ᠡᠷᠬᠢᠮ ᠵᠤᠴᠢᠨ᠄ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳ᠋ᠠ ᠯᠢᠦ ᠬᠤᠣ ᠪᠠᠯᠭᠠᠰᠤᠨ ᠤ ᠨᠠᠮ ᠤᠨ ᠬᠤᠷᠢᠶᠠᠨ ᠤ | ᠱᠦᠵᠢ᠂ ᠨᠠᠮ ᠤᠨ ᠬᠤᠷᠢᠶᠠᠨ ᠤ ᠭᠡᠰᠢᠭᠦᠨ ᠵᠠᠩ ᠢᠦᠢ ᠱᠧᠩ | | | ᠲᠤᠪᠴᠢᠯᠠᠭᠤᠷ᠄ | 2023 ᠣᠨ ᠳᠤ ᠮᠠᠨ ᠤ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠭᠦᠨᠵᠡᠭᠡᠢ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠬᠤᠰᠢᠭᠤᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠠᠯᠭᠠᠰᠤᠨ ᠤ ᠨᠠᠮ ᠤᠨ | ᠬᠤᠷᠢᠶᠠᠨ ᠤ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠴᠢᠨᠠᠷ | ᠰᠠᠶᠢᠲᠠᠢ ᠳᠠᠪᠠᠯᠲᠠ ᠶᠢᠨ ᠮᠠᠶ᠋ᠢᠭ ᠤᠨ ᠬᠥᠭᠵᠢᠯᠲᠡ ᠪᠠᠷ ᠭᠤᠣᠯ ᠰᠡᠳᠦᠪ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠶᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠪᠠᠷ | ᠬᠥᠲᠥᠯᠥᠨ ᠳᠠᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠪᠠᠯᠭᠠᠰᠤᠨ ᠤ ᠥᠷᠭᠡᠨ ᠤᠯᠠᠨ ᠺᠠᠳ᠋ᠷ ᠤᠯᠠᠨ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠪᠡᠷᠬᠡ ᠶᠢ ᠲᠤᠭᠤᠯᠤᠨ ᠬᠦᠴᠢᠷ ᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ | ᠡᠯ᠎ᠡ ᠵᠦᠢᠯ ᠤᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ | | ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ︽ᠬᠥᠲᠥᠯᠥᠭᠴᠢ︾᠄ ᠲᠠ ᠪᠦᠬᠦᠨ ᠰᠠᠶᠢᠨ ᠪᠠᠶᠢᠵᠠᠭᠠᠨ᠎ᠠ ᠦᠦ᠂ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ | ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠥᠨᠥᠳᠥᠷ ᠪᠢᠳᠡ ᠳ᠋ᠠ ᠯᠢᠦ ᠬᠤᠣ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠢᠦᠢ ᠱᠧᠩ ᠢ ᠤᠷᠢᠵᠤ ᠰᠣᠷᠪᠤᠯᠵᠢᠯᠠᠭ᠎ᠠ ᠶᠢᠨ ᠫᠷᠣᠭ᠍ᠷᠠᠮ ᠳᠤ | ᠣᠷᠣᠯᠴᠠᠭᠤᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠵᠠᠩ ᠱᠦᠵᠢ ᠲᠠ ᠰᠠᠶᠢᠨ ᠦᠦ᠂ ᠲᠠᠨ ᠤ ᠬᠦᠷᠦᠯᠴᠡᠨ | ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ᠃ | ︽ᠵᠠᠩ ᠢᠦᠢ ᠱᠧᠩ︾᠄ ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ᠂ | ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠪᠤᠯᠤᠩ ᠤᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠢᠷᠡᠵᠦ᠂ | ᠥᠷᠭᠡᠨ ᠣᠯᠠᠨ ᠰᠦᠯᠵᠢᠶᠡᠨ ᠤ ᠠᠨᠳᠠ ᠨᠠᠷ ᠲᠠᠢ ᠰᠠᠨᠠᠯ ᠢᠶᠠᠨ ᠰᠣᠯᠢᠯᠴᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ | ᠪᠢ ᠳ᠋ᠠ ᠯᠢᠦ ᠬᠤᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠮᠠᠨ ᠤ ᠪᠠᠯᠭᠠᠰᠤᠨ ᠤ | ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠂ | ᠲᠠ ᠪᠦᠬᠦᠨ ᠳᠤ ᠲᠠᠯᠠᠷᠬᠠᠵᠤ ᠪᠠᠶᠢᠨ᠎ᠠ︕ | ︽ᠬᠥᠲᠥᠯᠥᠭᠴᠢ︾᠄ ᠵᠠᠩ ᠱᠦᠵᠢ ᠠ᠋᠂ ᠲᠠ ᠰᠠᠶᠢᠨ ᠪᠠᠶᠢᠨ᠎ᠠ ᠦᠦ︕ ᠲᠠ ᠳ᠋ᠠ ᠯᠢᠦ ᠬᠤᠣ ᠪᠠᠯᠭᠠᠰᠤᠨ ᠤ | ᠭᠠᠵᠠᠷ ᠣᠷᠣᠨ ᠤ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | ︽ᠵᠠᠩ ᠢᠦᠢ ᠱᠧᠩ︾᠄ ᠳ᠋ᠠ ᠯᠢᠦ ᠬᠤᠣ ᠪᠠᠯᠭᠠᠰᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠠᠮᠤᠭ ᠤᠨ ᠡᠮᠦᠨ᠎ᠡ ᠵᠠᠬ᠎ᠠ ᠳᠤ ᠪᠠᠶᠢᠷᠢᠯᠠᠵᠤ᠂ ᠪᠡᠭᠡᠵᠢᠩ ᠠᠴᠠ 370 ᠺᠢᠯᠣᠮᠧᠲᠷ ᠵᠠᠶᠢᠲᠠᠢ᠂ ᠵᠢᠨᠢᠩ ᠤᠨ | ᠨᠢᠰᠬᠡᠯ ᠤᠨ ᠪᠠᠭᠤᠳᠠᠯ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠲᠠᠢ ᠬᠥᠷᠰᠢᠯᠡᠵᠦ᠂ ᠵᠢᠨᠢᠩ ᠠᠴᠠ ᠡᠷᠢᠶᠠᠨ᠂ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ᠂ | ᠡᠯ ᠭᠤᠸᠠᠩ ᠲᠦᠷᠭᠡᠨ ᠳᠠᠪᠬᠢᠬᠤ ᠵᠠᠰᠠᠮᠠᠯ ᠵᠠᠮ᠂ 208 ᠤᠯᠤᠰ ᠤᠨ ᠵᠠᠰᠠᠮᠠᠯ ᠵᠠᠮ᠂ ᠵᠢᠨᠢᠩ ᠠᠴᠠ ᠱᠠᠩᠲᠦ ᠬᠦᠷᠬᠦ | ᠵᠠᠰᠠᠮᠠᠯ ᠵᠠᠮ ᠬᠢᠯᠢ ᠪᠠᠷ ᠥᠩᠭᠡᠷᠡᠵᠦ᠂ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠨ᠎ᠠ᠃ | | ᠪᠥᠬᠦ ᠪᠠᠯᠭᠠᠰᠤ ᠶᠢᠨ ᠭᠠᠵᠠᠷ ᠣᠷᠣᠨ ᠤ ᠲᠠᠯᠠᠪᠠᠶ ᠨᠢ 217 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 8 | ᠲᠣᠰᠬᠤᠨ ᠤ ᠠᠷᠠᠳ ᠤᠨ ᠵᠥᠪᠯᠡᠯ᠂ 49 ᠠᠶᠢᠯ ᠲᠣᠰᠬᠤᠨ᠂ 7 ᠨᠡᠭᠦᠳᠡᠯ ᠠᠷᠠᠳ ᠤᠨ ᠰᠢᠨ᠎ᠡ ᠲᠣᠰᠬᠤᠨ᠂ | ᠪᠠᠶᠢᠩᠭᠤ ᠰᠠᠭᠤᠭ᠎ᠠ ᠬᠥᠮᠥᠨ ᠠᠮᠠ 2487 ᠡᠷᠦᠬᠡ᠂ 5137 ᠬᠥᠮᠥᠨ᠂ ᠪᠥᠬᠦ ᠪᠠᠯᠭᠠᠰᠤ ᠶᠢᠨ ᠲᠠᠷᠢᠶᠠᠨ | ᠭᠠᠵᠠᠷ ᠤᠨ ᠲᠠᠯᠠᠪᠠᠶ ᠨᠢ 7.8 ᠲᠦᠮᠡᠨ ᠮᠦ᠂ ᠮᠠᠯ ᠤᠨ ᠲᠤᠭ᠎ᠠ ᠲᠣᠯᠣᠭᠠᠢ 7 ᠲᠦᠮᠡ ᠳᠤ ᠬᠦᠷᠴᠡᠢ᠃ | ᠣᠳᠣᠬᠠᠨ ᠳᠤ᠂ ᠪᠥᠬᠦ ᠪᠠᠯᠭᠠᠰᠤᠨ ᠤ 8 ᠠᠶᠢᠯ ᠲᠣᠰᠬᠤᠨ ᠳᠤ᠂ ᠨᠢᠭᠡ ᠵᠣᠯ ᠵᠢᠷᠭᠠᠯ ᠤᠨ ᠬᠦᠷᠢᠶᠡᠯᠡᠩ ᠪᠠ | ᠬᠤᠶᠠᠷ ᠨᠠᠮ ᠤᠨ ᠡᠭᠦᠷ ᠠᠴᠠ ᠲᠣᠮᠢᠯᠠᠨ ᠰᠠᠭᠤᠯᠭᠠᠭᠰᠠᠨ ᠲᠣᠰᠬᠤᠨ ᠤ ᠺᠠᠳ᠋ᠷ ᠢ ᠨᠡᠶᠢᠲᠡ 30 ᠬᠥᠮᠥᠨ ᠰᠣᠩᠭᠤᠵᠤ᠂ | ᠡᠭᠦᠨ ᠤ ᠳᠣᠲᠣᠷ᠎ᠠ ᠨᠢᠭᠡᠳᠦᠭᠡᠷ ᠱᠦᠵᠢ 10 ᠬᠥᠮᠥᠨ᠂ ᠠᠵᠢᠯᠯᠠᠬᠤ ᠭᠡᠰᠢᠭᠦᠨ 20 ᠬᠥᠮᠥᠨ ᠪᠣᠶ᠃ ᠪᠥᠬᠦ | ᠰᠤᠮᠤᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠣᠰᠬᠤᠨ 2 ᠪᠣᠶ᠄ ᠹᠧᠩ | ᠢᠦᠢ ᠲᠣᠰᠬᠤᠨ ᠤ ᠠᠷᠠᠳ ᠤᠨ ᠵᠥᠪᠯᠡᠯ ᠪᠠ ᠨᠠᠨ ᠯᠢᠶᠠᠩ ᠲᠣᠰᠬᠤᠨ ᠤ ᠠᠷᠠᠳ ᠤᠨ ᠵᠥᠪᠯᠡᠯ᠃ | ︽ᠬᠥᠲᠥᠯᠥᠭᠴᠢ︾᠄ ᠣᠲᠣ ᠪᠣᠯᠲᠠᠯ᠎ᠠ᠂ ᠲᠠᠨ ᠤ ᠦᠵᠡᠬᠦ ᠪᠠᠷ ᠮᠠᠨ ᠤ ᠪᠠᠯᠭᠠᠰᠤ ᠠᠵᠤ ᠦᠢᠯᠡᠰ ᠤᠨ | ᠬᠥᠭᠵᠢᠯᠲᠡ ᠶᠢᠨ ᠲᠠᠯ᠎ᠠ ᠪᠠᠷ ᠶᠠᠮᠠᠷ ᠶᠠᠮᠠᠷ ︽ᠢᠯᠡ ᠲᠣᠳᠣ ᠢᠯᠡᠷᠡᠯ︾ ᠪᠠᠶᠢᠬᠤ ᠪᠣᠶ︖ | ︽ᠵᠠᠩ ᠢᠦᠢ ᠱᠧᠩ︾᠄ ︵ᠨᠢᠭᠡ︶ ᠲᠥᠷᠥᠯ ᠵᠦᠢᠯ ᠤᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠡᠭᠡᠳᠦ ᠱᠠᠲᠤᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯ ᠱᠤᠭᠤᠮ ᠤᠨ | ᠲᠣᠭᠤᠷᠢᠨ ᠳᠤ᠂ ᠪᠢᠳᠡ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠪᠡ᠃ 5 ᠲᠦᠮᠡᠨ | ᠺᠢᠯᠣᠸᠠᠲ ᠤᠨ ᠲᠠᠷᠠᠬᠠᠢ ᠪᠤᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠪᠦᠲᠦᠭᠡᠨ ᠪᠠᠶᠢᠭᠤᠯᠤᠯᠲᠠ ᠪᠠ | ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠵᠦᠢᠯᠡᠰ ᠢ ᠤᠷᠤᠭᠰᠢᠲᠠᠢ ᠲᠦᠯᠬᠢᠨ ᠠᠬᠢᠭᠤᠯᠵᠤ᠂ ᠪᠣᠬᠢᠷ ᠤᠰᠤ ᠶᠢ | ᠰᠢᠢᠳᠪᠦᠷᠢᠯᠡᠬᠦ᠂ ᠡᠯᠧᠺᠲᠷᠣᠨ ᠬᠤᠳᠠᠯᠳᠤᠭᠠᠨ ᠤ ᠲᠠᠪᠴᠠᠩ᠂ ᠡᠷᠳᠡᠨᠢ ᠰᠢᠰᠢ ᠶᠢ ᠨᠠᠷᠢᠯᠢᠭ ᠪᠣᠯᠪᠠᠰᠤᠷᠠᠭᠤᠯᠬᠤ᠂ ᠲᠦᠮᠡᠨ | ᠲᠣᠨ ᠤ ᠲᠣᠭᠲᠠᠮᠠᠯ ᠳᠤᠯᠠᠭᠠᠨ ᠤ ᠬᠥᠮᠥᠷᠭᠡ ᠶᠢᠨ ᠵᠦᠢᠯᠡᠰ ᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠪᠠ︔ | ᠹᠧᠩ ᠢᠦᠢ ᠲᠣᠰᠬᠤᠨ ᠤ ᠬᠢᠨ ᠠᠯᠬᠤᠮ ᠠᠯᠬᠤᠮ ᠢᠶᠠᠷ ᠰᠣᠴᠢᠨ ᠭᠡᠯᠮᠡᠭᠳᠡᠬᠦ᠂ ᠰᠢᠯ ᠬᠥᠭᠦᠷᠭᠡᠨ ᠵᠠᠮ ᠵᠢᠴᠢ | ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ᠂ | ᠠᠷᠠᠳ ᠤᠨ ᠣᠷᠣᠨ ᠰᠠᠭᠤᠴᠠ ᠵᠡᠷᠭᠡ ᠶᠢ ᠪᠠᠶᠢᠭᠤᠯᠵᠤ᠂ ᠬᠥᠳᠡᠭᠡ ᠲᠣᠰᠬᠤᠨ ᠤ ᠵᠤᠭᠠᠴᠠᠯ ᠢ ᠬᠥᠭᠵᠢᠭᠦᠯᠵᠦ᠂ ᠭᠠᠯᠲᠤ | ᠠᠭᠤᠯᠠ ᠶᠢᠨ ᠲᠠᠯ᠎ᠠ ᠨᠤᠲᠤᠭ ᠤᠨ ᠵᠤᠭᠠᠴᠠᠯ ᠤᠨ ᠶᠡᠭᠡ ᠪᠠᠶᠢᠷᠢᠰᠢᠯ ᠳᠤ ᠠᠭᠤᠰᠤᠯᠴᠠᠭᠤᠯᠪᠠ︔ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠢ ᠴᠢᠩᠭᠠᠳᠬᠠᠨ᠎ᠠ᠃ 4000 ᠲᠦᠮᠡᠨ ᠲᠥᠭᠦᠷᠢᠭ ᠤᠨ ᠠᠯᠠᠰᠢᠨ ᠦᠬᠡᠷ | ᠲᠡᠵᠢᠭᠡᠨ ᠦᠷᠡᠵᠢᠭᠦᠯᠬᠦ ᠲᠠᠯᠠᠪᠠᠶ ᠪᠠ 8000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠥᠪᠥᠷ | ᠮᠣᠩᠭᠤᠯ ᠤᠨ ᠢᠷᠬᠠᠨ ᠠᠷᠢᠬᠢᠨ ᠤ ᠦᠢᠯᠡᠳᠪᠦᠷᠢ ᠶᠢᠨ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ | ︵ᠬᠤᠶᠠᠷ︶ ᠲᠤᠬᠠᠢ ᠶᠢᠨ ᠭᠠᠵᠠᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ᠂ ᠲᠦᠮᠡᠨ ᠲᠣᠨ ᠤ ᠲᠣᠭᠲᠠᠮᠠᠯ ᠳᠤᠯᠠᠭᠠᠨ ᠤ ᠬᠥᠮᠥᠷᠭᠡ ᠪᠠ ᠡᠯᠧᠺᠲᠷᠣᠨ | ᠬᠤᠳᠠᠯᠳᠤᠭᠠᠨ ᠤ ᠲᠥᠪ ᠢ ᠨᠢᠭᠡᠨᠲᠡ ᠪᠠᠶᠢᠭᠤᠯᠤᠨ ᠡᠵᠡᠩᠨᠡᠯᠲᠡ ᠳᠤ ᠣᠷᠣᠭᠤᠯᠵᠤ᠂ ᠡᠷᠳᠡᠨᠢ ᠰᠢᠰᠢ ᠶᠢ ᠡᠳ᠋ᠰᠢᠭᠦᠯᠦᠨ | ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 348 ᠲᠦᠮᠡᠨ ᠲᠥᠭᠦᠷᠢᠭ ᠲᠤ ᠬᠦᠷᠴᠦ᠂ ︽ᠨᠠᠮ ᠤᠨ ᠡᠭᠦᠷ + ᠠᠵᠤ | ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠬᠡ + ᠡᠯᠧᠺᠲᠷᠣᠨ ᠬᠤᠳᠠᠯᠳᠤᠭ᠎ᠠ︾ ᠶᠢᠨ ᠠᠵᠤ ᠦᠢᠯᠡᠰ ᠤᠨ | ᠰᠢᠰᠲ᠋ᠧᠮ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠵᠤ᠂ ᠪᠦᠲᠦᠭᠡᠨ ᠪᠠᠶᠢᠭᠤᠯᠬᠤ ᠪᠠᠷ ᠭᠤᠣᠯ ᠱᠤᠭᠤᠮ ᠪᠣᠯᠭᠠᠵᠤ᠂ | ︽ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠨᠥᠭᠡᠴᠡᠯᠡᠬᠦ᠂ ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠭᠰᠠᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠦᠷᠢᠶᠡᠯᠡᠩ ᠢ ᠠᠯᠬᠤᠮ ᠠᠯᠬᠤᠮ ᠢᠶᠠᠷ | ᠥᠷᠭᠡᠳᠬᠡᠨ ᠲᠡᠭᠦᠯᠳᠡᠷᠵᠢᠭᠦᠯᠪᠡ᠃ | ︵ᠭᠤᠷᠪᠠ︶ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ ᠬᠦᠴᠦ ᠪᠠᠨ ᠬᠠᠮᠲᠤᠳᠬᠠᠨ ᠰᠦᠪᠡᠭᠴᠢᠯᠡᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠪᠠᠷ ᠭᠠᠷᠳᠠᠴᠠ ᠪᠣᠯᠭᠠᠵᠤ᠂ ᠲᠣᠰᠬᠤᠨ ᠤ | ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠤᠨ᠎ᠠ᠃ 2023 ᠣᠨ ᠳᠤ ᠪᠥᠬᠦ | ᠪᠠᠯᠭᠠᠰᠤᠨ ᠤ 8 ᠭᠠᠴᠠᠭᠠᠨ ᠤ ᠠᠷᠠᠳ ᠤᠨ ᠵᠥᠪᠯᠡᠯ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠢ | ᠴᠥᠮ 20 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠡᠭᠦᠨ ᠳᠤ ᠳ᠋ᠠ ᠯᠢᠦ ᠬᠤᠣ᠂ ᠴᠧᠨ ᠶᠠᠩ | ᠭᠠᠴᠠᠭᠠᠨ ᠤ ᠬᠠᠮᠲᠤ ᠶᠢᠨ ᠣᠷᠣᠯᠭ᠎ᠠ ᠨᠢ 70 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠡᠢ᠃ | ︽ᠬᠥᠲᠥᠯᠥᠭᠴᠢ︾᠄ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠣᠶ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ | ᠬᠡᠷᠡᠭᠵᠢᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠵᠢᠯ ᠮᠥᠨ᠂ ᠮᠠᠨ ᠤ ᠪᠠᠯᠭᠠᠰᠤ 2024 ᠣᠨ ᠳᠤ ᠶᠠᠮᠠᠷ ᠠᠵᠢᠯ ᠤᠨ | ᠲᠥᠯᠥᠪᠯᠡᠭᠡ ᠲᠠᠢ ᠪᠣᠶ︖ | ︽ᠵᠠᠩ ᠢᠦᠢ ᠱᠧᠩ︾᠄ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠳ᠋ᠠ ᠯᠢᠦ ᠬᠤᠣ ᠨᠡᠩ ᠤᠯᠠᠨ ᠬᠤᠪᠢ ᠨᠡᠮᠡᠷᠢ ᠦᠵᠡᠭᠦᠯᠬᠦ ᠬᠡᠷᠡᠭᠲᠡᠢ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠪᠠᠷ ᠪᠦᠬᠦ | ᠲᠠᠯ᠎ᠠ ᠶᠢ ᠡᠵᠡᠮᠳᠡᠬᠦ ᠶᠢ ᠪᠠᠷᠢᠮᠲᠠᠯᠠᠵᠤ᠂ ᠭᠤᠷᠪᠠᠨ ᠲᠠᠯ᠎ᠠ ᠶᠢᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠲᠡᠭᠡᠯ | ᠵᠣᠷᠢᠭ ᠢᠶᠠᠨ ᠪᠠᠲᠤᠳᠬᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠪᠡ᠃ | ︽ᠬᠥᠲᠥᠯᠥᠭᠴᠢ︾᠄ ᠵᠠᠩ ᠱᠦᠵᠢ ᠶᠢᠨ ᠶᠠᠭᠠᠷᠠᠯᠲᠠᠢ ᠠᠵᠢᠯ ᠤᠨ ᠳᠤᠮᠳᠠ ᠲᠣᠰ ᠤᠳᠠᠭᠠᠨ ᠤ | ᠰᠣᠷᠪᠤᠯᠵᠢᠯᠠᠭ᠎ᠠ ᠶᠢ ᠬᠦᠯᠢᠶᠡᠭᠰᠡᠨ ᠳᠤ ᠲᠤᠶᠢᠯ ᠢᠶᠠᠷ ᠲᠠᠯᠠᠷᠬᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠪᠣᠯᠵᠤ᠂ | ᠪᠢᠳᠡ ᠥᠨᠥᠳᠥᠷ ᠠᠳᠡ ᠰᠠᠨᠠᠯ ᠢᠶᠠᠨ ᠰᠣᠯᠢᠯᠴᠠᠵᠤ᠂ ᠶᠡᠭᠡ ᠵᠢᠷᠭᠤᠳᠤᠭᠠᠷ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠤ ᠠᠵᠢᠯ ᠤᠯᠠᠮ ᠠᠴᠠ ᠤᠯᠠᠮ ᠰᠠᠶᠢᠨ ᠪᠣᠯᠬᠤ ᠶᠢ ᠴᠢᠩ ᠰᠡᠳᠬᠢᠯ ᠠᠴᠠ ᠪᠠᠨ ᠢᠷᠦᠭᠡᠶ᠎ᠡ︕ | ︽ᠵᠠᠩ ᠢᠦᠢ ᠱᠧᠩ︾᠄ ᠪᠠᠶᠠᠷᠯᠠᠯ᠎ᠠ︕ ᠲᠠ ᠪᠦᠬᠦᠨ ᠤ ᠳ᠋ᠠ ᠯᠢᠦ ᠬᠤᠣ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ︕ ᠤᠯᠠᠨ ᠢᠶᠠᠷ ᠢᠶᠠᠨ ᠳ᠋ᠠ | ᠯᠢᠦ ᠬᠤᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ | ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠢᠳᠡᠪᠬᠢᠲᠡᠢ ᠪᠠᠷ ᠬᠦᠯᠢᠶᠡᠨ ᠠᠪᠴᠤ ᠬᠢᠨᠠᠮᠠᠭᠠᠢ | ᠰᠠᠶᠢᠵᠢᠷᠠᠭᠤᠯᠤᠨ᠎ᠠ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |