ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/14
   5 ᠰᠠᠷ᠎ᠠ ᠶᠢᠨ 13 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧᠦ ᠵᠢᠶᠦ᠋ᠨ ᠢᠦᠶ ᠬᠤᠷᠠᠯ ᠡᠷᠭᠢᠯᠡᠪᠡ᠃ ᠬᠤᠰᠢᠭᠤᠨ ᠤ ᠤᠳᠤᠷᠢᠳᠤᠯᠭ᠎ᠠ ᠵᠠᠩ ᠳ᠋ᠧᠩ ᠹᠧᠩ᠂ ᠷᠧᠨ ᠯᠢ᠂ ᠫᠠᠩ ᠵᠥᠩ᠂ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠡᠯ᠎ᠡ ᠲᠣᠰᠬᠤᠨ ᠤ ᠠᠷᠠᠳ ᠤᠨ ᠵᠥᠪᠯᠡᠯ ᠤᠨ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠶ᠃
   ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽ᠤᠯᠠᠭᠠᠨᠴᠠᠪ ᠬᠤᠲᠠ ᠶᠢᠨ 2024 ᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ︾ ᠢ ᠤᠯᠠᠮᠵᠢᠯᠠᠨ ᠲᠠᠶᠢᠯᠪᠤᠷᠢᠯᠠᠪᠠ︔ ᠬᠠᠮᠢᠶ᠎ᠠ ᠪᠦᠬᠦᠢ ᠰᠤᠮᠤ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠢᠨ ᠲᠣᠰᠬᠤᠨ ᠢ ᠰᠠᠶᠢᠲᠤᠷ ᠬᠦᠴᠦᠷᠬᠡᠭᠵᠢᠭᠦᠯᠬᠦ ᠠᠵᠢᠯ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠡᠷᠭᠡ ᠲᠠᠯ᠎ᠠ ᠪᠠᠷ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ︔ 2024 ᠣᠨ ᠤ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠠᠵᠢᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠡᠭᠦᠷᠭᠡ ᠬᠠᠲᠠᠭᠤ ᠪᠡᠷᠬᠡ ᠶᠤᠮ᠃ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠴᠢᠬᠤᠯᠠ ᠲᠤᠷᠰᠢᠯᠭ᠎ᠠ ᠶᠢ ᠭᠦᠢᠴᠡᠳ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠤ ᠵᠠᠰᠠᠯᠲᠠ ᠶᠢᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠥᠲᠥᠯᠦᠨ ᠳᠠᠭᠠᠭᠤᠯᠵᠤ᠂ ᠰᠢᠨ᠎ᠡ ᠴᠠᠭ ᠦᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠠᠭᠤᠳᠠᠰᠤ ᠶᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠵᠢᠷᠤᠭᠯᠠᠬᠤ ᠬᠡᠷᠡᠭᠲᠡᠶ᠃ ᠡᠭᠦᠨ ᠤ ᠬᠠᠮᠲᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ︽ᠬᠤᠶᠠᠷ ᠢ ᠴᠢᠩᠭᠠᠳᠬᠠᠬᠤ︾ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠠᠵᠢᠯ ᠤᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ︽ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ︽ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠪᠤᠶᠢᠵᠢᠭᠤᠯᠬᠤ᠂ ᠶᠡᠷᠦᠩᠬᠡᠶ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠪᠠᠶᠢᠷᠢ ᠳᠠᠪᠰᠢᠬᠤ ᠶᠢ ᠲᠡᠮᠡᠴᠡᠨ ᠣᠯᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ︾ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠬᠤᠶᠠᠳᠤᠭᠠᠷ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠪᠣᠯᠪᠠᠰᠤᠷᠠᠯ ᠥᠷᠨᠢᠭᠦᠯᠵᠡᠢ᠃                     ᠵᠣᠬᠢᠶᠠᠭᠴᠢ᠄ ᠴᠢᠮᠡᠭᠡᠯᠡᠭᠴᠢ᠄ ᠰᠦᠨ ᠶᠢᠩ᠂ ᠸᠠᠩ ᡁᠢ ᠸᠧᠨ                     ᠤᠷᠴᠢᠭᠤᠯᠤᠭᠴᠢ᠄ ᠰᠤᠷᠤᠨ᠎ᠠ                     ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号