ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠠᠭᠠᠨᠴᠠᠪ ᠤᠨ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ︽ᠠᠷᠠᠯ ᠤᠨ ᠱᠠᠷ︾ ᠤᠨ ᠬᠠᠤᠯᠢ ᠪᠤᠰᠤ ᠪᠠᠷ ᠪᠢᠯᠧᠲ ᠰᠠᠷᠢᠭᠠᠯᠠᠭᠰᠠᠨ ᠠᠵᠢᠯᠯᠠᠭ᠎ᠠ ᠳᠤ ᠬᠦᠴᠦᠲᠡᠢ ᠴᠣᠬᠢᠯᠲᠠ ᠥᠭᠪᠡ
ᠨᠡᠶᠢᠲᠡᠯᠡᠭᠰᠡᠨ ᠴᠠᠭ᠄
2024/5/7
     ︽5.1︾ ᠤ ᠠᠮᠠᠷᠠᠯᠲᠠ ᠶᠢᠨ ᠬᠤᠭᠤᠴᠠᠭᠠᠨ ᠳᠤ ᠤᠯᠠᠭᠠᠨᠴᠠᠪ ᠤᠨ ᠭᠠᠯᠲᠤ ᠠᠭᠤᠯᠠ ᠶᠢᠨ ᠦᠵᠡᠮᠵᠢ ᠶᠢᠨ ᠣᠷᠣᠨ ᠳᠤ ᠠᠶᠠᠨᠴᠢᠳ ᠤᠨ ᠴᠤᠪᠤᠷᠠᠯ ᠤᠨ ᠣᠷᠭᠢᠯ ᠪᠣᠯᠵᠤ᠂ ᠣᠨᠴᠠ ᠵᠠᠷᠢᠮ ᠬᠠᠤᠯᠢ ᠪᠤᠰᠤ ᠬᠥᠮᠥᠰ ᠬᠡᠲᠦ ᠠᠰᠢᠭ ᠣᠯᠬᠤ ᠶᠢᠨ ᠲᠥᠯᠥᠭᠡ᠂ ᠦᠵᠡᠮᠵᠢ ᠶᠢᠨ ᠣᠷᠣᠨ ᠤ ᠬᠤᠪᠢ ᠶᠢᠨ ᠮᠠᠰᠢᠨ ᠲᠡᠷᠭᠡᠨ ᠤ ᠪᠢᠯᠧᠲ ᠢ ᠬᠤᠷᠠᠮᠳᠤᠭᠤᠯᠤᠨ ᠳᠠᠷᠤᠵᠤ ᠰᠠᠷᠢᠭᠠᠯᠠᠭᠠᠳ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠦᠨᠳᠦ ᠨᠣᠴᠢᠲᠠᠢ ᠰᠠᠮᠠᠭᠤᠷᠠᠭᠤᠯᠵᠤ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠨ᠎ᠠ᠃ ᠡᠨᠡᠬᠦ ᠦᠵᠡᠭᠳᠡᠯ ᠳᠤ ᠴᠢᠭᠯᠡᠭᠦᠯᠦᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠬᠦᠴᠦᠨ ᠢᠶᠠᠨ ᠦᠳᠲᠡᠷ ᠲᠦᠷᠭᠡᠨ ᠬᠥᠳᠡᠯᠭᠡᠵᠦ᠂ ᠴᠠᠭᠳᠠᠭ᠎ᠠ ᠨᠠᠷ ᠬᠠᠯᠠᠰᠢᠷᠠᠯ ᠦᠭᠡᠢ ᠲᠣᠭᠤᠷᠢᠨ ᠪᠠᠶᠢᠴᠠᠭᠠᠵᠤ ᠮᠥᠷᠯᠡᠨ ᠪᠠᠶᠢᠴᠠᠭᠠᠭᠰᠠᠨ ᠤ ᠲᠠᠷᠠᠭ᠎ᠠ᠂ ᠵᠤᠭᠠᠴᠠᠭᠰᠠᠳ ᠤᠨ ᠲᠥᠪ ᠤᠨ ᠲᠡᠷᠭᠡᠨ ᠵᠣᠭᠰᠣᠭᠠᠯ ᠳᠤ ᠬᠤᠪᠢ ᠶᠢᠨ ᠮᠠᠰᠢᠨ ᠲᠡᠷᠭᠡᠨ ᠤ ᠪᠢᠯᠧᠲ ᠰᠠᠷᠢᠭᠠᠯᠠᠵᠤ ᠪᠠᠶᠢᠭᠰᠠᠨ ᠸᠠᠩ ᠣᠪᠣᠭᠲᠤ ᠶᠢ ᠲᠤᠬᠠᠢ ᠶᠢᠨ ᠲᠠᠯᠠᠪᠠᠢ ᠳᠤ ᠪᠠᠷᠢᠪᠴᠢᠯᠠᠪᠠ᠃
     ᠣᠳᠣᠬᠠᠨ ᠳᠤ᠂ ᠬᠠᠤᠯᠢ ᠶᠢ ᠵᠥᠷᠢᠴᠡᠭᠰᠡᠨ ᠰᠡᠵᠢᠭᠲᠡᠨ ᠸᠠᠩ ᠣᠪᠣᠭᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢ ᠵᠥᠷᠢᠴᠡᠭᠰᠡᠨ ᠠᠴᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠸᠠᠩ ᠣᠪᠣᠭᠲᠤ ᠳᠤ ᠬᠠᠤᠯᠢ ᠶᠣᠰᠣᠭᠠᠷ ᠠᠷᠪᠠᠨ ᠡᠳᠦᠷ ᠵᠠᠰᠠᠭ ᠵᠠᠬᠢᠷᠭᠠᠨ ᠢᠶᠠᠷ ᠲᠦᠷ ᠬᠤᠷᠢᠬᠤ ᠵᠠᠰᠠᠭ ᠵᠠᠬᠢᠷᠭᠠᠨ ᠤ ᠰᠢᠢᠳᠬᠡᠯ ᠥᠭᠴᠦ᠂ ᠤᠯᠠᠭᠠᠨᠬᠠᠳᠠ ᠶᠢᠨ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ᠰᠠᠶᠢᠨ ᠰᠠᠶᠢᠬᠠᠨ ᠡᠮᠬᠢ ᠳᠢᠭᠯᠢᠮ ᠢ ᠬᠦᠴᠦᠲᠡᠢ ᠬᠠᠮᠠᠭᠠᠯᠠᠨ᠂ ᠠᠷᠠᠳ ᠣᠯᠠᠨ ᠤ ᠠᠮᠤᠷ ᠲᠦᠪᠰᠢᠨ ᠪᠠᠶᠠᠷ ᠬᠥᠷ ᠲᠠᠢ ᠪᠠᠷ ᠵᠤᠭᠠᠴᠠᠬᠤ ᠳᠤ ᠰᠠᠶᠢᠨ ᠰᠠᠶᠢᠬᠠᠨ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠭᠰᠡᠨ ᠪᠠᠶᠢᠨ᠎ᠠ᠃      ᠴᠠᠭᠳᠠᠭᠠᠨ ᠤ ᠲᠠᠯ᠎ᠠ ᠶᠢᠨ ᠬᠢᠨ ᠰᠠᠨᠠᠭᠤᠯᠤᠭᠰᠠᠨ ᠨᠢ᠄ ᠦᠵᠡᠮᠵᠢ ᠶᠢᠨ ᠣᠷᠣᠨ ᠤ ᠡᠭᠦᠳᠡᠨ ᠪᠢᠯᠧᠲ ᠪᠠ ᠲᠡᠷᠭᠡᠨ ᠪᠢᠯᠧᠲ ᠢ ᠰᠠᠷᠢᠭᠠᠯᠠᠬᠤ ᠪᠣᠯ ᠬᠠᠤᠯᠢ ᠶᠢ ᠵᠥᠷᠢᠴᠡᠭᠰᠡᠨ ᠠᠵᠢᠯᠯᠠᠭ᠎ᠠ ᠮᠥᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠣᠭᠲᠣ ᠠᠭᠤᠴᠢᠯᠠᠬᠤ ᠦᠭᠡᠢ︾ ᠣᠪᠣᠷ ᠢ ᠢᠮᠠᠭᠲᠠ ᠪᠠᠷᠢᠮᠲᠠᠯᠠᠵᠤ᠂ ᠴᠢᠩᠭ᠎ᠠ ᠴᠣᠬᠢᠯᠲᠠ ᠥᠭᠴᠦ᠂ ᠬᠦᠴᠦᠲᠡᠢ ᠴᠡᠭᠴᠡᠯᠡᠨ ᠵᠠᠰᠠᠵᠤ᠂ ︽ᠠᠷᠠᠯ ᠤᠨ ᠱᠠᠷ︾ ᠤᠨ ᠬᠠᠤᠯᠢ ᠪᠤᠰᠤ ᠠᠵᠢᠯᠯᠠᠭ᠎ᠠ  ᠶᠢ ᠪᠦᠲᠦᠮᠵᠢᠲᠡᠶ ᠬᠤᠷᠢᠭᠯᠠᠨ ᠵᠣᠭᠰᠣᠭᠠᠵᠤ᠂ ᠤᠯᠠᠭᠠᠨᠴᠠᠪ ᠤᠨ ᠭᠠᠯᠲᠤ ᠠᠭᠤᠯᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠪᠠ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠥᠷᠭᠡᠨ ᠣᠯᠠᠨ ᠵᠤᠭᠠᠴᠠᠭᠰᠠᠳ ᠲᠤ ᠤᠯᠠᠭᠠᠨᠴᠠᠪ ᠤᠨ ᠭᠠᠯᠲᠤ ᠠᠭᠤᠯᠠ ᠪᠠᠷ ᠵᠤᠭᠠᠴᠠᠬᠤ ᠪᠠᠷ ᠢᠷᠡᠬᠦ ᠶᠢ ᠰᠠᠨᠠᠭᠤᠯᠬᠤ ᠳᠠᠭᠠᠨ᠂ ᠶᠠᠪᠤᠵᠤ ᠰᠠᠭᠤᠬᠤ ᠲᠥᠯᠦᠪᠵᠢᠭᠦᠯᠭᠡ ᠪᠠᠨ ᠤᠷᠢᠳᠴᠢᠯᠠᠨ ᠰᠠᠶᠢᠲᠤᠷ ᠬᠢᠵᠦ᠂ ᠦᠵᠡᠮᠵᠢ ᠶᠢᠨ ᠣᠷᠣᠨ ᠤ ᠬᠤᠯᠪᠣᠭᠳᠠᠯ ᠪᠦᠬᠦᠢ ᠲᠡᠷᠭᠡᠨ ᠪᠢᠯᠧᠲ ᠢ ᠤᠷᠢᠳᠴᠢᠯᠠᠨ ᠪᠣᠯᠵᠣᠵᠤ ᠬᠤᠳᠠᠯᠳᠤᠨ ᠠᠪᠬᠤ ᠳᠦᠷᠢᠮ ᠢ ᠭᠦᠢᠴᠡᠳ ᠣᠶᠢᠯᠠᠭᠠᠵᠤ᠂ ᠡᠷᠬᠡᠪᠰᠢ ᠵᠢᠩᠬᠢᠨᠢ ᠠᠷᠭ᠎ᠠ ᠵᠠᠮ ᠢᠶᠠᠷ ᠪᠢᠯᠧᠲ ᠢ ᠤᠷᠢᠳᠴᠢᠯᠠᠨ ᠬᠤᠳᠠᠯᠳᠤᠨ ᠠᠪᠬᠤ ᠬᠡᠷᠡᠭᠲᠡᠢ᠂ ᠬᠡᠷᠪᠡ ᠮᠠᠳᠠᠭ ᠲᠠᠢ ᠪᠣᠯ ᠦᠵᠡᠮᠵᠢ ᠶᠢᠨ ᠣᠷᠣᠨ ᠤ ᠠᠵᠢᠯᠲᠠᠨ ᠠᠴᠠ ᠠᠰᠠᠭᠤᠨ ᠯᠠᠪᠯᠠᠵᠤ ᠪᠣᠯᠣᠨ᠎ᠠ᠂ ᠦᠨᠡᠮᠯᠡᠯ ᠦᠭᠡᠢ ᠪᠠᠷ ᠵᠤᠭᠠᠴᠠᠬᠤ ᠬᠤᠳᠠᠯᠳᠤᠭᠠᠴᠢᠨ ᠪᠤᠶᠤ ︽ᠠᠷᠠᠯ ᠤᠨ ᠱᠠᠷ︾ ᠤᠨ ᠣᠨᠴᠠᠭᠠᠶ ᠠᠷᠭ᠎ᠠ ᠵᠠᠮ ᠢᠶᠠᠷ ᠪᠢᠯᠧᠲ ᠬᠤᠳᠠᠯᠳᠤᠨ ᠠᠪᠬᠤ ᠠᠮᠠᠯᠠᠯᠲᠠ ᠶᠢ ᠶᠠᠭᠠᠬᠢᠭᠰᠠᠨ ᠴᠤ ᠢᠲᠡᠭᠡᠵᠦ ᠪᠣᠯᠬᠤ ᠦᠭᠡᠢ᠂ ᠲᠣᠰ ᠪᠡᠶ᠎ᠡ ᠶᠢᠨ ᠮᠡᠳᠡᠭᠡ ᠵᠠᠩᠭᠢ ᠵᠠᠳᠠᠷᠠᠬᠤ ᠪᠤᠶᠤ ᠡᠳ᠋ ᠬᠥᠷᠥᠩᠭᠡ ᠬᠤᠬᠢᠷᠠᠯ ᠳᠤ ᠤᠴᠠᠷᠠᠬᠤ ᠠᠴᠠ ᠵᠠᠶᠢᠯᠠᠰᠬᠢᠬᠦ ᠬᠡᠷᠡᠭᠲᠡᠢ᠃ ᠬᠡᠷᠪᠡ ᠬᠤᠯᠪᠣᠭᠳᠠᠯ ᠪᠦᠬᠦᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠢ ᠳᠤᠨᠢ 110 ᠤᠲᠠᠰᠤ ᠪᠠᠷ ᠴᠠᠭᠳᠠᠭ᠎ᠠ ᠳᠤ ᠮᠡᠳᠡᠭᠦᠯᠵᠦ᠂ ᠮᠡᠬᠡᠯᠡᠭᠳᠡᠵᠦ᠂ ᠵᠢᠭᠤᠯᠴᠢᠯᠠᠯ ᠤᠨ ᠥᠩᠭᠡᠷᠡᠯᠲᠡ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃                                ᠤᠷᠴᠢᠭᠤᠯᠤᠭᠴᠢ᠄ ᠰᠤᠷᠤᠨ᠎ᠠ                              ᠬᠢᠨᠠᠭᠴᠢ᠄ ᠡᠷᠳᠡᠨᠢᠴᠢᠮᠡᠭ
 
ᠢᠷᠡᠯᠲᠡ᠄ ᠪᠠᠶᠠᠨᠴᠠᠭᠠᠨ ᠲᠣᠮᠢᠯᠠᠭᠰᠠᠨ ᠰᠠᠯᠪᠤᠷᠢ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号