ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠥᠬᠦ ᠠᠷᠠᠳ ᠤᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/17
   6 ᠰᠠᠷ᠎ᠠ ᠶᠢᠨ 14 ᠤ ᠡᠳᠤᠷ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ ︽ᠵᠤᠭᠤᠰ ᠤᠨ ᠤᠭᠤᠳᠠ ᠶᠢ ᠰᠠᠬᠢᠵᠤ ᠵᠤᠯ ᠵᠢᠷᠭᠠᠯᠳᠤ ᠭᠡᠷ ᠢᠶᠠᠨ ᠰᠠᠶᠢᠳᠤᠷ ᠬᠠᠮᠠᠭᠠᠯᠠᠬᠤ︾ ᠪᠠᠷ ᠭᠤᠤᠯ ᠰᠡᠳᠤᠪ ᠪᠤᠯᠭᠠᠭᠰᠠᠨ ᠪᠦᠬᠦ ᠠᠷᠠᠳ ᠤᠨ ᠬᠠᠤᠯᠢ ᠪᠤᠰᠤ ᠪᠠᠷ ᠪᠡᠯᠡ ᠮᠦᠩᠬᠦ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠸᠠᠩ ᠶᠦᠩ ᠹᠧᠩ ᠠᠵᠢᠯᠯᠠᠭ᠎ᠠ ᠳᠤ ᠣᠷᠣᠯᠴᠠᠨ ᠶᠠᠷᠢᠶ᠎ᠠ ᠲᠠᠯᠪᠢᠵᠤ᠂ ᠪᠥᠬᠦ ᠬᠤᠰᠢᠭᠤᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ᠂ ᠬᠤᠰᠢᠭᠤᠨ ᠤ ᠬᠠᠮᠢᠶ᠎ᠠ ᠪᠥᠬᠦᠶ ᠨᠢᠭᠡᠴᠡ᠂ ᠡᠯ᠎ᠡ ᠰᠤᠮᠤ ᠰᠢᠶᠠᠩ ᠪᠠᠯᠭᠠᠰᠤ᠂ ᠪᠠᠩᠬᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃
   ᠠᠵᠢᠯᠯᠠᠭ᠎ᠠ ᠶᠢᠨ ᠳᠤᠮᠳᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠥᠬᠦ ᠠᠷᠠᠳ ᠤᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠲᠤᠬᠠᠶ ᠲᠠᠶᠢᠯᠪᠤᠷᠢᠯᠠᠯᠲᠠ ᠲᠣᠳᠣᠷᠬᠠᠶᠢᠯᠠᠯᠲᠠ ᠬᠢᠬᠦ ᠶᠢᠨ ᠬᠠᠮᠲᠤ ᠬᠠᠮᠢᠶ᠎ᠠ ᠪᠥᠬᠦᠶ ᠰᠠᠨᠠᠭᠠᠴᠢᠯᠠᠭ᠎ᠠ ᠳᠤᠷᠠᠳᠪᠠ︔ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠭᠤᠤᠯ ᠰᠡᠳᠦᠪᠲᠦ ᠬᠡᠷᠡᠮ ᠳᠡᠭᠡᠷ᠎ᠡ ᠭᠠᠷ ᠤᠨ ᠦᠰᠦᠭ ᠵᠢᠷᠤᠵᠤ᠂ ᠠᠵᠢᠯᠲᠠᠳ ᠲᠤᠬᠠᠶ ᠶᠢᠨ ᠲᠠᠯᠠᠪᠤᠷ ᠲᠤ ᠰᠠᠭᠤᠭᠠᠯᠢ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠵᠢᠴᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠢᠯᠭᠠᠨ ᠲᠠᠨᠢᠬᠤ ᠪᠠ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃
   ᠸᠠᠩ ᠶᠦᠩ ᠹᠧᠩ ᠶᠠᠷᠢᠶᠠᠨ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠢ ᠲᠠᠨᠢᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠯᠡᠮᠡᠯ ᠬᠦᠴᠦᠨ ᠢᠶᠠᠨ ᠨᠡᠮᠡᠭᠳᠡᠭᠦᠯᠦᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠤᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠦᠵᠡᠯᠲᠡ ᠪᠠᠨ ᠬᠤᠪᠢᠷᠠᠭᠤᠯᠵᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠡᠨᠡᠬᠦ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ᠃    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠭᠤᠭᠠᠯᠢ ᠠᠷᠠᠳ ᠵᠠᠩ ᠴᠢᠤᠸᠠᠨ ᠢᠯᠡᠷᠬᠡᠶᠢᠯᠡᠬᠦ ᠳᠡᠭᠡᠨ᠂ ︽ᠥᠨᠥᠳᠦᠷ ᠤᠨ ᠠᠵᠢᠯᠯᠠᠭ᠎ᠠ ᠵᠢᠴᠢ ᠠᠵᠢᠯᠲᠠᠨ ᠤ ᠨᠠᠷᠢᠨ ᠲᠠᠶᠢᠯᠪᠤᠷᠢᠯᠠᠯᠲᠠ ᠪᠠᠷ ᠳᠡᠮᠵᠢᠨ᠂ ᠪᠢ ᠮᠡᠬᠡᠯᠡᠯ ᠤᠨ ᠤᠨᠠᠭᠤᠯᠢ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠣ᠂ ᠬᠤᠶᠢᠰᠢᠳᠠ ᠨᠠᠩ ᠰᠣᠨᠣᠷ ᠰᠡᠷᠡᠮᠵᠢ ᠲᠠᠢ ᠪᠣᠯᠵᠣ᠂ ᠮᠡᠬᠡᠯᠡᠭᠳᠡᠬᠦ ᠠᠴᠠ ᠵᠠᠶᠢᠯᠠᠰᠬᠢᠬᠦ ᠶᠤᠮ︾ ᠭᠡᠵᠡᠶ᠃
   ︽ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠦᠷᠭᠦᠯᠵᠢᠯᠡᠨ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︿ᠪᠥᠬᠦ ᠠᠷᠠᠳ ᠢᠶᠠᠷ ᠢᠶᠠᠨ ᠰᠡᠷᠭᠡᠶᠢᠯᠡᠬᠦ᠂ ᠪᠥᠬᠦ ᠠᠷᠠᠳ ᠢᠶᠠᠷ ᠢᠶᠠᠨ ᠣᠷᠣᠯᠴᠠᠬᠤ᠂ ᠪᠥᠬᠦ ᠠᠷᠠᠳ ᠢᠶᠠᠷ ᠢᠶᠠᠨ ᠮᠡᠳᠡᠬᠦ﹀ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ︾ ᠭᠡᠵᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃                  ᠵᠤᠬᠢᠶᠠᠭᠴᠢ᠄ ᠴᠢᠮᠡᠬᠡᠯᠡᠭᠴᠢ᠄ ᠰᠦᠨ ᠯᠢ ᠨᠠ᠂ ᠸᠠᠩ ᠱᠤ᠋ ᠸᠧᠨ                  ᠤᠷᠴᠢᠭᠤᠯᠤᠭᠴᠢ᠄ ᠰᠤᠷᠤᠨ᠎ᠠ                  ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号