ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠄ ᠠᠩᠬᠠᠳᠤᠭᠠᠷ ᠬᠤᠭᠤᠴᠠᠭᠠᠨ ᠤ ᠤᠯᠠᠭᠠᠨᠴᠠᠪ ᠤᠨ ᠭᠠᠯᠲᠤ ᠠᠭᠤᠯᠠ ᠶᠢᠨ ᠬᠠᠮᠲᠤ ᠶᠢᠨ ᠬᠤᠷᠢᠮ ᠤᠨ ᠬᠦᠳᠡᠯᠬᠡᠬᠡᠨ ᠨᠢ ᠣᠳᠣ ᠨᠡᠷ᠎ᠡ ᠮᠡᠳᠡᠬᠦᠯᠵᠤ ᠪᠠᠶᠢᠨ᠎ᠠ — ᠪᠢᠳᠡ 520 ᠡᠳᠦᠷ ᠤᠨ ᠳᠣᠲᠣᠷ᠎ᠠ ︽ᠲᠦᠮᠡᠨ ᠵᠢᠯ ᠤᠨ ᠭᠠᠯᠲᠤ ᠠᠭᠤᠯᠠᠨ ᠳᠤ ᠲᠦᠮᠡᠨ ᠵᠢᠯ ᠤᠨ ᠬᠠᠶᠢᠷ᠎ᠠ ᠳᠤᠷᠠᠯᠠᠯ︾
ᠨᠡᠶᠢᠲᠡᠯᠡᠭᠰᠡᠨ ᠴᠠᠭ᠄
2024/5/16
   ᠪᠣᠯᠪᠠᠰᠤᠨ ᠰᠢᠨ᠎ᠡ ᠬᠡᠪ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠬᠤᠷᠢᠮ ᠤᠨ ᠶᠠᠪᠤᠳᠠᠯ ᠢ ᠠᠷᠪᠢᠯᠠᠨ ᠭᠠᠮᠨᠠᠵᠤ ᠬᠢᠭᠰᠡᠨ ᠬᠤᠷᠢᠮ ᠤᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠤᠷᠤᠭ ᠤᠨ ᠵᠠᠩ ᠳᠠᠳᠬᠠᠯ ᠤᠨ ᠰᠣᠶᠣᠯ ᠢ ᠲᠠᠰᠤᠷᠠᠯᠲᠠ ᠦᠭᠡᠢ ᠪᠠᠳᠠᠷᠠᠭᠤᠯᠵᠤ᠂ ᠰᠠᠶᠢᠨ ᠰᠠᠶᠢᠬᠠᠨ ᠭᠡᠷ ᠤᠨ ᠰᠤᠷᠲᠠᠯ ᠭᠡᠷ ᠤᠨ ᠰᠤᠷᠭᠠᠯ ᠢ ᠤᠯᠠᠮᠵᠢᠯᠠᠵᠤ᠂ ᠣᠷᠤᠭ ᠬᠤᠷᠢᠮ ᠤᠨ ᠵᠣᠯ ᠵᠢᠷᠭᠠᠯ᠂ ᠭᠡᠷ ᠪᠦᠯᠢ ᠶᠢᠨ ᠡᠶ᠎ᠡ ᠵᠣᠬᠢᠴᠠᠯ ᠢ ᠠᠬᠢᠭᠤᠯᠵᠤ᠂ ᠬᠡᠪ ᠵᠠᠩᠰᠢᠯ ᠢ ᠥᠭᠡᠷᠡᠴᠢᠯᠡᠬᠦ᠂ ᠪᠠᠶᠠᠷ ᠤᠨ ᠶᠠᠪᠤᠳᠠᠯ ᠢ ᠰᠢᠨ᠎ᠡ ᠪᠠᠷ ᠰᠢᠢᠳᠪᠦᠷᠢᠯᠡᠬᠦ᠂ ᠤᠷᠤᠭ ᠤᠨ ᠶᠠᠪᠤᠳᠠᠯ ᠢ ᠳᠥᠭᠦᠮᠴᠢᠯᠡᠬᠦ ᠶᠢ ᠶᠡᠬᠡᠪᠡᠷ ᠰᠠᠨᠠᠭᠠᠴᠢᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠮᠡᠳᠡᠷᠡᠮᠵᠢ ᠶᠢᠨ ᠲᠦᠷᠦᠭᠳᠡᠯ ᠢ ᠳᠡᠭᠡᠭᠰᠢᠯᠡᠭᠦᠯᠵᠦ᠂ ᠪᠦᠬᠦ ᠨᠡᠶᠢᠭᠡᠮ ᠢ ᠬᠦᠳᠦᠯᠦᠨ ᠵᠢᠯᠣᠭᠤᠳᠴᠤ ᠪᠠᠶᠢᠭᠠᠳ ᠪᠣᠯᠪᠠᠰᠤᠨ ᠤᠷᠤᠭ ᠤᠨ ᠬᠠᠶᠢᠷ᠎ᠠ ᠰᠡᠳᠬᠢᠯᠭᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠎ᠡ᠃ 5 ᠰᠠᠷ᠎ᠠ ᠶᠢᠨ 20 ᠤ ᠡᠳᠦᠷ ︽ᠲᠦᠮᠡᠨ ᠵᠢᠯ ᠤᠨ ᠭᠠᠯᠲᠤ ᠠᠭᠤᠯᠠ ᠶᠢᠨ ᠲᠦᠮᠡᠨ ᠵᠢᠯ ᠤᠨ ᠬᠠᠶᠢᠷ᠎ᠠ ᠶᠢ ᠭᠡᠷᠡᠴᠢᠯᠡᠬᠦ︾ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠩᠬᠠᠳᠤᠭᠠᠷ ᠬᠤᠭᠤᠴᠠᠭᠠᠨ ᠤ ᠬᠠᠮᠲᠤ ᠶᠢᠨ ᠬᠤᠷᠢᠮ ᠤᠨ ᠬᠦᠳᠡᠯᠬᠡᠬᠡᠨ ᠥᠷᠨᠢᠭᠦᠯᠪᠡ᠃    ᠤᠷᠢᠭᠰᠠᠨ ᠡᠲᠡᠭᠡᠳ᠄ ᠲᠣᠰ ᠡᠳᠦᠷ ᠠᠴᠠ ᠡᠬᠢᠯᠡᠨ 2024 ᠣᠨ ᠤ 5 ᠰᠠᠷ᠎ᠠ ᠶᠢᠨ 20 ᠤ ᠡᠳᠦᠷ ᠪᠣᠯᠲᠠᠯ᠎ᠠ ᠬᠤᠷᠢᠮ ᠤᠨ ᠦᠨᠡᠮᠯᠡᠯ ᠢᠶᠠᠨ ᠠᠪᠬᠤ ᠪᠠᠷ ᠪᠠᠶᠢᠭ᠎ᠠ ᠰᠢᠨ᠎ᠡ ᠬᠥᠮᠦᠨ ᠪᠤᠶᠤ ᠨᠢᠭᠡᠨᠲᠡ ᠦᠨᠡᠮᠯᠡᠯ ᠠᠪᠤᠭᠰᠡᠨ ᠰᠢᠨ᠎ᠡ ᠬᠥᠮᠦᠨ᠃    ᠨᠡᠷ᠎ᠡ ᠮᠡᠳᠡᠭᠦᠯᠬᠦ ᠴᠠᠭ᠄ ᠲᠣᠰ ᠡᠳᠦᠷ ᠠᠴᠠ ᠡᠬᠢᠯᠡᠨ 2024 ᠣᠨ ᠤ 5 ᠰᠠᠷ᠎ᠠ ᠶᠢᠨ 19 ᠤ ᠡᠳᠦᠷ ︵20 ᠰᠢᠨ᠎ᠡ ᠬᠥᠮᠦᠨ ᠢ ᠤᠷᠢᠵᠤ ᠳᠠᠭᠤᠰᠲᠠᠯ᠎ᠠ ᠮᠡᠳᠡᠭᠦᠯᠦᠨ᠎ᠡ︶     ᠬᠦᠳᠡᠯᠬᠡᠬᠡᠨ ᠤ ᠴᠠᠭ᠄ 2024 ᠣᠨ ᠤ 5 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨᠠᠬᠢ  15᠄ 00 - 17᠄ 00     ᠬᠦᠳᠡᠯᠬᠡᠬᠡᠨ ᠤ ᠠᠭᠤᠯᠭ᠎ᠠ᠄     ᠬᠦᠳᠡᠯᠬᠡᠬᠡᠨ ᠤ ᠲᠤᠬᠠᠶ ᠶᠢᠨ ᠡᠳᠦᠷ ᠰᠢᠨ᠎ᠡ ᠬᠥᠮᠦᠨ ᠴᠠᠬᠠᠷ ᠠᠭᠤᠳᠠᠮ ᠲᠠᠯᠠᠪᠠᠶ ᠶᠢᠨ ᠡᠮᠦᠨ᠎ᠡ ᠡᠭᠦᠳᠡᠨ ᠳᠤ ᠨᠢᠭᠡᠳᠦᠯᠲᠡᠶ ᠪᠠᠷ ᠲᠣᠮᠣ ᠪᠠᠶᠠᠨ ᠠᠴᠠ ᠵᠢᠷᠭᠤᠳᠤᠭᠠᠷ ᠤᠨ ᠬᠦᠷᠲᠡᠯᠡᠬᠢ ᠭᠠᠯᠲᠤ ᠠᠭᠤᠯᠠ ᠶᠢᠨ ᠲᠡᠷᠭᠡᠨ ᠵᠣᠭᠰᠣᠭᠠᠯ ᠳᠤ ᠨᠢᠭᠡᠳᠦᠯᠲᠡᠶ ᠰᠠᠭᠤᠵᠤ᠂ ᠬᠦᠳᠡᠯᠬᠡᠬᠡᠨ ᠤ ᠲᠤᠬᠠᠶ ᠶᠢᠨ ᠲᠠᠯᠠᠪᠤᠷ ᠲᠤ ᠬᠥᠲᠥᠯᠥᠭᠴᠢ ᠠᠴᠠ ᠰᠢᠨ᠎ᠡ ᠬᠥᠮᠦᠨ ᠳᠤ ᠡᠷ᠎ᠡ ᠡᠮ᠎ᠡ ᠬᠤᠶᠠᠭᠤᠯᠠ ᠶᠢᠨ ᠮᠥᠷᠭᠦᠯ ᠵᠣᠯᠭᠠᠯᠲᠠ᠂ ᠾᠧ ᠾᠧ ᠠᠷᠢᠬᠢ ︵ᠤᠮᠳᠠᠭᠠᠨ︶ ᠵᠡᠷᠭᠡ ᠬᠤᠷᠢᠮ ᠤᠨ ᠶᠣᠰᠣᠯᠠᠯ ᠤᠨ ᠶᠣᠰᠣᠯᠠᠯ ᠶᠠᠪᠤᠭᠤᠯᠪᠠ︔ ᠰᠢᠨ᠎ᠡ ᠬᠥᠮᠦᠨ ᠰᠠᠨᠰᠠᠷ ᠤᠨ ᠠᠶᠠᠯᠠᠯ ᠤᠨ ᠬᠤᠪᠴᠠᠰᠤ ᠪᠠᠨ ᠨᠢᠭᠡᠳᠬᠡᠵᠦ᠂ ᠭᠡᠷᠡᠯ ᠵᠢᠷᠤᠭᠴᠢ ᠶᠢ ᠤᠷᠢᠵᠤ ᠰᠢᠨ᠎ᠡ ᠬᠥᠮᠦᠨ ᠳᠤ ᠭᠡᠷᠡᠯ ᠵᠢᠷᠤᠭ ᠲᠠᠲᠠᠭᠤᠯᠵᠤ᠂ ᠲᠦᠮᠡᠨ ᠵᠢᠯ ᠤᠨ ᠭᠠᠯᠲᠤ ᠠᠭᠤᠯᠠᠨ ᠤ ᠲᠦᠮᠡᠨ ᠵᠢᠯ ᠤᠨ ᠬᠠᠶᠢᠷ᠎ᠠ ᠰᠡᠳᠬᠢᠯᠭᠡ ᠶᠢ ᠭᠡᠷᠡᠴᠢᠯᠡᠭᠦᠯᠵᠡᠢ᠃ ᠬᠦᠳᠡᠯᠬᠡᠬᠡᠨ ᠤ ᠡᠳᠦᠷ ᠪᠢᠳᠡ ᠰᠢᠨ᠎ᠡ ᠬᠥᠮᠦᠨ ᠳᠤ ᠦᠨ᠎ᠡ ᠲᠥᠯᠥᠪᠦᠷᠢ ᠦᠭᠡᠢ ᠪᠠᠷ ᠰᠠᠨᠰᠠᠷ ᠤᠨ ᠬᠤᠪᠴᠠᠰᠤ ᠬᠠᠩᠭᠠᠬᠤ ᠶᠢᠨ ᠬᠠᠮᠲᠤ ᠭᠤᠶᠤ ᠰᠠᠶᠢᠬᠠᠨ ᠰᠡᠭᠦᠳᠡᠷ ᠢ ᠪᠡᠯᠡᠭᠯᠡᠬᠦ ᠪᠠᠷ ᠪᠠᠶᠢᠨ᠎ᠠ᠃     ᠬᠦᠳᠡᠯᠬᠡᠬᠡᠨ ᠤ ᠰᠠᠨᠠᠭᠤᠯᠤᠮᠵᠢ᠄ 1.  ᠬᠦᠳᠡᠯᠬᠡᠬᠡᠨ ᠤ ᠬᠤᠭᠤᠴᠠᠭᠠᠨ ᠳᠤ᠂  ᠬᠦᠳᠡᠯᠬᠡᠬᠡᠨ ᠳᠤ ᠣᠷᠣᠯᠴᠠᠭᠰᠠᠳ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠵᠤ᠂  ᠬᠦᠳᠡᠯᠬᠡᠬᠡᠨ ᠤ ᠰᠠᠬᠢᠯᠭ᠎ᠠ ᠪᠠᠲᠤ ᠶᠢ ᠵᠢᠷᠤᠮᠯᠠᠬᠤ ᠬᠡᠷᠡᠭᠲᠡᠶ︔ 2. ᠲᠣᠰ ᠤᠳᠠᠭᠠᠨ ᠤ ᠬᠦᠳᠡᠯᠬᠡᠬᠡᠨ ᠳᠤ ᠶᠠᠮᠠᠷᠪᠠ ᠰᠦᠢᠳᠬᠡᠯ ᠬᠤᠷᠢᠶᠠᠬᠤ ᠥᠬᠡᠶ︔ 3. ᠪᠤᠰᠤᠳ ᠵᠦᠢᠯᠡᠰ ᠲᠤ ᠣᠷᠣᠯᠴᠠᠬᠤ ᠬᠥᠮᠦᠰ ᠤᠨ ᠨᠡᠷᠡᠰ ᠢ ᠲᠣᠭᠲᠠᠭᠠᠭᠰᠠᠨ ᠤ ᠳᠠᠷᠠᠭ᠎ᠠ ᠬᠦᠳᠡᠯᠬᠡᠬᠡᠨ ᠤ ᠸᠢᠴᠠᠲ ᠤᠨ ᠴᠤᠭᠯᠠᠷᠠᠯ ᠳᠤ ᠮᠡᠳᠡᠭᠳᠡᠨ᠎ᠡ︔ 4᠂ ᠲᠣᠰ ᠤᠳᠠᠭᠠᠨ ᠤ  ᠬᠦᠳᠡᠯᠬᠡᠬᠡᠨ ᠤ ᠡᠴᠦᠰ ᠤᠨ ᠲᠠᠶᠢᠯᠪᠤᠷᠢᠯᠠᠬᠤ ᠡᠷᠬᠡ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠲᠤ ᠥᠮᠴᠢᠯᠡᠭᠳᠡᠨ᠎ᠡ᠃    ᠠᠰᠠᠭᠤᠨ ᠯᠠᠪᠯᠠᠬᠤ ᠪᠠᠷ ᠨᠡᠷ᠎ᠡ ᠮᠡᠳᠡᠭᠦᠯᠬᠦ᠄  ᠰᠤᠷᠤᠨ᠎ᠠ 13848441666
   ︵ᠬᠥᠳᠡᠯᠭᠡᠭᠡᠨᠲᠦ ᠸᠢᠴᠠᠲ ᠤᠨ ᠲᠦᠷ ᠴᠠᠭ ᠤᠨ ᠪᠦᠯᠦᠭ ᠲᠤ ᠸᠢᠴᠠᠲ ᠤᠨ ᠴᠤᠭᠯᠠᠷᠠᠯ︶    ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ                                     2024 ᠣᠨ ᠤ 5 ᠰᠠᠷ᠎ᠠ ᠶᠢᠨ 15 ᠤ ᠡᠳᠦᠷ                                   ᠤᠷᠴᠢᠭᠤᠯᠤᠭᠴᠢ᠄ ᠡᠷᠳᠡᠨᠢᠴᠢᠮᠡᠭ                                   ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号