ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︽ᠬᠥᠮᠦᠯᠢᠭ ᠵᠣᠷᠢᠭ ᠰᠠᠨᠠᠭ᠎ᠠ  ᠡᠭᠦᠷᠢᠲᠡ ᠤᠷᠤᠰᠢᠨ ᠲᠤᠭᠲᠠᠨᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/9
   77 ᠳ᠋ᠤᠭᠠᠷ ᠳᠡᠯᠡᠬᠡᠢ ᠶᠢᠨ ᠤᠯᠠᠭᠠᠨ ᠵᠠᠭᠠᠯᠮᠠᠶᠢᠲᠠᠨ ᠤ ᠡᠳᠦᠷ ᠢ ᠤᠭᠲᠤᠬᠤ ᠶᠢᠨ ᠲᠥᠯᠥᠭᠡ᠂ 5 ᠰᠠᠷ᠎ᠠ ᠶᠢᠨ 8 ᠤ ᠡᠳᠦᠷ᠂ ᠴᠠᠬᠠᠷ ᠪᠠᠷᠠᠭᠤᠨ ᠭᠠᠷᠤᠨ ᠬᠤᠢᠲᠤ ᠬᠤᠰᠢᠭᠤᠨ ᠤ ᠤᠯᠠᠭᠠᠨ ᠵᠠᠭᠠᠯᠮᠠᠢᠳᠠᠨ ᠤ ᠨᠡᠢᠭᠡᠮᠯᠢᠭ ᠴᠠᠬᠠᠷ ᠠᠭᠤᠳᠠᠮ ᠲᠠᠯᠠᠪᠠᠢ ᠳᠤ ︽ᠬᠥᠮᠦᠯᠢᠭ ᠵᠣᠷᠢᠭ ᠰᠠᠨᠠᠭ᠎ᠠ  ᠡᠭᠦᠷᠢᠲᠡ ᠤᠷᠤᠰᠢᠨ ᠲᠤᠭᠲᠠᠨᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠥᠷᠨᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠵᠧᠨ ᠯᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠰᠦᠨ ᠶᠠᠨ ᠵᠢᠶᠧ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠬᠠᠶ ᠫᠢᠩ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃
   ᠠᠵᠢᠯᠯᠠᠭ᠎ᠠ ᠡᠬᠢᠯᠡᠬᠦ ᠲᠠᠰᠢᠷᠠᠮ ᠳᠤ ᠰᠦᠨ ᠶᠠᠨ ᠵᠢᠶᠧ ᠬᠡᠯᠡᠭᠰᠡᠨ ᠨᠢ᠂ ᠣᠯᠠᠨ ᠢᠶᠠᠷ ᠢᠶᠠᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠢᠨᠵᠢ ᠴᠢᠨᠠᠷ ᠢ ᠭᠦᠢᠴᠡᠳ ᠲᠠᠨᠢᠵᠤ᠂ ᠣᠯᠠᠨ ᠲᠦᠮᠡᠨ ᠤ ᠠᠰᠢᠭ ᠲᠤᠰᠠ ᠶᠢ ᠠᠵᠢᠯ ᠤᠨ ᠵᠣᠷᠢᠯᠲᠠ ᠪᠠ ᠲᠤᠰᠤᠯᠲᠠ ᠪᠣᠯᠭᠠᠬᠤ ᠬᠡᠷᠡᠭᠲᠡᠶ︔ ᠥᠷᠭᠡᠨ ᠣᠯᠠᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠢᠷᠠᠭᠤ ᠠᠯᠳᠠᠷᠲᠤ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ︔ ᠨᠠᠩ ᠣᠯᠠᠨ ᠠᠷᠠᠳ ᠲᠦᠮᠡᠨ᠂ ᠪᠦᠯᠬᠦᠮ ᠨᠡᠶᠢᠲᠡ᠂ ᠨᠢᠭᠡᠴᠡ ᠨᠦᠭᠦᠳ ᠬᠤᠷᠠᠮᠳᠤᠭᠤᠯᠤᠨ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠵᠤ᠂ ᠬᠡᠷᠡᠭᠴᠡᠭᠡ ᠲᠠᠢ ᠬᠦᠴᠢᠷᠳᠡᠯᠲᠡᠶ ᠣᠯᠠᠨ ᠲᠦᠮᠡᠨ ᠳᠤ ᠨᠢᠭᠡ ᠬᠤᠪᠢ ᠬᠦᠴᠦᠨ ᠴᠢᠳᠠᠯ ᠢᠶᠠᠨ ᠡᠷᠭᠦᠵᠦ᠂ ᠨᠢᠭᠡ ᠬᠤᠪᠢ ᠬᠠᠶᠢᠷ᠎ᠠ ᠬᠠᠯᠠᠮᠵᠢ ᠪᠠᠨ ᠡᠷᠭᠦᠬᠦ ᠬᠡᠷᠡᠭᠲᠡᠶ ᠭᠡᠵᠡᠶ᠃
   ᠲᠣᠰ ᠤᠳᠠᠭᠠᠨ ᠤ ᠠᠵᠢᠯᠯᠠᠭ᠎ᠠ ᠨᠢ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠨᠢᠳᠤᠨ ᠤ ᠴᠠᠭᠠᠨ ᠬᠠᠷᠠᠩ  ᠢ ᠰᠤᠶᠢᠳᠭᠡᠯ ᠬᠤᠷᠢᠶᠠᠬᠤ ᠦᠭᠡᠢ ᠪᠠᠷ ᠮᠡᠰᠡ ᠵᠠᠰᠠᠯ ᠬᠢᠬᠦ  ᠠᠴᠠ ᠡᠮᠤᠨᠡᠬᠢ ᠰᠢᠯᠢᠨ ᠪᠠᠶᠢᠴᠠᠭᠠᠯᠲᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ᠂ ᠭᠤᠶᠢᠳᠠ ᠰᠠᠶᠢᠬᠠᠨ ᠲᠣᠭᠯᠠᠯᠲᠠ ᠭᠠᠷᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠤᠬᠠᠭᠤᠯᠪᠠ᠃
   ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠭᠰᠡᠨ ᠨᠢ᠄ ︽ᠲᠣᠰ ᠤᠳᠠᠭᠠᠨ ᠤ ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠰᠠᠭᠤᠭᠠᠯᠢ ᠠᠷᠠᠳ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︿ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠡᠬᠤ﹀ ᠬᠥᠮᠦᠯᠢᠭ ᠲᠦᠭᠡᠮᠡᠯ ᠬᠠᠶᠢᠷ᠎ᠠ ᠶᠢᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭᠠᠨ ᠤ ᠲᠤᠬᠠᠶ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠭᠠᠬᠤ ᠶᠢᠨ ᠲᠥᠯᠥᠭᠡ ᠶᠤᠮ᠃ ᠡᠭᠦᠨ ᠤ ᠬᠠᠮᠲᠤ ᠲᠣᠰ ᠤᠳᠠᠭᠠᠨ ᠤ ᠠᠵᠢᠯᠯᠠᠭ᠎ᠠ ᠲᠠᠢ ᠤᠶᠠᠯᠳᠤᠭᠤᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ ᠪᠠ ᠴᠠᠭᠠᠨ ᠬᠠᠷᠠᠩ ᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠤᠯᠠᠭᠠᠨ ᠦᠰᠦᠭ ᠤᠨ ᠵᠣᠷᠢᠭ ᠰᠠᠨᠠᠭ᠎ᠠ ᠶᠢ ᠡᠴᠦᠰ ᠲᠤᠨᠢ ᠲᠤᠯᠲᠠᠯ᠎ᠠ ᠲᠤᠭᠤᠰᠢᠯᠠᠭᠤᠯᠤᠨ᠎ᠠ᠃ ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︿ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ﹀ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠲᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ︾᠃             ᠵᠣᠬᠢᠶᠠᠭᠴᠢ᠄ ᠴᠢᠮᠡᠭᠡᠯᠡᠭᠴᠢ᠄ ᠯᠦ ᠰᠢᠶᠤᠤ ᠲᠢᠩ᠂ ᠬᠠᠨ ᠢ ᠸᠧᠶ             ᠤᠷᠴᠢᠭᠤᠯᠤᠭᠴᠢ᠄ ᠰᠤᠷᠤᠨ᠎ᠠ             ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号