︽ᠥᠪᠥᠷ ᠮᠣᠩᠭᠤᠯ ᠤᠨ ᠠᠷᠪᠠᠨ ᠬᠤᠶᠠᠷ ᠠᠶᠢᠮᠠᠭ ᠬᠤᠲᠠ ᠶᠢᠨ ᠠᠷᠠᠳ ᠤᠨ ᠰᠢᠯᠢᠳᠡᠭ ᠣᠨᠴᠠ ᠰᠣᠩᠭᠤᠭᠳᠠᠭᠰᠠᠨ ᠤᠯᠠᠭᠠᠨᠴᠠᠪ ᠤᠨ ᠦᠨᠦᠷ ᠠᠮᠲᠠ︾ ᠶᠢᠨ ᠤᠬᠠᠭᠤᠯᠭ᠎ᠠ ᠶᠢᠨ ᠠᠵᠢᠯᠯᠠᠭ᠎ᠠ ᠤᠯᠠᠭᠠᠨᠴᠠᠪ ᠤᠨ ᠭᠠᠯᠲᠤ ᠠᠭᠤᠯᠠᠨ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/7/12
   7 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠬᠠᠳᠠ ᠰᠤᠮᠤ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠬᠢᠭᠡᠳ ᠼᠧ ᠮᠠ ᠪᠧᠨ ᠲᠧᠩ MCN ᠪᠠᠶᠢᠭᠤᠯᠤᠮᠵᠢ ᠬᠠᠮᠲᠤᠷᠠᠨ ᠡᠷᠭᠢᠯᠡᠭᠰᠡᠨ ︽ᠥᠪᠥᠷ ᠮᠣᠩᠭᠤᠯ ᠤᠨ ᠠᠷᠪᠠᠨ ᠬᠤᠶᠠᠷ ᠠᠶᠢᠮᠠᠭ ᠬᠤᠲᠠ ᠶᠢᠨ ᠠᠷᠠᠳ ᠤᠨ ᠰᠢᠯᠢᠳᠡᠭ ᠣᠨᠴᠠ ᠰᠣᠩᠭᠤᠭᠳᠠᠭᠰᠠᠨ ᠤᠯᠠᠭᠠᠨᠴᠠᠪ ᠤᠨ ᠦᠨᠦᠷ ᠠᠮᠲᠠ︾ ᠶᠢᠨ ᠤᠬᠠᠭᠤᠯᠭ᠎ᠠ ᠶᠢᠨ ᠠᠵᠢᠯᠯᠠᠭ᠎ᠠ ᠤᠯᠠᠭᠠᠨᠴᠠᠪ ᠤᠨ ᠭᠠᠯᠲᠤ ᠠᠭᠤᠯᠠ ᠶᠢᠨ ᠦᠵᠡᠮᠵᠢ ᠶᠢᠨ ᠣᠷᠣᠨ ᠳᠤ ᠠᠮᠵᠢᠯᠲᠠ ᠲᠠᠢ ᠶᠠᠪᠤᠭᠳᠠᠪᠠ᠃ ᠥᠪᠥᠷ ᠮᠣᠩᠭᠤᠯ ᠤᠨ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠲᠥᠪ ᠤᠨ ᠬᠠᠷᠢᠭᠤᠴᠠᠯᠭᠠᠲᠠᠨ᠂ ᠪᠥᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢᠨ ᠬᠤᠯᠪᠣᠭ᠎ᠠ ᠶᠢᠨ ᠨᠠᠷᠢᠨ ᠪᠢᠴᠢᠭ ᠤᠨ ᠳᠠᠷᠤᠭ᠎ᠠ᠂ ᠳᠡᠳ᠋ ᠲᠡᠷᠢᠭᠦᠯᠡᠭᠴᠢ ᠰᠥᠩ ᠯᠢ ᠭᠧ᠂ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢ ᠠᠬᠢᠭᠤᠯᠬᠤ ᠨᠡᠶᠢᠭᠡᠮᠯᠢᠭ ᠤᠨ ᠭᠦᠢᠴᠡᠳᠭᠡᠬᠦ ᠳᠠᠷᠤᠭ᠎ᠠ ᠸᠠᠩ ᠰᠢᠨ ᠮᠢᠩ᠂ ᠥᠪᠥᠷ ᠮᠣᠩᠭᠤᠯ ᠤᠨ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠤᠨ ᠰᠦᠯᠵᠢᠶᠡᠨ ᠳᠤ ᠭᠠᠷᠴᠤ ᠰᠢᠭᠤᠳ ᠨᠡᠪᠲᠡᠷᠡᠭᠦᠯᠬᠦ ᠬᠠᠷᠢᠭᠤᠴᠠᠯᠭᠠᠲᠠᠨ ᠭᠦᠸᠧ ᡁᠢ ᠰᠢᠶᠠᠨ᠂ ᠤᠯᠠᠭᠠᠨᠬᠠᠳᠠ ᠰᠤᠮᠤ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤᠬᠠᠭᠤᠯᠬᠤ ᠠᠵᠢᠯᠯᠠᠭ᠎ᠠ ᠳᠤ ᠣᠷᠣᠯᠴᠠᠵᠠᠶ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠥᠬᠦ ᠣᠷᠣᠨ ᠤ ᠡᠯ᠎ᠡ ᠭᠠᠵᠠᠷ ᠠᠴᠠ ᠢᠷᠡᠭᠰᠡᠨ 40 ᠰᠦᠯᠵᠢᠶᠡᠨ ᠤ ᠬᠤᠩ ᠳ᠋ᠠ ᠬᠥᠮᠦᠰ ᠤᠯᠠᠭᠠᠨᠴᠠᠪ ᠤᠨ ᠭᠠᠯᠲᠤ ᠠᠭᠤᠯᠠ ᠶᠢᠨ ᠦᠵᠡᠮᠵᠢ ᠶᠢᠨ ᠣᠷᠣᠨ ᠳᠤ ᠴᠤᠭᠯᠠᠷᠠᠵᠤ᠂ ᠰᠡᠭᠦᠳᠡᠷᠯᠡᠭᠰᠡᠨ ᠣᠬᠤᠷ ᠸᠢᠳᠢᠣ᠋ ᠪᠠᠷ ᠳᠠᠮᠵᠢᠭᠤᠯᠤᠨ ᠬᠠᠮᠢᠶ᠎ᠠ ᠪᠥᠬᠦᠶ ᠠᠯᠪᠠᠨ ᠤ ᠲᠠᠪᠴᠠᠩ ᠳᠤ ᠤᠬᠠᠭᠤᠯᠤᠨ ᠳᠡᠯᠭᠡᠷᠡᠭᠦᠯᠵᠦ᠂ ᠲᠤᠬᠠᠶ ᠶᠢᠨ ᠲᠠᠯᠠᠪᠠᠶ ᠳᠤ ᠰᠦᠯᠵᠢᠶᠡᠨ ᠤ ᠬᠤᠩ ᠳ᠋ᠠ ᠬᠥᠮᠦᠨ ᠲᠣᠰ ᠲᠣᠰ ᠤᠯᠠᠭᠠᠨᠴᠠᠪ ᠤᠨ ᠭᠠᠯᠲᠤ ᠠᠭᠤᠯᠠ ᠶᠢᠨ ᠦᠵᠡᠮᠵᠢ ᠶᠢᠨ ᠴᠡᠭ ᠵᠢᠴᠢ ᠠᠷᠠᠳ ᠤᠨ ᠣᠷᠣᠨ ᠰᠠᠭᠤᠴᠠ ᠳᠤ ᠰᠢᠭᠤᠳ ᠨᠡᠪᠲᠡᠷᠡᠭᠦᠯᠬᠦ ᠠᠵᠢᠯᠯᠠᠭ᠎ᠠ ᠥᠷᠨᠢᠭᠦᠯᠵᠦ᠂ ᠰᠦᠯᠵᠢᠶ᠎ᠡ ᠪᠠᠷ ᠳᠠᠮᠵᠢᠭᠤᠯᠤᠨ ᠨᠠᠩ ᠣᠯᠠᠨ ᠬᠥᠮᠦᠨ ᠳᠤ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠥᠪᠡᠷᠮᠢᠴᠡ ᠵᠢᠭᠤᠯᠴᠢᠯᠠᠯ ᠤᠨ ᠡᠬᠢ ᠪᠠᠶᠠᠯᠢᠭ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠪᠠ ᠤᠨᠴᠠᠯᠢᠬᠳᠤ ᠠᠮᠲᠠᠲᠤ ᠢᠳᠡᠭᠡᠨ ᠵᠢᠴᠢ ᠵᠠᠩ ᠦᠢᠯᠡ ᠶᠢᠨ ᠵᠠᠩ ᠠᠭᠠᠯᠢ ᠶᠢ ᠳᠡᠯᠭᠡᠨ ᠦᠵᠡᠭᠦᠯᠵᠦ᠂ ᠥᠷᠭᠡᠨ ᠣᠯᠠᠨ ᠰᠦᠯᠵᠢᠶᠡᠨ ᠢᠷᠭᠡᠳ ᠤᠨ ᠠᠩᠬᠠᠷᠤᠯ ᠢ ᠲᠠᠲᠠᠵᠤ᠂ ᠲᠤᠬᠠᠶ ᠶᠢᠨ ᠭᠠᠵᠠᠷ ᠤᠨ ᠡᠯᠧᠺᠲᠷᠤᠨ ᠬᠤᠳᠠᠯᠳᠤᠭᠠᠨ ᠤ ᠠᠵᠤ ᠠᠬᠤᠶ ᠶᠢᠨ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ ᠡᠭᠦᠨ ᠤ ᠬᠠᠮᠲᠤ᠂ ᠠᠵᠢᠯᠯᠠᠭ᠎ᠠ ᠨᠢ ᠪᠠᠰᠠ ᠰᠦᠯᠵᠢᠶᠡᠨ ᠤ ᠣᠳᠣᠨ ᠬᠥᠮᠦᠨ ᠪᠣᠯᠤᠨ ᠲᠤᠬᠠᠶ ᠶᠢᠨ ᠭᠠᠵᠠᠷ ᠤᠨ ᠠᠵᠤ ᠠᠬᠤᠶᠢᠯᠠᠯ ᠤᠨ ᠬᠠᠮᠵᠢᠯᠴᠠᠭ᠎ᠠ ᠶᠢ ᠠᠬᠢᠭᠤᠯᠵᠤ᠂ ᠠᠵᠤ ᠠᠬᠤᠶᠢᠯᠠᠯ ᠤᠨ ᠢᠷᠡᠭᠡᠳᠦᠶ ᠶᠢᠨ ᠬᠥᠭᠵᠢᠯᠲᠡ ᠳᠤ ᠬᠤᠳᠠᠯᠳᠤᠭᠠᠨ ᠤ ᠠᠵᠠ ᠲᠣᠬᠢᠶᠠᠯ ᠬᠠᠩᠭᠠᠭᠰᠠᠨ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠨᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠳᠠᠭᠠᠵᠤ᠂ ︽ᠲᠣᠭᠠᠴᠢᠯᠠᠭᠰᠠᠨ ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ︾ ᠢᠨᠵᠧᠨᠧᠷᠢᠩ ᠢ ᠦᠢᠯᠡᠳᠦᠯᠭᠡᠵᠢᠭᠦᠯᠵᠦ᠂ ᠲᠣᠭᠠᠴᠢᠯᠠᠭᠰᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠥᠭᠡᠳ ᠨᠠᠩ ᠣᠯᠠᠨ ᠵᠤᠭᠠᠴᠠᠭᠰᠠᠳ ᠢ ᠲᠡᠳᠡᠨ ᠠᠪᠴᠢᠷᠠᠵᠤ ᠲᠣᠭᠤᠷᠢᠨ ᠵᠤᠭᠠᠴᠠᠭᠤᠯᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠣᠯᠭᠤᠭᠰᠠᠨ ᠪᠠᠶᠢᠨ᠎ᠠ᠃                           ᠵᠣᠬᠢᠶᠠᠭᠴᠢ᠄ ᠮᠡᠳᠡᠭᠡᠯᠡᠭᠴᠢ᠄ ᠪᠤᠯᠠᠭ᠂ ᠯᠢ ᠷᠦᠩ ᠰᠢᠨ                           ᠤᠷᠴᠢᠭᠤᠯᠤᠭᠴᠢ᠄ ᠡᠷᠳᠡᠨᠢᠴᠢᠮᠡᠭ                           ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号