︽5 · 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠤᠯᠠᠭᠠᠨᠴᠠᠪ ᠬᠤᠲᠠ ᠶᠢᠨ ᠭᠤᠤᠯ ᠰᠡᠳᠦᠪᠲᠦ ᠡᠳᠦᠷ ᠤᠨ ᠬᠦᠳᠡᠯᠬᠡᠬᠡᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/20
    5 ᠰᠠᠷ᠎ᠠ ᠶᠢᠨ 19 ᠤ ᠡᠳᠦᠷ᠂ ︽5 · 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠤᠯᠠᠭᠠᠨᠴᠠᠪ ᠬᠤᠲᠠ ᠶᠢᠨ ᠭᠤᠤᠯ ᠰᠡᠳᠦᠪᠲᠦ ᠡᠳᠦᠷ ᠤᠨ ᠬᠦᠳᠡᠯᠬᠡᠬᠡᠨ ᠤᠯᠠᠭᠠᠨᠴᠠᠪ ᠤᠨ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ᠡᠮᠦᠨᠡᠳᠤ ᠵᠤᠭᠠᠴᠠᠭᠰᠠᠳ ᠤᠨ ᠲᠥᠪ ᠲᠤ ᠶᠠᠪᠤᠭᠳᠠᠵᠤ᠂ ᠠᠵᠢᠯᠯᠠᠭ᠎ᠠ ᠨᠢ ︽ᠳᠤᠮᠳᠠᠳᠤ ᠤᠯᠤᠰ ᠢᠶᠠᠷ ᠵᠤᠭᠠᠴᠠᠨ ᠤᠮᠠᠷᠠᠲᠤ ᠬᠢᠯᠢ ᠶᠢ ᠰᠣᠨᠢᠷᠬᠠᠬᠤ ᠪᠠᠷ ᠭᠤᠤᠯ ᠰᠡᠳᠦᠪ ᠪᠣᠯᠭᠠᠪᠠ᠃ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ᠂ ᠬᠤᠲᠠ ᠶᠢᠨ ᠪᠣᠬᠢᠷᠲᠤᠯ ᠥᠬᠡᠶ ᠠᠵᠤ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠰᠢᠤᠢ ᠵᠢᠶ ᠬᠤᠩ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠰᠢᠶᠧ ᠪᠦᠦ ᠯᠢᠨ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠬᠠᠰᠪᠠᠭᠠᠲᠤᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠪᠠᠶ ᠰᠢᠤᠸᠠᠢ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠵᠣᠬᠢᠶᠠᠨ ᠪᠠᠶᠢᠭᠤᠯᠬᠤ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠶᠠᠩ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠳᠤᠷᠢᠳᠤᠯᠭ᠎ᠠ ᠴᠢᠨ ᠳ᠋ᠦᠩ ᠼᠠᠢ᠂ ᠴᠢᠶᠣᠤ ᠰᠢᠶᠣᠤ ᠶᠠᠨ᠂ ᠷᠧᠨ ᠹᠠᠩ᠂ ᠮᠢ ᠶᠢᠦ  ᠬᠦᠳᠡᠯᠬᠡᠬᠡᠨ ᠳᠤ ᠣᠷᠣᠯᠴᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠲᠣᠰ ᠤᠳᠠᠭᠠᠨ ᠤ  ᠬᠦᠳᠡᠯᠬᠡᠬᠡᠨ ᠳᠤ ᠣᠷᠣᠯᠴᠠᠪᠠ᠃
    ᠠᠵᠢᠯᠯᠠᠭ᠎ᠠ ᠨᠢ ︽ᠲᠠᠯ᠎ᠠ ᠨᠤᠲᠤᠭ ᠤᠨ ᠭᠠᠯᠲᠤ ᠠᠭᠤᠯᠠ ᠶᠢ ᠤᠭᠲᠤᠬᠤ ᠳᠠᠭᠤᠤ︾᠂ ︽ᠳᠤᠮᠳᠠᠳᠤ ᠤᠯᠤᠰ ᠤᠨ ᠲᠠᠯ᠎ᠠ ᠨᠤᠲᠤᠭ ᠰᠠᠶᠢᠬᠠᠨ︾ ᠭᠡᠬᠦ ᠢᠷᠠᠭᠤ ᠰᠠᠶᠢᠬᠠᠨ ᠳᠠᠭᠤᠤ ᠪᠥᠵᠢᠭ ᠤᠨ ᠠᠶᠠᠰ ᠳᠤᠮᠳᠠ ᠬᠥᠰᠢᠭᠡ ᠪᠠᠨ ᠰᠡᠬᠦᠪᠡ᠃ ᠲᠣᠰ ᠤᠳᠠᠭᠠᠨ ᠤ ᠠᠵᠢᠯᠯᠠᠭ᠎ᠠ ᠳᠤ ᠬᠥᠳᠡᠯᠮᠦᠷᠢ ᠶᠢᠨ ᠵᠢᠱᠢᠶᠡᠴᠢ᠂ ᠡᠮᠴᠢ ᠰᠤᠪᠢᠯᠠᠭᠴᠢ᠂ ᠲᠦᠷᠭᠡᠨ ᠬᠦᠷᠭᠡᠯᠲᠡ ᠶᠢᠨ ᠠᠵᠢᠯᠲᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠵᠡᠷᠭᠡ ᠬᠥᠮᠦᠰ ᠲᠤ ᠦᠵᠡᠮᠵᠢ ᠶᠢᠨ ᠣᠷᠣᠨ ᠤ ᠡᠭᠦᠳᠡᠨ ᠪᠢᠯᠧᠲ 800 ᠣᠯᠭᠤᠪᠠ︔ ︽ᠪᠣᠯᠪᠠᠰᠤᠨ ᠵᠢᠭᠤᠯᠴᠢᠯᠠᠯ ᠨᠢ ᠤᠯᠠᠭᠠᠨᠴᠠᠪ ᠲᠤ ᠬᠤᠪᠢ ᠨᠡᠮᠡᠬᠦ︾ ᠰᠠᠨᠠᠭᠠᠴᠢᠯᠠᠭ᠎ᠠ ᠭᠠᠷᠭᠠᠪᠠ︔ ᠮᠤᠵᠢ ᠶᠢᠨ ᠱᠠᠲᠤᠨ ᠤ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ - ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠳᠤ ᠢᠷᠠᠭᠤ ᠠᠯᠳᠠᠷ ᠤᠨ ᠦᠨᠡᠮᠯᠡᠯ ᠵᠢᠴᠢ ᠫᠠᠶᠢᠰᠠ ᠢᠯᠡᠷᠬᠡᠶᠢᠯᠡᠯ ᠣᠯᠭᠤᠪᠠ︔ ᠠᠵᠢᠯᠯᠠᠭ᠎ᠠ ᠳᠤ ᠪᠠᠰᠠ ᠬᠠᠷᠢᠯᠴᠠᠨ ᠬᠥᠳᠡᠯᠦᠯᠴᠡᠬᠦ ᠭᠤᠭᠴᠤᠭ᠎ᠠ ᠲᠣᠬᠢᠷᠠᠭᠤᠯᠵᠤ᠂ ᠱᠠᠩᠨᠠᠯ ᠰᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠲᠠᠯᠠᠪᠤᠷ ᠲᠤ ᠠᠵᠠ ᠲᠠᠢ ᠦᠵᠡᠭᠴᠢᠳ ᠲᠤ ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠠᠵᠠ ᠵᠢᠷᠭᠠᠯ ᠤᠨ ᠤᠭᠤᠲᠠ ᠲᠠᠷᠬᠠᠭᠠᠪᠠ᠃
    ᠬᠦᠳᠡᠯᠬᠡᠬᠡᠨ ᠤ ᠡᠴᠦᠰ ᠲᠤ᠂ ᠮᠠᠰᠢᠨᠲᠤ ᠲᠡᠷᠭᠡ ᠬᠥᠳᠡᠯᠬᠦ ᠶᠣᠰᠣᠯᠠᠯ ᠶᠠᠪᠤᠭᠤᠯᠵᠤ᠂ ᠭᠤᠤᠯ ᠰᠡᠳᠦᠪᠲᠦ ᠡᠳᠦᠷ ᠤᠨ ᠠᠵᠢᠯᠯᠠᠭ᠎ᠠ ᠳᠤ ᠣᠷᠣᠯᠴᠠᠭᠰᠠᠳ ᠨᠢᠭᠡᠳᠦᠯᠲᠡᠶ ᠭᠠᠳᠤᠯᠬᠤ ᠲᠡᠷᠭᠡᠨ ᠳᠤ ᠰᠠᠭᠤᠵᠤ᠂ ᠤᠯᠠᠭᠠᠨᠴᠠᠪ ᠤᠨ ᠭᠠᠯᠲᠤ ᠠᠭᠤᠯᠠ ᠶᠢᠨ ᠦᠵᠡᠮᠵᠢ ᠶᠢᠨ ᠣᠷᠣᠨ ᠢ ᠲᠣᠭᠤᠷᠢᠨ ᠦᠵᠡᠪᠡ᠃
    ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠬᠡᠯᠡᠭᠰᠡᠨ ᠨᠢ᠄ ︽ᠲᠣᠰ ᠤᠳᠠᠭᠠᠨ ᠤ ᠬᠦᠳᠡᠯᠬᠡᠬᠡᠨ ᠨᠢ ᠵᠢᠭᠤᠯᠴᠢᠯᠠᠯ ᠤᠨ ᠰᠣᠶᠣᠯ ᠢ ᠳᠡᠯᠭᠡᠷᠡᠭᠦᠯᠵᠦ᠂ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠵᠢᠭᠤᠯᠴᠢᠯᠠᠭᠴᠢᠳ ᠲᠤ ᠪᠠᠶᠠᠯᠢᠭ ᠰᠠᠶᠢᠬᠠᠨ ᠵᠢᠭᠤᠯᠴᠢᠯᠠᠯ ᠤᠨ ᠣᠶᠢᠯᠠᠭᠠᠯᠲᠠ ᠣᠯᠭᠤᠬᠤ ᠶᠢᠨ ᠲᠥᠯᠥᠭᠡ ᠶᠤᠮ᠃ ᠦᠪᠡᠷᠮᠢᠴᠠ ᠤᠨᠴᠠᠯᠢᠭ ᠲᠠᠢ ᠠᠵᠢᠯᠯᠠᠭ᠎ᠠ ᠪᠠᠷ ᠲᠠᠮᠵᠢᠨ᠂ ᠶᠡᠭᠡ ᠬᠡᠮᠵᠢᠶᠡᠨ ᠤ ᠵᠢᠭᠤᠯᠴᠢᠯᠠᠭᠴᠢᠳ ᠢ ᠤᠷᠤᠯᠴᠠᠭᠤᠯᠵᠤ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠦᠪᠡᠷᠮᠢᠴᠡ ᠷᠢᠳᠢ ᠰᠢᠳᠢ ᠶᠢ ᠢᠯᠡᠷᠡᠬᠦᠯᠵᠤ᠂ ᠢᠷᠡᠭᠡᠳᠦᠢ ᠳᠤ ᠪᠢᠳᠡ ᠰᠤᠶᠤᠯ ᠵᠤᠭᠠᠴᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠵᠤᠭᠠᠴᠠᠯ ᠤᠨ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠤᠨ᠎ᠠ︾ ᠭᠡᠪᠡ᠃                   ᠵᠣᠬᠢᠶᠠᠭᠴᠢ᠄ ᠴᠢᠮᠡᠭᠡᠯᠡᠭᠴᠢ᠄ ᠸᠠᠩ ᠱᠤ᠋ ᠸᠧᠨ᠂ ᠯᠦ ᠰᠢᠶᠤᠤ ᠲᠢᠩ᠂ ᠵᠠᠩ ᠸᠧᠶ              ᠤᠷᠴᠢᠭᠤᠯᠤᠭᠴᠢ᠄ ᠡᠷᠳᠡᠨᠢᠴᠢᠮᠡᠭ              ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号