ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠤᠶᠠᠳᠤᠭᠠᠷ ᠤᠳᠠᠭᠠᠨ ᠤ ᠲᠥᠪᠯᠡᠷᠡᠩᠭᠦᠶ ᠰᠥᠨᠢ ᠶᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/31
     ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠲᠣᠪᠤᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ 5 ᠰᠠᠷ᠎ᠠ ᠶᠢᠨ 29 ᠤ ᠡᠳᠦᠷ ᠤᠨ ᠣᠷᠣᠶ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠠᠯ ᠤᠨᠲᠠᠷᠠᠭᠠᠬᠤ ᠦᠢᠯᠡᠴᠢᠯᠡᠭᠡᠨ ᠤ ᠲᠥᠪ᠂ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠢᠴᠢ ᠡᠯ᠎ᠡ ᠨᠡᠶᠢᠭᠡᠮ ᠲᠣᠭᠤᠷᠢᠭ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠰᠥᠨᠢ ᠪᠠᠷ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠣᠳᠣᠬᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠬᠠᠮᠠᠭᠠᠯᠠᠪᠠ᠃
     ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠠᠵᠢᠯᠲᠠᠳ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤᠨ ᠤ ᠲᠠᠰᠤᠯᠭ᠎ᠠ᠂ ᠠᠮᠤᠷ ᠲᠦᠪᠰᠢᠨ ᠭᠠᠷᠬᠤ ᠡᠭᠦᠳᠡ ᠵᠡᠷᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠲᠠᠯᠠᠪᠤᠷ ᠭᠠᠵᠠᠷ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠤᠨ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠬᠠᠮᠢᠶᠠᠷᠴᠤ ᠬᠡᠷᠡᠭᠯᠡᠬᠦ ᠨᠢᠭᠡᠴᠡ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠰᠠᠭᠤᠭᠠᠯᠢ ᠠᠷᠠᠳ ᠤᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ  ᠤᠶᠢᠯᠡ ᠠᠵᠢᠯᠯᠠᠭ᠎ᠠ ᠶᠢ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ᠂ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠣᠰᠣᠭᠠᠷ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ᠂ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠵᠤ ᠳᠡᠶᠢᠯᠬᠦ ᠥᠬᠡᠶ ᠪᠠᠶᠢᠪᠠᠯ᠂ ᠵᠦᠶ ᠵᠣᠬᠢᠰᠲᠠᠶ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠭᠠᠷᠭᠠᠬᠤ ᠶᠢᠨ ᠬᠠᠮᠲᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃
   ︽ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠠᠵᠢᠯ ᠤᠨ ᠳᠤᠮᠳᠠ᠂ ᠰᠦᠯᠵᠢᠶᠡᠨ ᠤ ᠠᠵᠢᠯᠲᠠᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠳᠠᠯᠳᠠ ᠬᠡᠮ ᠢ ᠳᠠᠬᠢᠨ ᠳᠠᠪᠲᠠᠨ ᠤᠬᠠᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠤᠨ ᠠᠮᠤᠷ ᠲᠦᠪᠰᠢᠨ ᠤ ᠰᠡᠷᠡᠮᠵᠢ ᠶᠢᠨ ᠬᠡᠷᠡᠭ ᠢ ᠳᠠᠮᠵᠢᠭᠤᠯᠤᠨ ᠲᠠᠷᠬᠠᠭᠠᠬᠤ ᠶᠢᠨ ᠬᠠᠮᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠬᠤ᠂ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠰᠠᠭᠤᠭᠠᠯᠢ ᠠᠷᠠᠳ ᠢ ᠣᠶᠢᠯᠠᠭᠠᠬᠤ ᠶᠢᠨ ᠬᠠᠮᠲᠤ ᠬᠠᠮᠵᠢᠯᠴᠠᠵᠤ᠂ ᠲᠤᠰ ᠪᠡᠶ᠎ᠡ ᠶᠢᠨ ᠠᠮᠤᠷ ᠲᠦᠪᠰᠢᠨ ᠤ ᠲᠥᠯᠥᠭᠡ᠂ ᠠᠮᠤᠷ ᠲᠦᠪᠰᠢᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠲᠤᠪᠠᠷ ᠡᠭᠦᠳᠬᠦ ᠶᠢ ᠬᠦᠰᠡᠵᠦ ᠪᠠᠶᠢᠨ᠎ᠠ︾ ᠭᠡᠵᠦ ᠨᠡᠶᠢᠭᠡᠮ ᠲᠤᠬᠤᠷᠢᠭ ᠤᠨ ᠨᠢᠭᠡ ᠠᠵᠢᠯᠲᠠᠨ ᠬᠡᠯᠡᠵᠦ ᠪᠠᠶᠢᠨ᠎ᠠ᠃    ᠲᠣᠰ ᠤᠳᠠᠭᠠᠨ ᠤ ᠬᠠᠮᠲᠤᠷᠠᠭᠰᠠᠨ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠪᠠᠷ ᠳᠡᠮᠵᠢᠨ᠂ ᠭᠠᠯ ᠤᠨ ᠭᠠᠮᠰᠢᠭ ᠤᠨ ᠳᠠᠯᠳᠠ ᠬᠡᠮ ᠢ ᠪᠦᠲᠦᠮᠵᠢᠲᠡᠶ ᠠᠷᠢᠯᠭᠠᠵᠤ᠂ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠣᠷᠴᠢᠨ ᠲᠣᠭᠤᠷᠢᠨ ᠢ ᠴᠡᠪᠡᠷᠰᠢᠭᠦᠯᠵᠦ᠂ ᠪᠥᠬᠦ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                                 ᠵᠣᠬᠢᠶᠠᠭᠴᠢ᠄ ᠯᠢᠶᠠᠩ ᠸᠧᠨ ᠯᠦᠩ                               ᠴᠢᠮᠡᠭᠡᠯᠡᠭᠴᠢ᠄  ᠰᠤᠯᠤᠩᠭ᠎ᠠ                               ᠤᠷᠴᠢᠭᠤᠯᠤᠭᠴᠢ᠄ ᠡᠷᠳᠡᠨᠢᠴᠢᠮᠡᠭ                               ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号