠᠭᠤᠯᠠ ᠶᠢᠨ ᠰᠦᠷᠦᠭ᠂ ᠠᠭᠤᠰᠤᠮᠠᠯ ᠴᠢᠯᠠᠭᠤᠯᠢᠭ ᠤᠨ ᠭᠠᠵᠠᠷ ᠤᠨ ᠳᠦᠷᠰᠦ ᠵᠢᠴᠢ ᠬᠠᠰᠢᠭᠳᠠᠮᠠᠯ ᠨᠠᠭᠤᠷ ᠤᠨ | ᠦᠵᠡᠮᠵᠢ ᠠᠴᠠ ᠪᠠᠶᠢᠭᠠᠯᠢ ᠶᠢᠨ ︽ᠭᠠᠯᠲᠤ ᠠᠭᠤᠯᠠ ᠶᠢᠨ ᠮᠦᠽᠧᠶ︾ ᠭᠡᠵᠦ ᠠᠯᠳᠠᠷᠰᠢᠵᠠᠢ᠃ ᠥᠪᠥᠷ ᠮᠣᠩᠭᠤᠯ ᠤᠨ | ᠬᠤᠩ ᠳ᠋ᠧ ᠢᠳᠡᠭᠡᠨ ᠤ ᠬᠢᠵᠠᠭᠠᠷᠲᠤ ᠺᠣᠮᠫᠠᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠤᠩᠬᠤᠨ | ᠪᠠᠯᠭᠠᠰᠤᠨ ᠤ ᠪᠤᠩᠬᠤᠨ ᠲᠣᠰᠬᠤᠨ ᠤ ᠠᠷᠠᠳ ᠤᠨ ᠵᠥᠪᠯᠡᠯ ᠤᠨ ᠢᠦᠢ ᠶᠢᠨ ᠱᠠᠨ ᠲᠣᠰᠬᠤᠨ ᠳᠤ ᠪᠠᠶᠢᠷᠢᠯᠠᠵᠤ᠂ | ᠤᠯᠠᠭᠠᠨᠴᠠᠪ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠠᠴᠠ 20 | ᠺᠢᠯᠤᠮᠧᠲᠷ ᠬᠦᠷᠬᠦ ᠦᠭᠡᠢ ᠪᠠᠶᠢᠨ᠎ᠠ᠃ | ᠮᠠᠲ᠋ᠧᠷᠢᠶᠠᠯ ᠠᠴᠠ ᠦᠵᠡᠪᠡᠯ᠂ ᠬᠦᠢᠲᠡᠨ ᠪᠤᠯᠠᠭ ᠦᠷᠭᠦᠯᠵᠢ ᠬᠠᠯᠠᠭᠤᠨ ᠷᠠᠰᠢᠶᠠᠨ ᠲᠠᠢ ᠳᠠᠭᠠᠯᠳᠤᠨ ᠡᠭᠦᠰᠳᠡᠭ | ᠶᠤᠮ᠂ ᠭᠡᠪᠡᠴᠦ ᠬᠠᠯᠠᠭᠤᠨ ᠷᠠᠰᠢᠶᠠᠨ ᠠᠴᠠ ᠨᠡᠩ ᠬᠤᠪᠣᠷ ᠴᠤᠬᠠᠭ ᠪᠠᠶᠢᠵᠤ᠂ ᠬᠠᠯᠠᠭᠤᠨ ᠷᠠᠰᠢᠶᠠᠨ ᠲᠠᠢ ᠭᠠᠵᠠᠷ ᠨᠢ | ᠯᠠᠪᠲᠠᠢ ᠬᠦᠢᠲᠡᠨ ᠪᠤᠯᠠᠭ ᠪᠠᠶᠢᠳᠠᠭ ᠪᠢᠰᠢ᠂ ᠭᠡᠪᠡᠴᠦ ᠬᠦᠢᠲᠡᠨ ᠪᠤᠯᠠᠭ ᠪᠠᠶᠢᠬᠤ ᠭᠠᠵᠠᠷ ᠣᠷᠣᠨ ᠤ ᠬᠢᠨ ᠡᠩ ᠤᠨ | ᠭᠠᠯᠲᠤ ᠠᠭᠤᠯᠠ ᠶᠢᠨ ᠭᠠᠵᠠᠷ ᠤᠨ ᠢᠯᠴᠢ ᠨᠡᠯᠢᠶᠡᠳ ᠡᠯᠪᠡᠭ ᠪᠠᠶᠢᠳᠠᠭ᠃ ᠬᠦᠢᠲᠡᠨ ᠪᠤᠯᠠᠭ ᠪᠣᠯ ᠭᠠᠯᠲᠤ | ᠠᠭᠤᠯᠠ ᠶᠢᠨ ᠰᠦᠷᠴᠢᠯᠲᠡ ᠶᠢᠨ ᠡᠭᠦᠰᠦᠭᠰᠡᠨ ᠢᠯᠴᠢ ᠶᠢᠨ ᠬᠡᠮᠵᠢᠶ᠎ᠡ ᠨᠢ ᠴᠣᠬᠤᠢ ᠶᠢᠨ ᠴᠢᠯᠠᠭᠤᠯᠢᠭ ᠤᠨ ᠶᠡᠭᠡ | ᠬᠡᠮᠵᠢᠶᠡᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠵᠠᠳᠠᠷᠠᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠤᠰᠤᠨ ᠳᠤ ᠠᠭᠤᠰᠬᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠳᠠᠬᠢᠨᠲᠠ ᠤᠰᠤ ᠠᠴᠠ | ᠢᠯᠭᠠᠷᠠᠭᠤᠯᠬᠤ ᠶᠠᠪᠤᠴᠠ ᠳᠤᠮᠳᠠ ᠤᠰᠤ ᠠᠴᠠ ᠶᠡᠭᠡ ᠬᠡᠮᠵᠢᠶᠡᠨ ᠤ ᠢᠯᠴᠢ ᠶᠢᠨ ᠬᠡᠮᠵᠢᠶ᠎ᠡ ᠶᠢ ᠰᠢᠩᠭᠡᠭᠡᠨ ᠠᠪᠴᠤ᠂ | ᠤᠰᠤᠨ ᠤ ᠳᠤᠯᠠᠭᠠᠨ ᠳᠣᠷᠣᠭᠰᠢᠯᠠᠭᠠᠳ ᠬᠦᠢᠳᠡᠨ ᠪᠤᠯᠠᠭ ᠪᠣᠯᠭᠠᠭᠰᠠᠨ ᠪᠠᠶᠢᠨ᠎ᠠ᠃ | 2014 ᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠤ ᠬᠥᠬᠡᠬᠤᠲᠠ ᠶᠢᠨ ᠠᠭᠤᠷᠬᠠᠢ ᠶᠢᠨ | ᠡᠬᠢ ᠪᠠᠶᠠᠯᠢᠭ ᠲᠤ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠲᠥᠪ ᠪᠠ 2024 ᠣᠨ ᠤ 4 ᠳ᠋ᠦ᠋ᠭᠡᠷ ᠰᠠᠷ᠎ᠠ ᠶᠢᠨ | ᠫᠦ᠋ ᠨᠢ ᠬᠡᠮᠵᠢᠨ ᠰᠢᠯᠭᠠᠬᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠠᠶᠢᠴᠠᠭᠠᠨ | ᠰᠢᠯᠭᠠᠭᠰᠠᠨ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠥᠪᠥᠷ ᠮᠣᠩᠭᠤᠯ ᠤᠨ ᠬᠤᠩ ᠳ᠋ᠧ ᠢᠳᠡᠭᠡᠨ ᠤ | ᠬᠢᠵᠠᠭᠠᠷᠲᠤ ᠺᠣᠮᠫᠠᠨᠢ ᠶᠢᠨ ᠢᠯᠡᠷᠡᠭᠦᠯᠦᠭᠰᠡᠨ ᠰᠲᠷᠤᠨᠲ ᠭᠡᠯᠪᠡᠷᠢᠲᠦ ᠪᠠᠶᠢᠭᠠᠯᠢ ᠶᠢᠨ ᠰᠣᠳᠠ ᠲᠠᠢ ᠤᠰᠤᠨ ᠤ | PHᠬᠡᠮᠵᠢᠭᠳᠡᠯ ᠨᠢ 8.0 ᠬᠦᠷᠴᠦ᠂ ᠨᠡᠭᠦᠷᠡᠰᠦ ᠤᠰᠤᠲᠥ᠋ᠷᠥᠭᠴᠢ ᠶᠢᠨ ᠨᠠᠳ᠋ᠷᠢ ᠶᠢᠨ ᠠᠭᠤᠯᠤᠭᠳᠠᠴᠠ ᠨᠢ | 360mg/L ᠪᠠᠶᠢᠵᠤ᠂ ᠤᠯᠤᠰ ᠤᠨ ᠪᠠᠷᠢᠮᠵᠢᠶ᠎ᠠ ᠶᠢᠨ 340mg/L ᠪᠠᠶᠢᠵᠤ᠂ ᠰᠲᠷᠤᠨᠲ ᠤᠨ | ᠠᠭᠤᠯᠤᠭᠳᠠᠴᠠ ᠨᠢ 0.8mg/L ᠪᠠᠶᠢᠵᠤ᠂ ᠤᠯᠤᠰ ᠤᠨ ᠪᠠᠷᠢᠮᠵᠢᠶ᠎ᠠ ᠶᠢᠨ ᠳᠥᠷᠪᠡᠨ ᠳᠠᠬᠢᠨ ᠪᠠᠶᠢᠵᠤ᠂ | ᠤᠰᠤᠨ ᠳᠤ ᠪᠠᠰᠠ ᠯᠢᠲ᠋ᠢ᠂ ᠺᠠᠯᠼ᠂ ᠮᠠᠭᠨᠢ ᠵᠡᠷᠭᠡ ᠣᠯᠠᠨ ᠵᠦᠢᠯ ᠤᠨ ᠡᠷᠦᠳᠡᠰᠦ ᠠᠭᠤᠯᠤᠭᠳᠠᠵᠤ ᠪᠠᠶᠢᠨ᠎ᠠ᠂ ᠤᠰᠤ | ᠳᠣᠲᠣᠷ᠎ᠠ ᠪᠠᠰᠠ ᠯᠢᠲ᠋ᠢ᠂ ᠺᠠᠯᠼ᠂ ᠮᠠᠭᠨᠢ ᠵᠡᠷᠭᠡ ᠣᠯᠠᠨ ᠵᠦᠢᠯ ᠤᠨ ᠡᠷᠦᠳᠡᠰᠦ ᠠᠭᠤᠯᠤᠭᠳᠠᠵᠤ ᠪᠣᠶ᠂ ᠬᠥᠮᠦᠨ ᠤ | ᠪᠡᠶ᠎ᠡ ᠶᠢᠨ ᠬᠦᠴᠢᠯ ᠱᠦᠯᠲᠦ ᠶᠢᠨ ᠬᠠᠷᠢᠴᠠᠯ ᠢ ᠲᠡᠩᠴᠡᠭᠦᠯᠬᠦ ᠴᠢᠳᠠᠮᠵᠢ ᠲᠠᠢ᠃ | ᠥᠪᠥᠷ ᠮᠣᠩᠭᠤᠯ ᠤᠨ ᠬᠤᠩ ᠳ᠋ᠧ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠮᠠ ᠵᠢᠶᠠ ᠮᠢᠨ | ᠰᠤᠷᠪᠤᠯᠵᠢᠯᠠᠭᠴᠢ ᠳᠤ ᠬᠡᠯᠡᠬᠦ ᠳᠡᠭᠡᠨ᠂ ᠦᠢᠯᠡᠳᠪᠦᠷᠢ ᠶᠢᠨ ᠲᠣᠭᠤᠷᠢᠭ ᠤᠨ ᠣᠶᠢᠷ᠎ᠠ ᠬᠠᠪᠢ ᠶᠢᠨ ᠲᠣᠰᠬᠤᠨ ᠤ | ᠬᠥᠮᠦᠰ ᠨᠡᠯᠢᠶᠡᠳ ᠤᠷᠲᠤ ᠨᠠᠰᠤᠯᠠᠵᠤ᠂ ᠵᠣᠩᠬᠢᠯᠠᠬᠤ ᠣᠯᠠᠨ ᠲᠣᠭᠠᠨ ᠤ ᠨᠠᠰᠤᠲᠠᠨ ᠴᠥᠮ 90 ᠨᠠᠰᠤᠯᠠᠵᠤ᠂ | ᠤᠷᠲᠤ ᠨᠠᠰᠤᠯᠠᠭᠰᠠᠨ ᠰᠢᠯᠲᠠᠭᠠᠨ ᠢ ᠰᠤᠳᠤᠯᠬᠤ ᠳᠠᠭᠠᠨ ᠲᠣᠰᠬᠤᠨ ᠤ ᠡᠷᠭᠢᠨ ᠲᠣᠭᠤᠷᠢᠨ ᠤ ᠤᠰᠤᠨ ᠤ ᠴᠢᠨᠠᠷ ᠲᠤ | ᠪᠠᠶᠢᠴᠠᠭᠠᠯᠲᠠ ᠬᠢᠵᠦ᠂ ᠣᠷᠴᠢᠨ ᠲᠣᠭᠤᠷᠢᠨ ᠤ ᠤᠤᠭᠤᠬᠤ ᠤᠰᠤᠨ ᠤ ᠡᠬᠢ ᠰᠤᠷᠪᠤᠯᠵᠢ ᠨᠢ ᠰᠲᠷᠤᠨᠲ | ᠬᠡᠯᠪᠡᠷᠢ ᠶᠢᠨ ᠪᠠᠶᠢᠭᠠᠯᠢ ᠶᠢᠨ ᠰᠣᠳᠠ ᠲᠠᠢ ᠤᠰᠤ ᠪᠣᠯᠬᠤ ᠶᠢ ᠣᠯᠵᠤ ᠮᠡᠳᠡᠵᠡᠶ᠃ ᠰᠲᠷᠤᠨᠲ ᠠᠭᠤᠯᠤᠭᠰᠡᠨᠤᠰᠤ ᠨᠢ | ᠲᠠᠷᠤᠢ ᠰᠲᠷᠤᠨᠲ ᠠᠭᠤᠯᠠᠳᠠᠭ ᠡᠯᠧᠮᠧᠨ᠋ᠲ ᠲᠠᠢ ᠤᠤᠭᠤᠬᠤ ᠤᠰᠤ ᠲᠠᠢ᠂ ᠬᠡᠷᠪᠡ ᠡᠳᠦᠷ ᠲᠤᠳᠤᠮ ᠵᠣᠬᠢᠬᠤ | ᠬᠡᠮᠵᠢᠶ᠎ᠡ ᠪᠠᠷ ᠤᠰᠤ ᠤᠤᠭᠤᠪᠠᠯ ᠠᠷᠤᠭ ᠶᠠᠰᠤ ᠶᠢ ᠴᠢᠬᠢᠷᠠᠭᠵᠢᠭᠤᠯᠵᠤ᠂ ᠦᠰᠦᠯᠳᠠ ᠪᠤᠶᠢᠵᠢᠯᠳᠠ ᠶᠢ | ᠠᠬᠢᠭᠤᠯᠬᠤ ᠶᠢᠨ ᠬᠠᠮᠳᠤ ᠵᠢᠷᠦᠬᠡ ᠲᠠᠷᠢᠬᠢᠨ ᠤ ᠴᠢᠰᠤᠨ ᠰᠤᠳᠠᠯ ᠢ ᠬᠠᠮᠠᠭᠠᠯᠠᠵᠤ᠂ ᠵᠢᠷᠦᠬᠡ ᠲᠠᠷᠢᠬᠢᠨ ᠤ ᠴᠢᠰᠤᠨ | ᠰᠤᠳᠠᠯ ᠤᠨ ᠡᠪᠡᠳᠴᠢᠨ ᠡᠬᠦᠰᠬᠦ ᠶᠢ ᠪᠠᠭᠠᠰᠬᠠᠬᠤ ᠳᠤ ᠵᠤᠬᠢᠬᠤ ᠬᠡᠮᠵᠢᠶᠡᠨ ᠤ ᠳᠤᠰᠠᠯᠠᠬᠤ ᠦᠢᠯᠡᠳᠤᠯ ᠦᠵᠡᠬᠦᠯᠬᠦ | ᠪᠤᠯᠤᠨ᠎ᠠ᠃ | ᠮᠠ ᠵᠢᠶᠠ ᠮᠢᠨ ᠤ ᠲᠠᠨᠢᠯᠴᠠᠭᠤᠯᠤᠭᠰᠠᠨ ᠢᠶᠠᠷ᠂ ᠤᠲᠤ ᠶᠢᠨ ᠡᠲᠦᠷ ᠭᠠᠷᠬᠤ ᠤᠰᠤᠨ ᠤ ᠬᠡᠮᠵᠢᠶ᠎ᠠ ᠪᠠᠷᠤᠭ | 3600 ᠲᠤᠨ ᠪᠠᠶᠢᠵᠦ᠂ ᠤᠲᠤᠬᠠᠨ ᠤ ᠬᠤᠶᠠᠷ ᠵᠤᠷᠪᠤᠰ ᠦᠢᠯᠡᠳᠪᠦᠷᠢᠯᠡᠯ ᠤᠨ ᠱᠤᠭᠤᠮ ᠤᠨ ᠡᠲᠦᠷ ᠤᠨ | ᠦᠢᠯᠡᠳᠪᠦᠷᠢᠯᠡᠯ ᠤᠨ ᠴᠢᠲᠠᠪᠤᠷᠢ 580 ᠲᠤᠨ ᠬᠦᠷᠴᠡᠢ᠃ ᠡᠨᠡ ᠵᠢᠯ ᠤᠨ ᠪᠣᠯᠵᠣᠭᠰᠠᠨ ᠵᠠᠬᠢᠶᠠᠯᠠᠭ᠎ᠠ ᠨᠢᠭᠡᠨᠲᠡ 5 | ᠬᠠᠭᠤᠳᠠᠰᠤ ᠬᠤᠷᠢᠶᠠᠨ ᠣᠯᠵᠤ᠂ ᠨᠡᠶᠢᠲᠡ 6000 ᠲᠣᠨ ᠬᠦᠷᠪᠡ᠃ ᠲᠠᠷᠠᠭᠠᠴᠢ ᠶᠢᠨ ᠠᠯᠬᠤᠮ ᠳᠤ᠂ | ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | | | | | ᠵᠣᠬᠢᠶᠠᠭᠴᠢ᠄ ᠴᠢᠮᠡᠭᠡᠯᠡᠭᠴᠢ᠄ ᠱᠢ ᠸᠧᠶ ᠷᠠᠨ᠂ ᠴᠢ ᠷᠦᠢ ᠶᠢᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |