6 ᠰᠠᠷ᠎ᠠ ᠶᠢᠨ 18 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯᠴᠢᠨ ᠤ ᠶᠡᠷᠦᠩᠬᠡᠶ | ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠡᠪᠯᠡᠯ ᠤᠨ ᠬᠤᠷᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ | ᠤᠯᠠᠭᠠᠨᠮᠥ᠋ᠴᠢᠷ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠨᠢᠭᠡᠴᠡ ᠪᠠᠶᠠᠨᠴᠠᠭᠠᠨ ᠪᠠᠯᠭᠠᠰᠤᠨ ᠤ | ᠪᠠᠶᠠᠨᠨᠠᠭᠤᠷ ᠤᠨ ᠦᠨᠳᠤᠷ ᠨᠠᠰᠤᠨ ᠤ ᠵᠣᠯ ᠵᠢᠷᠭᠠᠯ ᠤᠨ ᠬᠦᠷᠢᠶᠡᠯᠡᠩ ᠳᠤ ᠬᠠᠮᠲᠤᠷᠠᠨ ︽ᠨᠠᠮ ᠤᠨ ᠠᠴᠢ ᠶᠢ | ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ - ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ | ᠬᠠᠶᠢᠷᠠᠯᠠᠬᠤ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠣᠯ | ᠵᠢᠷᠭᠠᠯ ᠤᠨ ᠬᠦᠷᠢᠶᠡᠯᠡᠩ ᠤᠨ ᠠᠵᠢᠯᠯᠠᠭ᠎ᠠ︾ ᠡᠷᠭᠢᠯᠡᠪᠡ᠃ | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠬᠤᠰᠢᠭᠤᠨ ᠤ ᠤᠯᠠᠭᠠᠨᠮᠥ᠋ᠴᠢᠷ ᠨᠠᠰᠤᠲᠠᠶᠢᠴᠤᠳ ᠲᠤ ᠦᠵᠡᠵᠦ | ᠰᠣᠨᠢᠷᠬᠠᠬᠤ ᠳᠤᠷᠠᠲᠠᠶ ᠳᠠᠭᠤᠤ ᠪᠥᠵᠢᠭ ᠤᠨ ᠲᠣᠭᠯᠠᠯᠲᠠ ᠦᠵᠡᠭᠦᠯᠵᠦ᠂ ᠡᠷᠭᠢᠯᠡᠭᠰᠡᠨ ᠨᠢᠭᠡᠴᠡ ᠳᠤ 200 | ᠤᠭᠤᠲᠠ ᠲᠤᠲᠤᠷᠭ᠎ᠠ᠂ ᠠᠮᠠᠪᠴᠢ 300 ᠬᠤᠪᠢ᠂ ᠬᠤᠷᠮᠦ᠋ᠢᠪᠴᠢ 50 ᠬᠤᠪᠢ᠂ ᠶᠠᠭᠤᠮ᠎ᠠ ᠬᠤᠳᠠᠯᠳᠤᠨ ᠠᠪᠬᠤ | ᠤᠭᠤᠲᠠ ᠵᠢᠴᠢ ᠠᠷᠢᠭᠤᠨ ᠴᠡᠪᠡᠷ ᠤᠨ ᠴᠠᠭᠠᠰᠤ 300 ᠬᠤᠪᠢ ᠲᠠᠷᠬᠠᠭᠠᠭᠰᠠᠨ ᠪᠠᠶᠢᠨ᠎ᠠ︔ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠢᠴᠢ ᠬᠤᠶᠠᠷ ᠥᠮᠡᠨ ᠢ | ᠠᠪᠤᠷᠠᠨ ᠲᠤᠰᠠᠯᠠᠬᠤ ᠤᠬᠠᠭᠤᠯᠭ᠎ᠠ ᠶᠢᠨ ᠵᠠᠷᠯᠠᠯ ᠨᠡᠶᠢᠲᠡ 100 ᠭᠠᠷᠤᠶ ᠬᠤᠪᠢ ᠲᠠᠷᠬᠠᠭᠠᠪᠠ᠃ | | | | | | | | ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠠᠰᠤᠲᠠᠨ ᠢᠶᠠᠨ ᠬᠦᠨᠳᠦᠯᠡᠵᠦ | ᠨᠠᠰᠤᠲᠠᠨ ᠢᠶᠠᠨ ᠬᠠᠶᠢᠷᠠᠯᠠᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠨᠠᠰᠤᠲᠠᠨ ᠢᠶᠠᠨ | ᠲᠦᠰᠢᠭ ᠲᠠᠢ᠂ ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠷ ᠴᠡᠩᠭᠡᠯ ᠲᠠᠢ ᠲᠥᠷᠥ ᠶᠢᠨ ᠪᠣᠳᠣᠯᠭ᠎ᠠ ᠶᠢ | ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠨᠢᠭᠡᠪᠦᠷᠢ ᠳᠤ ᠬᠦᠷᠲᠡᠭᠡᠵᠦ᠂ ᠨᠠᠰᠤᠲᠠᠶᠢᠴᠤᠳ ᠤᠨ ᠵᠣᠯ ᠵᠢᠷᠭᠠᠯᠲᠤ | ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠨ᠎ᠡ᠃ | | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |