2024 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ | ᠬᠡᠪᠯᠡᠯ︶︾ ︵ᠳᠣᠷᠣᠭᠰᠢ ︽ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠲᠣᠭᠲᠠᠴᠠ ᠶᠢ ᠤᠯᠠᠮ ᠨᠢᠭᠡ | ᠠᠯᠬᠤᠮ ᠰᠢᠯᠢᠳᠡᠭᠵᠢᠭᠦᠯᠪᠡ᠃ | ᠨᠢᠭᠡ᠂ ᠶᠠᠭᠤᠨ ᠳᠤ ︽ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠵᠠᠰᠠᠪᠤᠷᠢ ᠣᠷᠣᠭᠤᠯᠬᠤ ᠬᠡᠷᠡᠭᠲᠡᠶ | ᠪᠤᠶ | 2024 ᠣᠨ ᠤ 1 ᠰᠠᠷ᠎ᠠ ᠳᠤ᠂ ᠠᠮᠢ ᠠᠬᠤᠶ ᠣᠷᠴᠢᠨ ᠲᠣᠭᠤᠷᠢᠨ ᠤ ᠶᠠᠮᠤᠨ ︽ᠬᠦᠨᠳᠦ ᠪᠣᠬᠢᠷᠲᠤᠯ ᠲᠠᠢ | ᠴᠠᠭ ᠠᠭᠤᠷ ᠢ ᠠᠷᠭᠠᠴᠠᠭᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠵᠢᠯᠣᠭᠤᠳᠬᠤ | ᠰᠠᠨᠠᠯ︾ ︵ᠠᠭᠠᠷ ᠮᠠᠨᠳᠠᠯ ﹇2020﹈ 6 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠦᠷᠢᠮ ᠢ ᠰᠢᠯᠢᠳᠡᠭᠵᠢᠭᠦᠯᠬᠦ᠂ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠠᠵᠢᠯ ᠢ ᠵᠢᠷᠤᠮᠵᠢᠭᠤᠯᠬᠤ᠂ ᠣᠷᠣᠨ ᠪᠦᠰᠡ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠬᠦᠨᠳᠦ ᠪᠣᠬᠢᠷᠲᠤᠯ ᠲᠠᠢ ᠴᠠᠭ ᠠᠭᠤᠷ ᠢ | ᠠᠷᠭᠠᠴᠠᠭᠠᠬᠤ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠬᠤ ᠵᠡᠷᠭᠡ ᠱᠠᠭᠠᠷᠳᠠᠯᠭ᠎ᠠ ᠶᠢ ᠳᠤᠷᠠᠳᠪᠠ᠃ | ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2020 ᠣᠨ ᠤ | ᠬᠡᠪᠯᠡᠯ︶︾ ᠳᠤ ᠳᠠᠬᠢᠨ ᠵᠠᠰᠠᠪᠤᠷᠢ ᠣᠷᠣᠭᠤᠯᠪᠠ᠃ | ᠬᠤᠶᠠᠷ᠂ ︽ᠪᠠᠴᠢᠮ ᠪᠠᠶᠢᠳᠠᠯ ᠢ ᠠᠷᠭᠠᠴᠠᠬᠤ ᠲᠥᠰᠥᠯ︾ ᠳᠤ ᠶᠠᠮᠠᠷ ᠶᠠᠮᠠᠷ ᠭᠤᠣᠯ ᠠᠭᠤᠯᠭ᠎ᠠ ᠪᠠᠶᠢᠬᠤ ᠪᠣᠢ︖ | | ︽ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠨᠠᠢᠮᠠᠨ ᠬᠡᠰᠡᠭ ᠪᠠᠭᠲᠠᠨ᠎ᠠ᠃ | ᠨᠢᠭᠡᠳᠦᠭᠡᠷ ᠬᠡᠰᠡᠭ ᠨᠢ ᠶᠡᠷᠦᠩᠬᠡᠢ ᠳᠦᠷᠢᠮ ᠪᠣᠯᠣᠨ᠎ᠠ᠃ ᠨᠠᠶᠢᠷᠠᠭᠤᠯᠤᠨ ᠵᠣᠬᠢᠶᠠᠬᠤ ᠵᠣᠷᠢᠯᠭ᠎ᠠ᠂ | ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠪᠡᠯᠡᠳᠬᠡᠯ ᠲᠥᠰᠦᠯ ᠤᠨ ᠰᠢᠰᠲ᠋ᠧᠮ ᠪᠠ | ᠠᠵᠢᠯ ᠤᠨ ᠵᠠᠷᠴᠢᠮ ᠢ ᠲᠣᠳᠣᠷᠬᠠᠶᠢᠯᠠᠪᠠ᠃ | ᠬᠤᠶᠠᠳᠤᠭᠠᠷ ᠬᠡᠰᠡᠭ ᠨᠢ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠪᠣᠯᠤᠨ᠎ᠠ᠃ ᠥᠪᠡᠷᠲᠡᠭᠡᠨ ᠵᠠᠰᠠᠬᠤ | ᠣᠷᠣᠨ ᠤ ᠱᠠᠲᠤᠨ ᠤ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠵᠢᠴᠢ ᠲᠡᠭᠦᠨ ᠤ ᠠᠯᠪᠠᠨ ᠬᠡᠷ ᠤᠨ | ᠪᠦᠷᠢᠯᠳᠦᠬᠦᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠶᠢᠮᠠᠭ ᠬᠤᠲᠠ᠂ ᠬᠤᠰᠢᠭᠤ ᠰᠢᠶᠠᠨ ᠤ | ᠱᠠᠲᠤᠨ ᠤ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠶᠢᠨ ᠪᠦᠷᠢᠯᠳᠦᠬᠦᠨ᠂ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠪᠠ᠃ | ᠭᠤᠷᠪᠠᠳᠤᠭᠠᠷ ᠬᠡᠰᠡᠭ ᠢ ᠤᠷᠢᠳᠴᠢᠯᠠᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠭᠡᠵᠦ ᠬᠤᠪᠢᠶᠠᠨ᠎ᠠ᠃ | ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠵᠥᠪᠳᠡᠯᠴᠡᠬᠦ᠂ ᠤᠷᠢᠳᠴᠢᠯᠠᠨ ᠰᠡᠷᠡᠮᠵᠢᠯᠡᠭᠦᠯᠬᠦ ᠶᠢ ᠲᠠᠰ ᠬᠤᠪᠢᠶᠠᠬᠤ᠂ | ᠣᠷᠣᠨ ᠬᠤᠪᠢᠶᠠᠨ ᠬᠠᠮᠢᠶᠠᠷᠬᠤ᠂ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ᠂ ᠤᠷᠢᠳᠴᠢᠯᠠᠨ ᠰᠡᠷᠡᠮᠵᠢᠯᠡᠭᠦᠯᠬᠦ | ᠲᠠᠰ ᠤᠨ ᠲᠣᠬᠢᠷᠠᠭᠤᠯᠤᠯᠲᠠ ᠬᠢᠬᠦ ᠪᠠ ᠬᠦᠴᠦᠨ ᠥᠬᠡᠶ ᠪᠣᠯᠭᠠᠬᠤ᠂ ᠤᠷᠢᠳᠴᠢᠯᠠᠨ ᠰᠡᠷᠡᠮᠵᠢᠯᠡᠭᠦᠯᠬᠦ ᠶᠢ ᠬᠢᠨᠠᠨ | ᠵᠥᠪᠰᠢᠶᠡᠷᠡᠬᠦ ᠳᠤ ᠬᠠᠮᠢᠶ᠎ᠠ ᠪᠥᠬᠦᠶ ᠲᠣᠭᠲᠠᠭᠠᠯ ᠭᠠᠷᠭᠠᠪᠠ᠃ | ᠳᠥᠷᠪᠡᠳᠦᠭᠡᠷ ᠬᠡᠰᠡᠭ ᠢ ᠪᠠᠴᠢᠮ ᠪᠠᠶᠢᠳᠠᠯ ᠢ ᠠᠷᠭᠠᠴᠠᠭᠠᠬᠤ ᠳᠠᠭᠠᠬᠤ ᠭᠡᠵᠦ ᠬᠤᠪᠢᠶᠠᠨ᠎ᠠ᠃ ᠪᠠᠴᠢᠮ | ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠲᠠᠰ ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠶᠢ | ᠡᠬᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠶᠢ | ᠬᠤᠯᠪᠣᠭᠠᠯᠠᠨ ᠬᠥᠳᠡᠯᠦᠯᠴᠡᠬᠦ᠂ ᠮᠡᠳᠡᠭᠡ ᠵᠠᠩᠭᠢ ᠶᠢ ᠢᠯᠡ ᠪᠣᠯᠭᠠᠬᠤ᠂ ᠪᠠᠴᠢᠮ ᠪᠠᠶᠢᠳᠠᠯ ᠢ ᠠᠷᠭᠠᠴᠠᠬᠤ ᠶᠢ | ᠳᠠᠭᠠᠬᠤ ᠶᠢ ᠵᠣᠭᠰᠣᠭᠠᠬᠤ ᠠᠵᠢᠯ ᠢ ᠲᠣᠳᠣᠷᠬᠠᠶ ᠲᠣᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠪᠠᠴᠢᠮ ᠪᠠᠶᠢᠳᠠᠯ ᠢ | ᠠᠷᠭᠠᠴᠠᠬᠤ ᠶᠢ ᠳᠠᠭᠠᠬᠤ ᠠᠷᠭ᠎ᠠ ᠬᠡᠮᠵᠢᠶ᠎ᠡ ᠶᠢᠨ ᠲᠤᠬᠠᠶ ᠶᠡᠷᠦᠩᠬᠡᠶ ᠱᠠᠭᠠᠷᠳᠠᠯᠭ᠎ᠠ ᠳᠤᠷᠠᠳᠤᠭᠰᠠᠨ ᠪᠥᠭᠡᠳ ᠲᠠᠰ | ᠬᠤᠪᠢᠶᠠᠨ ᠳᠠᠭᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠪᠠ᠃ | ᠲᠠᠪᠤᠳᠤᠭᠠᠷ ᠬᠡᠰᠡᠭ ᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠵᠦ ᠬᠤᠪᠢᠶᠠᠨ᠎ᠠ᠃ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠵᠠᠷᠤᠳᠠᠯ᠂ ᠠᠶᠤᠯᠭᠦᠶ ᠦᠢᠯᠡᠳᠪᠦᠷᠢᠯᠡᠯ᠂ | ᠴᠢᠳᠠᠪᠤᠷᠢ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠᠲᠤᠯᠠᠭ᠎ᠠ ᠶᠢᠨ ᠠᠵᠢᠯ ᠤᠨ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ | ᠵᠢᠷᠭᠤᠳᠤᠭᠠᠷ ᠬᠡᠰᠡᠭ ᠨᠢ ᠪᠡᠯᠡᠳᠬᠡᠯ ᠲᠥᠰᠦᠯ ᠤᠨ ᠬᠠᠮᠢᠶᠠᠷᠤᠯᠲᠠ ᠪᠣᠯᠤᠨ᠎ᠠ᠃ ᠪᠡᠯᠡᠳᠬᠡᠯ ᠲᠥᠰᠦᠯ ᠤᠨ | ᠤᠬᠠᠭᠤᠯᠭ᠎ᠠ᠂ ᠪᠣᠯᠪᠠᠰᠤᠷᠠᠭᠤᠯᠤᠯ ᠰᠣᠷᠢᠯᠲᠠ᠂ ᠪᠡᠯᠡᠳᠬᠡᠯ ᠲᠥᠰᠦᠯ ᠢ ᠳᠠᠩᠰᠠᠯᠠᠭᠤᠯᠬᠤ ᠵᠡᠷᠭᠡ ᠠᠵᠢᠯ ᠤᠨ | ᠱᠠᠭᠠᠷᠳᠠᠯᠭ᠎ᠠ ᠶᠢ ᠲᠣᠳᠣᠷᠬᠠᠶᠢᠯᠠᠪᠠ᠃ | ᠳᠣᠯᠣᠳᠤᠭᠠᠷ ᠬᠡᠰᠡᠭ ᠨᠢ ᠬᠠᠷᠢᠭᠤᠴᠠᠯᠭ᠎ᠠ ᠨᠡᠬᠡᠮᠵᠢᠯᠡᠬᠦ ᠪᠣᠯᠤᠨ᠎ᠠ᠃ ᠬᠦᠨᠳᠦ ᠪᠣᠬᠢᠷᠲᠤᠯ ᠲᠠᠢ ᠴᠠᠭ | ᠠᠭᠤᠷ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ | ᠨᠡᠬᠡᠮᠵᠢᠯᠡᠬᠦ ᠶᠢ ᠲᠣᠳᠣᠷᠬᠠᠶᠢᠯᠠᠪᠠ᠃ | ᠨᠠᠢᠮᠠᠳᠤᠭᠠᠷ ᠬᠡᠰᠡᠭ ᠨᠢ ᠳᠠᠭᠠᠯᠳᠤᠭᠤᠯᠤᠭᠰᠠᠨ ᠳᠦᠷᠢᠮ ᠪᠣᠯᠣᠨ᠎ᠠ᠃ ᠲᠥᠰᠥᠯ ᠬᠡᠷᠡᠭᠵᠢᠭᠦᠯᠬᠦ ᠴᠠᠭ | ᠬᠤᠭᠤᠴᠠᠭᠠᠨ ᠤ ᠲᠤᠬᠠᠢ ᠲᠣᠳᠣᠷᠬᠠᠶᠢᠯᠠᠯᠲᠠ ᠬᠢᠬᠦ ᠬᠡᠷᠡᠭᠲᠡᠢ᠃ | ᠭᠤᠷᠪᠠ᠂ ︽ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠳᠤ ᠨᠡᠮᠡᠯᠲᠡ᠂ | ᠥᠭᠡᠷᠡᠴᠢᠯᠡᠯᠲᠡ ᠣᠷᠣᠭᠤᠯᠪᠠ | ︵ᠨᠢᠭᠡ︶ ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ ᠶᠢ ᠲᠣᠬᠢᠷᠠᠭᠤᠯᠪᠠ | ᠲᠣᠰ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ | ᠨᠡᠮᠡᠵᠦ᠂ ᠰᠢᠷ᠎ᠠ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ︽ᠤᠷᠢᠳᠴᠢᠯᠠᠨ ᠲᠥᠰᠦᠭᠡᠯᠡᠭᠰᠡᠨ | AQI ᠡᠳᠦᠷ ᠤᠨ ᠳᠤᠮᠳᠠᠴᠢ ᠬᠡᠮᠵᠢᠭᠳᠡᠯ︾ ᠤᠨ 200 ᠪᠠᠶᠢᠭᠰᠠᠨ ᠠᠴᠠ ᠨᠢ 2 ᠡᠳᠦᠷ ︵ᠤᠷᠢᠳᠴᠢᠯᠠᠨ | ᠲᠥᠰᠦᠭᠡᠯᠡᠭᠰᠡᠨ ᠡᠳᠦᠷ AQI︶ ᠤ 150 ᠴᠠᠭ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠭᠦᠯᠵᠦ᠂ ᠳᠡᠭᠡᠳᠦ | ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠥᠯᠥ ᠬᠦᠷᠬᠦ ᠴᠠᠭ︾ ᠭᠡᠵᠦ ᠲᠣᠬᠢᠷᠠᠭᠤᠯᠪᠠ︔ ᠤᠯᠠᠪᠤᠷ | ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ︽ᠤᠷᠢᠳᠴᠢᠯᠠᠨ ᠲᠥᠰᠦᠭᠡᠯᠡᠭᠰᠡᠨ ᠡᠳᠦᠷ ᠤᠨ AQI | ᠡᠳᠦᠷ ᠤᠨ ᠳᠤᠮᠳᠠᠴᠢ ᠬᠡᠮᠵᠢᠭᠳᠡᠯ ᠳᠤ ᠬᠦᠷᠬᠦ ᠦᠶ᠎ᠡ︾ ᠭᠡᠵᠦ ᠲᠣᠬᠢᠷᠠᠭᠤᠯᠪᠠ︔ ᠤᠯᠠᠭᠠᠨ ᠥᠩᠭᠡ ᠶᠢᠨ | ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ︽ᠤᠷᠢᠳᠴᠢᠯᠠᠨ ᠲᠥᠰᠦᠭᠡᠯᠡᠭᠰᠡᠨ AQI ᠡᠳᠦᠷ ᠤᠨ ᠳᠤᠮᠳᠠᠴᠢ | ᠬᠡᠮᠵᠢᠭᠳᠡᠯ ᠳᠤ ᠬᠦᠷᠬᠡᠬᠦ ᠦᠶ᠎ᠡ︾︔ ᠡᠭᠦᠨ ᠤ ᠬᠠᠮᠲᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠠᠭ ᠢ | 24 ᠴᠠᠭ ᠤᠨ ᠡᠮᠦᠨ᠎ᠡ ᠨᠡᠶᠢᠲᠡᠯᠡᠵᠦ᠂ 48 ᠴᠠᠭ ᠪᠣᠯᠭᠠᠨ ᠲᠣᠬᠢᠷᠠᠭᠤᠯᠵᠤ᠂ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠬᠦ ᠳᠤ ᠭᠦᠢᠴᠡᠳ ᠪᠡᠯᠡᠳᠬᠡᠯ ᠴᠠᠭ ᠬᠠᠩᠭᠠᠵᠤ᠂ | ᠬᠦᠨᠳᠦ ᠪᠣᠬᠢᠷᠲᠤᠯ ᠲᠠᠢ ᠶᠠᠪᠤᠴᠠ ᠬᠦᠷᠴᠦ ᠢᠷᠡᠬᠦ ᠠᠴᠠ ᠡᠮᠦᠨ᠎ᠡ ᠡᠯ᠎ᠡ ᠵᠦᠢᠯ ᠤᠨ ᠪᠠᠴᠢᠮ ᠪᠠᠶᠢᠳᠠᠯ ᠢ | ᠠᠷᠭᠠᠴᠠᠬᠤ ᠳᠤ ᠳᠠᠭᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠣᠷᠣᠨ ᠬᠤᠪᠢᠶᠠᠨ ᠬᠠᠮᠢᠶᠠᠷᠬᠤ ᠣᠷᠣᠨ ᠢ ᠰᠢᠯᠢᠳᠡᠭᠵᠢᠭᠦᠯᠦᠨ ᠲᠣᠬᠢᠷᠠᠭᠤᠯᠪᠠ᠃ | ᠬᠦᠨᠳᠦ ᠪᠣᠬᠢᠷᠲᠤᠯ ᠲᠠᠢ ᠴᠠᠭ ᠠᠭᠤᠷ ᠢ ᠣᠨᠣᠪᠴᠢᠲᠠᠶ ᠠᠷᠭᠠᠴᠠᠬᠤ ᠶᠢᠨ ᠲᠥᠯᠥᠭᠡ᠂ 2019 ᠤᠨ - 2023 | ᠣᠨ ᠳᠤ ᠡᠯ᠎ᠡ ᠠᠶᠢᠮᠠᠭ ᠬᠤᠲᠠ ᠶᠢᠨ ᠳᠤᠮᠳᠠ ᠵᠡᠷᠭᠡ ᠵᠢᠴᠢ ᠨᠡᠯᠢᠶᠡᠳ ᠶᠡᠭᠡ ᠬᠡᠪᠴᠢᠶᠡᠨ ᠤ ᠪᠣᠬᠢᠷᠲᠤᠯ ᠲᠠᠢ ᠴᠠᠭ | ᠠᠭᠤᠷ ᠢᠯᠡᠷᠡᠭᠰᠡᠨ ᠤᠳᠠᠭ᠎ᠠ ᠵᠢᠴᠢ ᠨᠡᠯᠢᠶᠡᠳ ᠶᠡᠭᠡ ᠬᠡᠪᠴᠢᠶᠡᠨ ᠤ ᠪᠣᠬᠢᠷᠲᠤᠯ ᠤᠨ ᠶᠠᠪᠤᠴᠠ ᠳᠤ ᠬᠠᠮᠢᠶ᠎ᠠ ᠪᠥᠬᠦᠶ | ᠠᠶᠢᠮᠠᠭ ᠬᠤᠲᠠ ᠬᠤᠰᠢᠭᠤ ᠰᠢᠶᠠᠨ ᠳᠤ ᠦᠵᠡᠭᠦᠯᠬᠦ ᠨᠥᠯᠥᠭᠡ ᠶᠢᠨ ᠬᠡᠮᠵᠢᠶ᠎ᠡ ᠶᠢ ᠦᠨᠳᠦᠰᠦᠯᠡᠪᠡᠯ᠂ ᠲᠣᠰ | ᠤᠳᠠᠭᠠᠨ ᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠭᠰᠠᠨ ᠨᠢ 2020 ᠣᠨ ᠤ ᠬᠡᠪᠯᠡᠯ ᠤᠨ ᠪᠡᠯᠡᠳᠬᠡᠯ | ᠲᠥᠰᠦᠯ ᠳᠤ ︽ᠣᠷᠣᠨ ᠪᠦᠰᠡ ᠶᠢᠨ ᠨᠢᠭᠡᠳᠦᠭᠡᠷ᠄ ᠬᠥᠬᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ ᠪᠠ | ᠣᠷᠳᠣᠰ ᠬᠤᠲᠠ ᠶᠢᠨ ᠳᠠᠯᠠᠳ ᠬᠤᠰᠢᠭᠤ᠂ ᠵᠡᠭᠦᠨᠭᠠᠷ ᠬᠤᠰᠢᠭᠤ ᠶᠢ ︽ᠣᠷᠣᠨ ᠪᠦᠰᠡ ᠶᠢᠨ ᠨᠢᠭᠡ ᠶᠢ ᠪᠠᠭᠲᠠᠭᠠᠨ᠎ᠠ᠄ | ᠬᠥᠬᠡᠬᠤᠲᠠ ᠪᠤᠭᠤᠲᠤ ᠬᠤᠲᠠ ᠶᠢᠨ ᠬᠥᠨᠳᠡᠯᠡᠨ ᠲᠣᠭᠤᠷᠢᠭ᠂ ᠴᠢᠩᠱᠠᠨ ᠲᠣᠭᠤᠷᠢᠭ᠂ ᠳ᠋ᠦᠩ ᠾᠧ ᠲᠣᠭᠤᠷᠢᠭ᠂ | ᠵᠢᠦᠶᠤᠸᠠᠨ ᠲᠣᠭᠤᠷᠢᠭ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ᠂ ᠲᠦᠮᠡᠳ ᠪᠠᠷᠠᠭᠤᠨ ᠬᠤᠰᠢᠭᠤ᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ᠂ | ᠦᠶᠤᠸᠠᠨ ᠰᠢᠶᠠᠨ᠂ ᠤᠷᠠᠳ ᠤᠨ ᠡᠮᠦᠨᠡᠲᠦ ᠬᠤᠰᠢᠭᠤ᠂ ᠳ᠋ᠧᠩᠺᠸᠦ ᠰᠢᠶᠠᠨ ᠪᠠ ᠣᠷᠳᠣᠰ ᠬᠤᠲᠠ ᠶᠢᠨ ᠳᠠᠯᠠᠳ | ᠬᠤᠰᠢᠭᠤ᠂ ᠵᠡᠭᠦᠨᠭᠠᠷ ᠬᠤᠰᠢᠭᠤ ᠶᠢ ᠪᠠᠭᠲᠠᠭᠠᠨ᠎ᠠ᠃ ᠡᠭᠦᠨ ᠤ ᠬᠠᠮᠲᠤ ︽ᠣᠷᠣᠨ ᠪᠦᠰᠡ ᠶᠢᠨ ᠭᠤᠷᠪᠠ ᠶᠢ | ᠪᠠᠭᠲᠠᠭᠠᠨ᠎ᠠ᠄ ᠤᠯᠠᠭᠠᠨᠬᠠᠳᠠ ᠬᠤᠲᠠ ᠶᠢᠨ ᠨᠢᠩᠴᠧᠩ ᠰᠢᠶᠠᠨ᠂ ᠶᠤᠸᠠᠨ ᠪᠦᠦ ᠱᠠᠨ ᠲᠣᠭᠤᠷᠢᠭ᠂ ᠰᠦᠩᠱᠠᠨ | ᠲᠣᠭᠤᠷᠢᠭ᠂ ᠬᠤᠩᠱᠠᠨ ᠲᠣᠭᠤᠷᠢᠭ᠂ ᠲᠦᠩᠯᠢᠶᠣᠤ ᠬᠤᠲᠠ ᠶᠢᠨ ᠬᠤᠷᠴᠢᠨ ᠲᠣᠭᠤᠷᠢᠭ᠂ ᠬᠤᠷᠴᠢᠨ ᠵᠡᠭᠦᠨ ᠭᠠᠷᠤᠨ | ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠨᠠᠢᠮᠠᠨ ᠬᠤᠰᠢᠭᠤ᠂ ᠬᠦᠷᠢᠶ᠎ᠡ ᠬᠤᠰᠢᠭᠤ᠂ | ᠺᠠᠶᠢᠯᠦ ᠰᠢᠶᠠᠨ ᠢ ᠪᠠᠭᠲᠠᠭᠠᠨ᠎ᠠ︾᠃ | ︵ᠭᠤᠷᠪᠠ︶ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠴᠤᠪᠤᠷᠠᠯ ᠢ | ᠲᠡᠭᠦᠯᠳᠡᠷᠵᠢᠭᠦᠯᠪᠡ | ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ︽ᠠᠮᠢ ᠠᠬᠤᠶ ᠣᠷᠴᠢᠨ ᠲᠣᠭᠤᠷᠢᠨ ᠤ ᠶᠠᠮᠤᠨ᠂ ᠳᠤᠮᠳᠠᠳᠤ | ᠤᠯᠤᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠶᠡᠷᠦᠩᠬᠡᠶ ᠥᠷᠲᠡᠭᠡ ᠶᠢᠨ ᠣᠷᠣᠨ ᠪᠦᠰᠡ ᠶᠢᠨ | ᠠᠭᠠᠷ ᠤᠨ ᠶᠠᠰᠤ ᠴᠢᠨᠠᠷ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠲᠥᠪ ᠤᠨ ᠣᠷᠣᠨ ᠪᠦᠰᠡ ᠶᠢᠨ ᠪᠠᠴᠢᠮ | ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠵᠦ ᠤᠷᠢᠳᠴᠢᠯᠠᠨ ᠰᠡᠷᠡᠮᠵᠢᠯᠡᠭᠦᠯᠬᠦ ᠰᠠᠨᠠᠭᠤᠯᠤᠮᠵᠢ ᠶᠢᠨ ᠮᠡᠳᠡᠭᠡ | ᠵᠠᠩᠭᠢ ᠲᠠᠢ ᠵᠣᠯᠭᠠᠭᠤᠯᠬᠤ ᠳᠤ᠂ ᠬᠠᠮᠢᠶ᠎ᠠ ᠪᠥᠬᠦᠶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠢ ᠰᠡᠷᠡᠮᠵᠢᠯᠡᠭᠦᠯᠬᠦ ᠰᠠᠨᠠᠭᠤᠯᠤᠮᠵᠢ ᠶᠢᠨ ᠮᠡᠳᠡᠭᠡ ᠵᠠᠩᠭᠢ ᠶᠢ ᠦᠨᠳᠦᠰᠦᠯᠡᠨ᠂ ᠤᠷᠢᠳᠴᠢᠯᠠᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠤᠷᠢᠳᠴᠢᠯᠠᠨ ᠰᠡᠷᠡᠮᠵᠢᠯᠡᠭᠦᠯᠬᠦ ᠲᠠᠰ ᠪᠠ ᠪᠠᠴᠢᠮ ᠪᠠᠶᠢᠳᠠᠯ ᠢ | ᠠᠷᠭᠠᠴᠠᠬᠤ ᠳᠤ ᠳᠠᠭᠠᠬᠤ ᠴᠠᠭ ᠢ ᠲᠤᠬᠠᠶ ᠶᠢᠨ ᠭᠠᠵᠠᠷ ᠤᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠦᠷ᠎ᠡ | ᠳ᠋ᠦᠩ ᠢ ᠦᠨᠳᠦᠰᠦᠯᠡᠨ ᠲᠣᠭᠲᠠᠭᠠᠬᠤ ᠬᠡᠷᠡᠭᠲᠡᠶ︾ ᠭᠡᠵᠦ ᠨᠡᠮᠡᠵᠦ᠂ ᠣᠷᠣᠨ ᠪᠦᠰᠡ ᠶᠢᠨ ᠪᠠᠴᠢᠮ ᠪᠠᠶᠢᠳᠠᠯ ᠢ | ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠬᠦ ᠱᠠᠭᠠᠷᠳᠠᠯᠭ᠎ᠠ ᠶᠢ ᠲᠡᠭᠦᠯᠳᠡᠷᠵᠢᠭᠦᠯᠪᠡ᠃ | ︵ᠲᠦᠷᠪᠡ︶ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠵᠢᠷᠤᠮᠵᠢᠭᠤᠯᠪᠠ | 1. ︽ᠣᠽᠣᠨ ︵ O₃︶ ᠤ ᠪᠣᠬᠢᠷᠲᠤᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ︾ ᠤᠨ | ᠠᠷᠭ᠎ᠠ ᠬᠡᠮᠵᠢᠶ᠎ᠡ ᠠᠪᠬᠤ ᠴᠢᠬᠤᠯᠠᠲᠠᠶ ᠡᠷᠡᠭᠦᠯ ᠮᠡᠨᠳᠦ ᠶᠢᠨ ᠬᠠᠮᠠᠭᠠᠯᠠᠯᠲᠠ᠂ ᠰᠠᠨᠠᠭᠠᠴᠢᠯᠠᠭ᠎ᠠ ᠶᠢᠨ ᠴᠢᠨᠠᠷᠲᠠᠶ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠴᠢ ᠠᠯᠪᠠᠳᠠᠯᠭ᠎ᠠ ᠶᠢᠨ ᠴᠢᠨᠠᠷᠲᠠᠶ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠨᠥᠬᠦᠪᠥᠷᠢᠯᠡᠨ᠎ᠡ᠃ | 2. ᠵᠦᠷᠢᠶᠡᠴᠢᠯᠡᠭᠰᠡᠨ ᠲᠠᠰ ᠬᠤᠪᠢᠶᠠᠬᠤ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠥᠬᠦᠪᠥᠷᠢᠯᠡᠵᠦ᠂ ︽ | ᠵᠦᠷᠢᠶᠡᠴᠢᠯᠡᠭᠰᠡᠨ ᠲᠠᠰ ᠬᠤᠪᠢᠶᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ A ᠳᠡᠰ ᠤᠨ ᠪᠠᠷᠢᠮᠵᠢᠶ᠎ᠠ ᠳᠤ ᠬᠦᠷᠦᠭᠰᠡᠨ | ᠠᠵᠤ ᠠᠬᠤᠢᠯᠠᠯ ᠳᠤ ᠪᠣᠯ ᠵᠠᠷᠴᠢᠮ ᠳᠡᠭᠡᠷ᠎ᠡ ᠪᠠᠨ ᠦᠢᠯᠡᠳᠪᠦᠷᠢᠯᠡᠬᠦ ᠶᠢ ᠨᠢ ᠵᠣᠭᠰᠣᠭᠠᠬᠤ ᠪᠤᠶᠤ | ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠥᠬᠡᠢ᠃ | | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |