ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ | ᠪᠦᠬᠦᠢ ᠨᠢᠭᠡᠴᠡ ᠳᠤ᠄ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠤᠨᠴᠠᠯᠢᠬᠳᠤ ᠠᠵᠤ ᠦᠢᠯᠡᠰ ᠢ ᠪᠤᠶᠢᠵᠢᠭᠤᠯᠵᠤ᠂ ᠰᠢᠨ᠎ᠡ ᠡᠨᠧᠷᠭᠢ ᠶᠢᠨ | ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ | ᠠᠬᠢᠭᠤᠯᠬᠤ ᠶᠢᠨ ᠲᠥᠯᠥᠭᠡ᠂ ᠡᠳᠦᠭᠡ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠣᠰᠬᠤᠨ ᠤ | ᠲᠠᠰ ᠤᠨ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠠᠰᠢᠭ ᠣᠷᠣᠯᠭ᠎ᠠ ᠶᠢᠨ | ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠢᠷᠤᠮᠯᠠᠨ | ᠬᠡᠷᠡᠭᠵᠢᠭᠦᠯᠲᠦᠭᠡᠶ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 6 ᠰᠠᠷ᠎ᠠ ᠶᠢᠨ 12 ᠤᠨ ᠡᠳᠦᠷ | ︵ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠬᠦ︶ | ᠴᠠᠬᠠᠷ ᠪᠠᠷᠠᠭᠤᠨ ᠭᠠᠷᠤᠨ ᠬᠤᠢᠲᠤ ᠬᠤᠰᠢᠭᠤᠨ ᠤ ᠲᠤᠰᠬᠤᠨ ᠤ ᠳᠡᠰ ᠤᠨ ᠭᠡᠷᠡᠯ ᠴᠡᠨᠡᠭ ᠤᠨ ᠬᠠᠪᠰᠤᠷᠤᠨ ᠲᠡᠳᠭᠦᠬᠦ | ᠴᠠᠬᠢᠯᠭᠠᠨ ᠥᠷᠲᠡᠭᠡ | ᠠᠰᠢᠭ ᠤᠷᠤᠯᠭ᠎ᠠ ᠶᠢᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠣᠷᠰᠢᠨ | ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠯᠵᠢᠯᠲᠡ ᠶᠢᠨ | ᠬᠤᠭᠤᠴᠠᠭᠠᠨ ᠳᠠᠬᠢ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ | ᠠᠰᠢᠭ ᠣᠷᠣᠯᠭ᠎ᠠ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ︽ | ︿ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ ᠠᠰᠢᠭ | ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠮᠡᠳᠡᠭᠳᠡᠯ︾ ︵ᠲᠥᠷᠥ | ᠲᠠᠷᠬᠠᠭᠠᠭᠰᠠᠨ 〔2017〕 61 ᠳ᠋ᠤᠭᠡᠷ ᠲᠣᠭᠠᠲᠤ︶᠂ ︽ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠴᠢᠩᠭᠠᠳᠬᠠᠬᠤ ᠲᠤᠬᠠᠶ | ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ | ᠵᠠᠬᠢᠳᠠᠯ〔2021〕 51 ᠳ᠋ᠤᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠵᠢᠴᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ | ᠥᠷᠲᠡᠭᠡ ᠶᠢᠨ ᠠᠰᠢᠭ ᠣᠷᠣᠯᠭ᠎ᠠ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠤᠷᠰᠢᠨ | ᠬᠡᠷᠡᠭᠵᠢᠭᠦᠯᠬᠦ ᠲᠥᠰᠦᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰᠬᠤᠨ ᠤ ᠲᠠᠰ ᠤᠨ ᠬᠡᠷᠡᠯ | ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ ᠠᠰᠢᠭ ᠣᠷᠣᠯᠭ᠎ᠠ ᠶᠢᠨ ᠬᠡᠷᠡᠭᠯᠡᠯᠲᠡ ᠶᠢᠨ | ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ᠢ ᠣᠨᠴᠠᠭᠠᠶᠢᠯᠠᠨ | ᠲᠣᠭᠲᠠᠭᠠᠪᠠ᠃ | ᠬᠤᠶᠠᠳᠤᠭᠠᠷ ᠵᠦᠢᠯ ᠲᠣᠰᠬᠤᠨ ᠤ ᠱᠠᠲᠤᠨ ᠤ ᠭᠡᠷᠡᠯ ᠴᠡᠨᠡᠭ ᠢ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ | ᠪᠣᠯ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠨᠥᠬᠦᠪᠥᠷᠢ ᠶᠢᠨ ᠭᠠᠷᠴᠠᠭ ᠲᠤ ᠨᠢᠭᠡᠨᠲᠡ | ᠤᠷᠤᠭᠰᠠᠨ ᠲᠣᠰᠬᠤᠨ ᠤ ᠱᠠᠲᠤᠨ ᠤ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢ ᠵᠢᠭᠠᠵᠤ | ᠪᠠᠶᠢᠨ᠎ᠠ᠃ | ᠬᠤᠶᠠᠳᠤᠭᠠᠷ ᠪᠦᠯᠦᠭ ᠦᠨᠳᠦᠰᠦᠨ ᠵᠠᠷᠴᠢᠮ | ᠭᠤᠷᠪᠠᠳᠤᠭᠠᠷ ᠵᠦᠢᠯ ᠬᠡᠷᠡᠯ ᠴᠡᠨᠡᠭ ᠢᠶᠠᠷ ᠬᠠᠪᠰᠤᠷᠤᠨ ᠲᠡᠳᠬᠦᠭᠰᠡᠨ ᠠᠰᠢᠭ ᠣᠷᠣᠯᠭ᠎ᠠ ᠨᠢ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠶ ᠶᠢ ᠪᠣᠶ ᠪᠣᠯᠭᠠᠵᠤ᠂ ᠭᠤᠤᠯᠳᠠᠭᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠬᠡᠷᠡᠭᠯᠡᠨ᠎ᠡ᠃ | ᠳᠥᠷᠪᠡᠳᠦᠭᠡᠷ ᠵᠦᠢᠯ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠭᠳᠡᠬᠦ ᠡᠲᠡᠭᠡᠳ ᠢ ᠪᠠᠭᠲᠠᠭᠠᠨ᠎ᠠ︶ | ᠵᠡᠷᠭᠡ ᠬᠦᠴᠢᠷᠳᠡᠯᠲᠡᠢ ᠣᠯᠠᠨ ᠲᠦᠮᠡᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ᠂ ᠵᠢᠵᠢᠭ | ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ ᠪᠠ ᠱᠠᠩᠨᠠᠵᠤ ᠲᠤᠰᠠᠯᠠᠬᠤ ᠳᠤ ᠬᠡᠷᠡᠭᠯᠡᠬᠦ ᠶᠢ ᠦᠷᠭᠦᠯᠵᠢᠯᠡᠨ | ᠳᠡᠮᠵᠢᠬᠦ ᠶᠢᠨ ᠬᠠᠮᠲᠤ᠂ ᠭᠡᠷᠡᠯ ᠴᠡᠨᠡᠭ ᠢᠶᠠᠷ ᠬᠠᠪᠰᠤᠷᠤᠨ ᠲᠡᠳᠬᠦᠭᠰᠡᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ | ᠬᠡᠪᠴᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠢ | ᠳᠠᠶᠢᠴᠢᠯᠠᠨ ᠠᠵᠢᠯ ᠣᠯᠭᠤᠬᠤ ᠪᠠᠷ ᠨᠡᠯᠢᠶᠡᠳ ᠤᠯᠠᠨ᠂ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠬᠡᠷᠡᠭᠯᠡᠬᠦ | ᠠᠵᠤ ᠦᠢᠯᠡᠰ ᠢ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠵᠡᠷᠭᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠲᠥᠷᠥᠯ ᠵᠦᠢᠯ ᠳᠤ ᠬᠡᠷᠡᠭᠯᠡᠬᠦ ᠶᠢ ᠳᠡᠮᠵᠢᠬᠦ ᠬᠡᠷᠡᠭᠲᠡᠢ᠃ ᠬᠡᠷᠡᠯ ᠴᠡᠨᠡᠭ ᠢᠶᠠᠷ ᠬᠠᠪᠰᠤᠷᠤᠨ | ᠲᠡᠳᠬᠦᠭᠰᠡᠨ ᠠᠰᠢᠭ ᠣᠷᠣᠯᠭ᠎ᠠ ᠶᠢᠨ ᠪᠠᠯᠠ ᠮᠥᠩᠭᠦ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠳᠤ ᠬᠡᠷᠡᠭᠯᠡᠬᠦ ᠬᠠᠷᠢᠴᠠᠯ ᠳᠤ ᠬᠡᠷᠡᠭᠯᠡᠬᠦ ᠥᠬᠡᠶ᠂ ᠡᠯ᠎ᠡ ᠰᠤᠮᠤ ᠰᠢᠶᠠᠩ ᠪᠠᠯᠭᠠᠰᠤ ᠬᠡᠷᠡᠯ ᠴᠡᠨᠡᠭ ᠢᠶᠠᠷ | ᠬᠠᠪᠰᠤᠷᠤᠨ ᠲᠡᠳᠬᠦᠭᠰᠡᠨ ᠠᠰᠢᠭ ᠣᠷᠣᠯᠭ᠎ᠠ ᠶᠢᠨ ᠡᠷᠬᠡ ᠶᠢ ᠨᠤᠲᠠᠯᠠᠨ ᠲᠣᠭᠲᠠᠭᠠᠭᠰᠠᠨ ᠭᠠᠴᠠᠭ᠎ᠠ ᠲᠣᠰᠬᠤᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠤᠷᠢᠵᠤ | ᠬᠡᠷᠡᠭᠯᠡᠭᠰᠡᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠬᠠᠩᠭᠠᠭᠰᠠᠨ ᠰᠠᠭᠤᠷᠢᠨ ᠳᠡᠭᠡᠷ᠎ᠡ ᠪᠣᠳᠠᠲᠠᠶ ᠪᠠᠶᠢᠳᠠᠯ ᠢᠶᠠᠨ | ᠦᠨᠳᠦᠰᠦᠯᠡᠨ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠰᠣᠩᠭᠤᠨ ᠤᠷᠢᠵᠤ ᠣᠷᠣᠯᠭ᠎ᠠ ᠨᠡᠯᠢᠶᠡᠳ ᠳᠣᠤᠷ᠎ᠠ | ᠮᠠᠯᠵᠢᠬᠤ ᠲᠠᠷᠢᠶᠠᠯᠠᠬᠤ ᠡᠷᠦᠬᠡ ᠶᠢ ᠣᠷᠣᠯᠴᠠᠭᠤᠯᠵᠤ ᠪᠣᠯᠤᠨ᠎ᠠ᠃ | ᠲᠠᠪᠤᠳᠤᠭᠠᠷ ᠵᠦᠢᠯ ᠭᠡᠷᠡᠯ ᠴᠡᠨᠡᠭ ᠢᠶᠠᠷ ᠬᠠᠪᠰᠤᠷᠤᠨ ᠲᠡᠳᠬᠦᠭᠰᠡᠨ ᠠᠰᠢᠭ ᠣᠯᠵᠠᠪᠤᠷᠢ ᠶᠢᠨ ᠪᠡᠯᠡ ᠮᠥᠩᠭᠦ ᠶᠢ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠠᠵᠢᠯᠲᠠᠨ ᠤ ᠴᠠᠯᠢᠩ ᠤᠨ ᠨᠥᠬᠦᠪᠥᠷᠢ ᠪᠠ ᠠᠵᠢᠯᠯᠠᠬᠤ ᠵᠠᠷᠤᠯᠭ᠎ᠠ᠂ | ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ ᠬᠤᠳᠠᠯᠳᠤᠨ ᠠᠪᠬᠤ᠂ | ᠠᠰᠠᠷ ᠲᠠᠩᠬᠢᠮ ᠪᠠᠭᠤᠳᠠᠯ ᠭᠠᠵᠠᠷ᠂ ᠡᠯ᠎ᠡ ᠵᠦᠢᠯ ᠤᠨ ᠱᠠᠩᠨᠠᠯ ᠤᠨ ᠮᠥᠩᠭᠦ ᠶᠢᠨ ᠨᠡᠮᠡᠭᠦᠷᠢ ᠮᠥᠩᠭᠦ ᠪᠠ | ᠠᠰᠠᠷᠠᠮᠵᠢ ᠶᠢᠨ ᠨᠥᠬᠦᠪᠥᠷᠢ᠂ ᠥᠷᠢ ᠥᠭᠴᠡᠭᠡ ᠪᠠᠨ ᠲᠦᠯᠦᠬᠦ᠂ ᠰᠠᠭᠤᠷᠢ ᠮᠥᠩᠭᠦ ᠭᠠᠷᠭᠠᠬᠤ ᠪᠠ ᠣᠷᠣᠯᠠᠨ | ᠥᠭᠭᠦᠭᠰᠡᠨ ᠵᠡᠷᠭᠡ ᠳᠤ ᠬᠡᠷᠡᠭᠯᠡᠵᠦ ᠪᠣᠯᠬᠤ ᠦᠭᠡᠢ᠃ ᠬᠡᠷᠡᠯ ᠴᠡᠨᠡᠭ ᠢᠶᠠᠷ ᠬᠠᠪᠰᠤᠷᠤᠨ ᠲᠡᠳᠬᠦᠭᠰᠡᠨ ᠠᠰᠢᠭ | ᠣᠷᠣᠯᠭ᠎ᠠ ᠶᠢᠨ ᠪᠠᠯᠠ ᠮᠥᠩᠭᠦ ᠳᠤ ᠰᠠᠭᠤᠵᠤ ᠰᠢᠭᠤᠳ ᠵᠠᠷᠤᠬᠤ᠂ ᠰᠤᠯᠠ ᠪᠠᠷᠢᠮᠲᠠ ᠪᠠᠷ ᠲᠠᠩᠰᠠ ᠲᠤᠯᠬᠤ᠂ | ᠠᠯᠪᠠᠨ ᠤ ᠵᠣᠭᠤᠰ ᠢ ᠬᠤᠪᠢ ᠪᠠᠷ ᠢᠶᠠᠨ ᠬᠠᠳᠠᠭᠠᠯᠠᠬᠤ ᠪᠠ ᠳᠤᠷ᠎ᠠ ᠪᠠᠷ ᠢᠶᠠᠨ ᠵᠢᠵᠢᠭ ᠵᠣᠭᠤᠰ ᠤᠨ ᠬᠥᠮᠥᠷᠭᠡ | ᠪᠠᠶᠢᠭᠤᠯᠵᠤ ᠪᠣᠯᠬᠤ ᠥᠬᠡᠶ᠃ ᠨᠠᠷᠠᠨ ᠡᠨᠧᠷᠭᠢ ᠪᠠᠷ ᠬᠠᠪᠰᠤᠷᠤᠨ ᠲᠡᠳᠬᠦᠭᠰᠡᠨ ᠠᠱᠢᠭ ᠣᠷᠣᠯᠭ᠎ᠠ ᠶᠢᠨ ᠪᠡᠯᠡ | ᠮᠥᠩᠭᠦ ᠶᠢ ᠳᠥᠭᠦᠮ ᠢᠶᠠᠷ ᠵᠣᠭᠤᠰ ᠬᠤᠪᠢᠶᠠᠬᠤ ᠬᠡᠯᠪᠡᠷᠢ ᠪᠠᠷ ᠬᠤᠪᠢᠶᠠᠷᠢᠯᠠᠬᠤ ᠶᠢ ᠵᠥᠪᠱᠢᠶᠡᠷᠡᠬᠦ ᠦᠭᠡᠢ᠃ | ᠵᠢᠷᠭᠤᠳᠤᠭᠠᠷ ᠵᠦᠢᠯ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠠᠰᠢᠭ ᠣᠷᠣᠯᠭ᠎ᠠ ᠶᠢᠨ ᠡᠷᠬᠡ ᠶᠢ ᠨᠤᠲᠠᠯᠠᠨ | ᠲᠣᠭᠲᠠᠭᠠᠭᠰᠠᠨ ᠭᠠᠴᠠᠭ᠎ᠠ ᠲᠣᠰᠬᠤᠨ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠷᠠᠳᠴᠢᠯᠠᠯ ᠢᠶᠠᠷ | ᠬᠡᠷᠡᠭ ᠵᠥᠪᠯᠡᠬᠦ ᠲᠠᠰ ᠳᠠᠷᠠᠭᠠᠯᠠᠯ ᠶᠣᠰᠣᠭᠠᠷ᠂ ᠵᠢᠯ ᠪᠦᠷᠢ ᠬᠡᠷᠡᠯ ᠴᠡᠨᠡᠭ ᠢᠶᠠᠷ ᠬᠠᠪᠰᠤᠷᠤᠨ ᠲᠡᠳᠬᠦᠭᠰᠡᠨ ᠠᠰᠢᠭ | ᠣᠷᠣᠯᠭ᠎ᠠ ᠶᠢᠨ ᠬᠡᠷᠡᠭᠯᠡᠯᠲᠡ ᠶᠢᠨ ᠲᠥᠯᠥᠪᠯᠡᠭᠡ ᠲᠣᠭᠲᠠᠭᠠᠵᠤ᠂ ᠲᠥᠷᠥᠯ ᠵᠦᠢᠯ ᠢ ᠰᠣᠩᠭᠤᠨ ᠭᠠᠷᠭᠠᠬᠤ᠂ | ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠮᠤ ᠰᠢᠶᠠᠩ ᠪᠠᠯᠭᠠᠰᠤ ᠪᠠᠷ ᠬᠢᠨᠠᠨ | ᠬᠠᠷᠭᠤᠭᠤᠯᠤᠭᠰᠠᠨ ᠤ ᠳᠠᠷᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠳᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ ᠪᠣᠳᠠᠲᠠᠶ ᠲᠥᠷᠥᠯ ᠵᠦᠢᠯ ᠢ ᠰᠤᠮᠤ ᠰᠢᠶᠠᠩ ᠪᠠᠯᠭᠠᠰᠤ ᠶᠢᠨ ᠬᠢᠨᠠᠯᠲᠠ | ᠵᠢᠯᠣᠭᠤᠳᠤᠯᠭ᠎ᠠ ᠶᠢᠨ ᠳᠣᠤᠷ᠎ᠠ᠂ ᠭᠠᠴᠠᠭ᠎ᠠ ᠲᠣᠰᠬᠤᠨ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠲᠥᠷᠥᠯ ᠵᠦᠢᠯ ᠳᠠᠭᠤᠰᠤᠭᠰᠠᠨ ᠤ ᠳᠠᠷᠠᠭ᠎ᠠ ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠢ ᠵᠣᠬᠢᠶᠠᠨ | ᠪᠠᠶᠢᠭᠤᠯᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠡᠷᠡᠭᠲᠡᠶ᠃ ᠭᠠᠴᠠᠭᠠᠨ ᠤ ᠱᠠᠲᠤᠨ ᠤ ᠪᠢᠴᠢᠯ ᠵᠢᠵᠢᠭ | ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠲᠣᠰᠬᠤᠨ ᠤ ᠠᠷᠠᠳ ᠤᠨ ᠠᠷᠠᠳᠴᠢᠯᠠᠯ ᠢᠶᠠᠷ ᠬᠡᠷᠡᠭ | ᠵᠥᠪᠯᠡᠬᠦ ᠠᠷᠭ᠎ᠠ ᠮᠠᠶ᠋ᠢᠭ ᠢᠶᠠᠷ ᠰᠢᠭᠤᠳ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠳᠤ ᠨᠠᠶᠢᠳᠠᠵᠤ | ᠥᠪᠡᠷ ᠢᠶᠠᠨ ᠥᠪᠡᠰᠦᠪᠡᠨ ᠡᠵᠡᠩᠨᠡᠵᠦ ᠪᠣᠯᠤᠨ᠎ᠠ᠃ ᠲᠥᠷᠥᠯ ᠵᠦᠢᠯ ᠢ ᠭᠠᠴᠠᠭ᠎ᠠ ᠲᠣᠰᠬᠤᠨ ᠨᠢ ᠲᠣᠰᠬᠤᠨ | ᠪᠠᠶᠢᠭᠤᠯᠬᠤ᠂ ᠲᠣᠰᠬᠤᠨ ᠬᠠᠮᠢᠶᠠᠷᠬᠤ᠂ ᠲᠣᠰᠬᠤᠨ ᠬᠡᠷᠡᠭᠯᠡᠬᠦ ᠵᠠᠷᠴᠢᠮ ᠶᠣᠰᠣᠭᠠᠷ᠂ ᠲᠥᠷᠥᠯ ᠵᠦᠢᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠦ᠂ ᠲᠥᠷᠥᠯ ᠵᠦᠢᠯ ᠤᠨ | ᠲᠣᠭᠲᠠᠭᠤᠨ ᠢᠶᠠᠷ ᠠᠵᠢᠯᠯᠠᠬᠤ᠂ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠳᠣᠯᠣᠳᠤᠭᠠᠷ ᠵᠦᠢᠯ ᠡᠯ᠎ᠡ ᠰᠤᠮᠤ ᠰᠢᠶᠠᠩ ᠪᠠᠯᠭᠠᠰᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠢᠵᠢᠭ | ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠱᠠᠩᠨᠠᠨ ᠨᠥᠬᠦᠪᠥᠷᠢᠯᠡᠬᠦ᠂ ᠠᠵᠤ ᠦᠢᠯᠡᠰ ᠤᠨ | ᠬᠥᠭᠵᠢᠯᠲᠡ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠵᠡᠷᠭᠡ ᠲᠥᠷᠥᠯ ᠵᠦᠢᠯ ᠢ ᠬᠡᠷᠡᠭᠵᠢᠭᠦᠯᠬᠦ ᠬᠠᠮᠢᠶᠠᠷᠤᠯᠲᠠ ᠶᠢᠨ ᠴᠤᠪᠤᠷᠠᠯ᠂ ᠪᠠᠯᠠ ᠮᠥᠩᠭᠦ ᠶᠢᠨ ᠵᠠᠷᠤᠯᠭ᠎ᠠ ᠶᠢᠨ | ᠴᠤᠪᠤᠷᠠᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠵᠤ᠂ ᠲᠥᠷᠥᠯ | ᠵᠦᠢᠯ ᠤᠨ ᠪᠡᠯᠡᠳᠬᠡᠯ᠂ ᠡᠬᠢᠯᠡᠭᠦᠯᠦᠨ ᠬᠡᠷᠡᠭᠵᠢᠭᠦᠯᠬᠦ ᠠᠴᠠ ᠪᠠᠷᠢᠯᠭ᠎ᠠ ᠳᠠᠭᠤᠰᠴᠤ ᠰᠢᠯᠭᠠᠨ ᠠᠪᠬᠤ ᠬᠦᠷᠲᠡᠯᠡᠬᠢ | ᠪᠢᠲᠡᠭᠦᠦ ᠴᠠᠭᠠᠷᠢᠭ ᠢ ᠪᠣᠶ ᠪᠣᠯᠭᠠᠨ᠎ᠠ᠃ ᠳᠠᠩᠰᠠ ᠮᠡᠳᠡᠭᠦᠯᠬᠦ ᠳᠦᠷᠢᠮ ᠢ ᠬᠡᠷᠡᠭᠵᠢᠭᠦᠯᠬᠦ ᠲᠥᠷᠥᠯ ᠵᠦᠢᠯ ᠤᠨ | ᠶᠣᠰᠣᠭᠠᠷ᠂ ᠲᠥᠷᠥᠯ ᠵᠦᠢᠯ ᠤᠨ ᠳᠠᠩᠰᠠ ᠮᠡᠳᠡᠭᠦᠯᠬᠦ ᠴᠤᠪᠤᠷᠠᠯ ᠢ ᠨᠠᠷᠢᠯᠢᠭᠵᠢᠭᠤᠯᠵᠤ᠂ ᠳᠠᠩᠰᠠ ᠮᠡᠳᠡᠭᠦᠯᠬᠦ ᠳᠡᠰ | ᠳᠠᠷᠠᠭᠠᠯᠠᠯ ᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃ ᠭᠠᠴᠠᠭ᠎ᠠ ᠲᠣᠰᠬᠤᠨ ᠨᠢ ᠬᠡᠷᠡᠯ ᠴᠡᠨᠡᠭ ᠢ | ᠬᠠᠪᠰᠤᠷᠤᠨ ᠲᠡᠳᠬᠦᠭᠰᠡᠨ ᠠᠰᠢᠭ ᠣᠷᠣᠯᠭ᠎ᠠ ᠶᠢᠨ ᠡᠬᠡ ᠲᠠᠩᠰᠠ ᠶᠢ ᠪᠠᠶᠢᠭᠤᠯᠵᠤ᠂ ᠪᠠᠯᠠ ᠮᠥᠩᠭᠦ ᠶᠢᠨ | ᠬᠡᠷᠡᠭᠯᠡᠯᠲᠡ ᠶᠢ ᠵᠢᠷᠤᠮᠵᠢᠭᠤᠯᠬᠤ ᠬᠡᠷᠡᠭᠲᠡᠶ᠃ | ᠭᠤᠷᠪᠠᠳᠤᠭᠠᠷ ᠪᠦᠯᠦᠭ ᠡᠵᠡᠩᠨᠡᠯᠲᠡ ᠬᠠᠮᠢᠶᠠᠷᠤᠯᠲᠠ | ᠨᠠᠢᠮᠠᠳᠤᠭᠠᠷ ᠵᠦᠢᠯ ᠲᠣᠰᠬᠤᠨ ᠤ ᠱᠠᠲᠤᠨ ᠤ ᠭᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ | ᠥᠷᠲᠡᠭᠡᠨ ᠤ ᠡᠳ᠋ ᠬᠥᠷᠥᠩᠭᠡ ᠶᠢᠨ ᠡᠷᠬᠡ ᠶᠢ ᠨᠤᠲᠠᠯᠠᠨ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ ᠥᠭᠴᠦ᠂ | ᠡᠯ᠎ᠡ ᠭᠠᠴᠠᠭ᠎ᠠ ᠲᠣᠰᠬᠤᠨ ᠨᠢ ᠡᠯ᠎ᠡ ᠲᠥᠷᠥᠯ ᠤᠨ ᠡᠬᠡ ᠲᠠᠩᠰᠠ ᠪᠠᠶᠢᠭᠤᠯᠬᠤ ᠶᠢᠨ ᠬᠠᠮᠲᠤ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠪᠠᠶᠢᠴᠠᠭᠠᠯᠲᠠ᠂ ᠵᠢᠯᠣᠭᠤᠳᠣᠯᠭ᠎ᠠ ᠪᠠ ᠬᠢᠨᠠᠯᠲᠠ ᠶᠢ ᠬᠦᠯᠢᠶᠡᠬᠦ ᠬᠡᠷᠡᠭᠲᠡᠶ᠃ | ᠶᠢᠰᠦᠳᠦᠭᠡᠷ ᠵᠦᠢᠯ ᠡᠯ᠎ᠡ ᠭᠠᠴᠠᠭ᠎ᠠ ᠲᠣᠰᠬᠤᠨ ᠤ ᠡᠷᠬᠡ ᠣᠯᠭᠤᠯᠲᠠ ᠪᠠᠷ ᠳᠡᠮᠵᠢᠨ᠂ ᠬᠤᠰᠢᠭᠤᠨ ᠤ | ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ︵ᠳᠣᠷᠣᠭᠰᠢ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠭᠡᠵᠦ ᠲᠣᠪᠴᠢᠯᠠᠨ᠎ᠠ︶ ᠠᠴᠠ ᠡᠯ᠎ᠡ | ᠭᠠᠴᠠᠭ᠎ᠠ ᠲᠣᠰᠬᠤᠨ ᠢ ᠲᠥᠯᠥᠭᠡᠯᠡᠨ ᠲᠣᠰᠬᠤᠨ ᠤ ᠱᠠᠲᠤᠨ ᠤ ᠬᠡᠷᠡᠯ ᠴᠡᠨᠡᠭ ᠢ ᠬᠠᠪᠰᠤᠷᠤᠨ ᠲᠡᠳᠬᠦᠬᠦ ᠴᠠᠬᠢᠯᠭᠠᠨ | ᠥᠷᠲᠡᠭᠡ ᠶᠢᠨ ᠡᠳ᠋ ᠬᠥᠷᠥᠩᠭᠡ ᠳᠤ ᠡᠵᠡᠩᠨᠡᠯᠲᠡ ᠪᠠ ᠬᠠᠮᠢᠶᠠᠷᠤᠯᠲᠠ ᠬᠢᠨ᠎ᠠ᠃ | ᠠᠷᠪᠠᠳᠤᠭᠠᠷ ᠵᠦᠢᠯ ᠬᠡᠷᠡᠯ ᠴᠡᠨᠡᠭ ᠢ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠣᠷᠳᠣ | ᠬᠤᠭᠤᠴᠠᠭᠠᠨ ᠤ ᠨᠠᠶᠢᠳᠠᠪᠤᠷᠢᠲᠠᠶ ᠠᠵᠢᠯᠯᠠᠭᠠᠨ ᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠵᠠᠰᠠᠭ ᠤᠨ ᠣᠷᠳᠣᠨ ᠦᠶ᠋ᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠤᠰᠬᠠᠶ ᠬᠡᠷᠡᠯ ᠴᠡᠨᠡᠭ ᠤᠨ ᠠᠵᠢᠯᠯᠠᠭᠤᠯᠵᠤ ᠬᠠᠮᠠᠭᠠᠯᠠᠬᠤ ᠺᠣᠮᠫᠠᠨᠢ ᠳᠤ ᠨᠠᠶᠢᠳᠠᠨ ᠪᠥᠬᠦ ᠬᠤᠰᠢᠭᠤᠨ ᠤ | ᠬᠡᠪᠴᠢᠶᠡᠨ ᠳᠠᠬᠢ ᠲᠣᠰᠬᠤᠨ ᠤ ᠲᠠᠰ ᠤᠨ ᠬᠡᠷᠡᠯ ᠴᠡᠨᠡᠭ ᠢ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠳᠤ | ᠠᠵᠢᠯᠯᠠᠭᠤᠯᠵᠤ ᠬᠠᠮᠠᠭᠠᠯᠠᠬᠤ ᠶᠢ ᠬᠠᠷᠢᠭᠤᠴᠠᠨ᠎ᠠ᠃ | ᠠᠷᠪᠠᠨ ᠨᠢᠭᠡᠳᠦᠭᠡᠷ ᠵᠦᠢᠯ ᠴᠠᠬᠢᠯᠭᠠᠨ ᠥᠷᠲᠡᠭᠡᠨ ᠤ ᠠᠮᠤᠷ ᠲᠦᠪᠰᠢᠨ ᠬᠡᠪ ᠤᠨ ᠶᠣᠰᠣᠭᠠᠷ ᠠᠵᠢᠯᠯᠠᠬᠤ ᠶᠢ | ᠪᠠᠲᠤᠯᠠᠬᠤ ᠶᠢᠨ ᠲᠥᠯᠥᠭᠡ᠂ ᠭᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠨᠡᠶᠢᠲᠡ ᠶᠢᠨ | ᠲᠥᠬᠦᠭᠡᠷᠦᠮᠵᠢ ᠶᠢ ᠶᠠᠮᠠᠷᠪᠠ ᠨᠢᠭᠡᠴᠡ ᠪᠠ ᠬᠤᠪᠢ ᠬᠥᠮᠦᠨ ᠳᠤᠷ᠎ᠠ ᠪᠠᠷ ᠢᠶᠠᠨ ᠨᠤᠷᠠᠭᠠᠵᠤ᠂ ᠥᠭᠡᠷᠡᠴᠢᠯᠡᠬᠦ ᠪᠠ | ᠰᠢᠢᠳᠪᠦᠷᠢᠯᠡᠵᠦ ᠪᠣᠯᠬᠤ ᠦᠭᠡᠢ᠂ ᠦᠨᠡᠬᠡᠷ ᠨᠤᠷᠠᠭᠠᠬᠤ᠂ ᠥᠭᠡᠷᠡᠴᠢᠯᠡᠬᠦ ᠪᠠ ᠰᠢᠢᠳᠪᠦᠷᠢᠯᠡᠬᠦ ᠴᠢᠬᠤᠯᠠᠲᠠᠢ ᠪᠣᠯ | ᠡᠷᠬᠡᠪᠰᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠢᠬᠦ | ᠬᠡᠷᠡᠭᠲᠡᠢ᠃ ᠭᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡᠨ ᠤ ᠡᠳ᠋ ᠬᠥᠷᠥᠩᠭᠡ ᠶᠢ | ᠰᠢᠢᠳᠪᠦᠷᠢᠯᠡᠭᠰᠡᠨ ᠠᠰᠢᠭ ᠣᠷᠣᠯᠭ᠎ᠠ ᠨᠢ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ ᠲᠣᠭᠠᠴᠠᠭᠳᠠᠨ᠎ᠠ᠃ | ᠳᠥᠷᠪᠡᠳᠦᠭᠡᠷ ᠪᠦᠯᠦᠭ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ | ᠠᠷᠪᠠᠨ ᠬᠤᠶᠠᠳᠤᠭᠠᠷ ᠵᠦᠢᠯ ᠭᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠠᠰᠢᠭ | ᠣᠷᠣᠯᠭ᠎ᠠ ᠶᠢᠨ ᠪᠡᠯᠡ ᠮᠥᠩᠭᠦ ᠶᠢ ᠲᠤᠰᠬᠠᠶ ᠳᠠᠩᠰᠠ ᠪᠠᠷ ᠬᠠᠮᠢᠶᠠᠷᠬᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ᠂ | ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ᠂ ᠪᠡᠯᠡ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ᠃ | ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠡᠵᠡᠩᠨᠡᠯᠲᠡ ᠬᠠᠮᠢᠶᠠᠷᠤᠯᠲᠠ ᠶᠢ | ᠬᠠᠷᠢᠭᠤᠴᠠᠬᠤ ᠶᠢᠨ ᠬᠠᠮᠲᠤ ᠠᠵᠢᠯᠯᠠᠭᠤᠯᠵᠤ ᠬᠠᠮᠠᠭᠠᠯᠠᠬᠤ ᠺᠣᠮᠫᠠᠨᠢ ᠶᠢᠨ ᠠᠵᠢᠯᠯᠠᠭᠤᠯᠵᠤ ᠬᠠᠮᠠᠭᠠᠯᠠᠬᠤ | ᠬᠠᠮᠢᠶᠠᠷᠤᠯᠲᠠ ᠳᠤ ᠬᠢᠨᠠᠯᠲᠠ ᠲᠠᠯᠪᠢᠵᠤ᠂ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ | ᠴᠠᠬᠢᠯᠭᠠᠨ ᠤ ᠦᠨ᠎ᠡ ᠶᠢ ᠳ᠋ᠦᠩᠨᠡᠨ ᠪᠤᠳᠤᠬᠤ ᠶᠢ ᠵᠣᠬᠢᠴᠠᠭᠤᠯᠵᠤ᠂ ᠵᠢᠯ ᠪᠦᠷᠢ ᠶᠢᠨ ᠨᠢᠭᠡᠳᠦᠭᠡᠷ ᠤᠯᠠᠷᠢᠯ ᠳᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠳᠡᠭᠡᠷ᠎ᠡ ᠨᠢᠭᠡ ᠵᠢᠯ ᠤᠨ ᠬᠡᠷᠡᠯ ᠴᠡᠨᠡᠭ ᠢ ᠬᠠᠪᠰᠤᠷᠤᠨ | ᠲᠡᠳᠬᠦᠬᠦ ᠴᠠᠬᠢᠯᠭᠠᠨ ᠥᠷᠲᠡᠭᠡ ᠶᠢᠨ ᠠᠵᠢᠯᠯᠠᠭᠠᠨ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠪᠠ | ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠪᠠᠶᠢᠴᠠᠭᠠᠯᠲᠠ ᠪᠠ ᠬᠢᠨᠠᠨ ᠪᠤᠳᠤᠯᠲᠠ ᠶᠢ ᠬᠦᠯᠢᠶᠡᠨ᠎ᠡ᠃ | ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠨᠢ ᠲᠣᠰᠬᠤᠨ ᠤ ᠱᠠᠲᠤᠨ ᠤ ᠬᠠᠪᠰᠤᠷᠤᠨ | ᠲᠡᠳᠬᠦᠬᠦ ᠴᠠᠬᠢᠯᠭᠠᠨ ᠥᠷᠲᠡᠭᠡ ᠶᠢᠨ ᠴᠠᠬᠢᠯᠭᠠᠨ ᠤ ᠬᠡᠮᠵᠢᠶ᠎ᠡ ᠶᠢᠨ ᠲᠡᠮᠳᠡᠭᠯᠡᠯ᠂ ᠴᠠᠬᠢᠯᠭᠠᠨ ᠤ ᠦᠨ᠎ᠡ ᠶᠢᠨ | ᠲᠣᠭᠠᠴᠠᠭ᠎ᠠ ᠬᠢᠬᠦ ᠶᠢ ᠬᠠᠷᠢᠭᠤᠴᠠᠵᠤ᠂ ᠲᠣᠰᠬᠤᠨ ᠤ ᠱᠠᠲᠤᠨ ᠤ ᠬᠠᠪᠰᠤᠷᠤᠨ ᠲᠡᠳᠬᠦᠬᠦ ᠴᠠᠬᠢᠯᠭᠠᠨ ᠥᠷᠲᠡᠭᠡᠨ ᠤ | ᠪᠣᠳᠠᠲᠠᠶ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢᠨ ᠲᠣᠭᠠᠴᠠᠭ᠎ᠠ ᠬᠢᠵᠦ ᠴᠠᠬᠢᠯᠭᠠᠨ ᠭᠠᠷᠭᠠᠭᠰᠠᠨ ᠣᠷᠣᠯᠭ᠎ᠠ ᠶᠢ | ᠦᠨᠳᠦᠰᠦᠯᠡᠨ᠂ ᠴᠠᠬᠢᠯᠭᠠᠨ ᠭᠠᠷᠭᠠᠬᠤ ᠥᠷᠲᠡᠭᠡᠨ ᠤ ᠴᠠᠬᠢᠯᠭᠠᠨ ᠭᠠᠷᠭᠠᠬᠤ ᠬᠡᠮᠵᠢᠶ᠎ᠡ᠂ ᠴᠠᠬᠢᠯᠭᠠᠨ ᠭᠠᠷᠭᠠᠭᠰᠠᠨ | ᠣᠷᠣᠯᠭ᠎ᠠ ᠵᠡᠷᠭᠡ ᠮᠡᠳᠡᠭᠡ ᠵᠠᠩᠭᠢ ᠶᠢ ᠬᠠᠷᠢᠭᠤᠴᠠᠨ᠎ᠠ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠨᠢ ᠬᠡᠷᠡᠯ ᠴᠡᠨᠡᠭ ᠢᠶᠠᠷ ᠬᠠᠪᠰᠤᠷᠤᠨ ᠲᠡᠳᠬᠦᠭᠰᠡᠨ ᠠᠰᠢᠭ | ᠣᠷᠣᠯᠭ᠎ᠠ ᠶᠢᠨ ᠬᠡᠷᠡᠭᠯᠡᠯᠲᠡ ᠬᠤᠪᠢᠶᠠᠷᠢᠯᠠᠯᠲᠠ ᠶᠢᠨ ᠮᠡᠳᠡᠭᠡ ᠵᠠᠩᠭᠢ ᠶᠢ ᠪᠥᠬᠦ ᠤᠯᠤᠰ ᠤᠨ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠬᠥᠳᠡᠯᠦᠩᠭᠦᠶ ᠬᠢᠨᠠᠨ | ᠬᠡᠮᠵᠢᠯᠲᠡ ᠶᠢ ᠬᠡᠷᠡᠭᠵᠢᠭᠦᠯᠦᠨ᠂ ᠠᠵᠢᠯ ᠤᠨ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠪᠦᠷᠢᠳᠬᠡᠨ ᠵᠠᠳᠠᠯᠬᠤ | ᠵᠡᠷᠭᠡ ᠠᠵᠢᠯ ᠢ ᠴᠢᠩᠭᠠᠳᠬᠠᠵᠤ᠂ ᠡᠷᠬᠡ ᠶᠢ ᠨᠤᠲᠠᠯᠠᠨ ᠲᠣᠭᠲᠠᠭᠠᠭᠰᠠᠨ ᠭᠠᠴᠠᠭ᠎ᠠ ᠲᠣᠰᠬᠤᠨ ᠤ ᠠᠰᠢᠭ ᠣᠷᠣᠯᠭ᠎ᠠ | ᠪᠠ ᠬᠡᠷᠡᠭᠯᠡᠯᠲᠡ ᠶᠢᠨ ᠪᠠᠶᠢᠳᠠᠯ ᠢ ᠦᠨᠡᠨ ᠪᠣᠳᠠᠲᠠᠶ ᠪᠠᠷ ᠲᠤᠰᠬᠠᠬᠤ ᠶᠢ ᠬᠠᠷᠢᠭᠤᠴᠠᠨ᠎ᠠ᠃ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ | ᠺᠣᠮᠫᠠᠨᠢ ᠶᠢᠨ ᠠᠰᠢᠭ ᠣᠷᠣᠯᠭ᠎ᠠ ᠶᠢᠨ ᠭᠠᠴᠠᠭ᠎ᠠ ᠲᠣᠰᠬᠤᠨ ᠤ ᠡᠷᠬᠡ ᠶᠢ ᠨᠤᠲᠠᠯᠠᠨ ᠲᠣᠭᠲᠠᠭᠠᠬᠤ ᠴᠠᠬᠢᠯᠭᠠᠨ | ᠥᠷᠲᠡᠭᠡ ᠶᠢᠨ ᠪᠠᠭᠲᠠᠭᠠᠮᠵᠢ ᠶᠢᠨ ᠡᠵᠡᠯᠡᠬᠦ ᠬᠠᠷᠢᠴᠠᠯ ᠢ ᠲᠣᠭᠲᠠᠭᠠᠭᠰᠠᠨ ᠠᠰᠢᠭ ᠣᠷᠣᠯᠭ᠎ᠠ ᠶᠢᠨ | ᠬᠤᠪᠢᠶᠠᠷᠢᠯᠠᠯᠲᠠ ᠶᠢᠨ ᠲᠣᠳᠣᠷᠬᠠᠶᠢᠯᠠᠯᠲᠠ ᠵᠢᠴᠢ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠶᠢᠨ | ᠬᠦᠰᠦᠨᠦᠭᠲᠦ ᠶᠢ ᠦᠨᠳᠦᠰᠦᠯᠡᠨ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠠᠰᠢᠭ | ᠣᠷᠣᠯᠭ᠎ᠠ ᠶᠢ ᠡᠯ᠎ᠡ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠲᠠᠩᠰᠠᠨ ᠡᠷᠦᠬᠡ ᠳᠤ ᠭᠦᠢᠴᠡᠳ ᠲᠤᠭ᠎ᠠ ᠪᠠᠷ | ᠬᠤᠪᠢᠶᠠᠷᠢᠯᠠᠪᠠ᠃ | ᠡᠯ᠎ᠡ ᠰᠤᠮᠤ ᠰᠢᠶᠠᠩ ᠪᠠᠯᠭᠠᠰᠤ ᠡᠯ᠎ᠡ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠡᠷᠡᠯ ᠴᠡᠨᠡᠭ ᠤᠨ | ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢ ᠵᠣᠬᠢᠶᠠᠨ ᠪᠠᠶᠢᠭᠤᠯᠬᠤ᠂ ᠬᠢᠨᠠᠯᠲᠠ ᠲᠠᠯᠪᠢᠬᠤ᠂ ᠵᠣᠬᠢᠴᠠᠭᠤᠯᠬᠤ ᠶᠢᠨ | ᠬᠠᠮᠲᠤ ᠬᠤᠪᠢᠶᠠᠷᠢᠯᠠᠬᠤ ᠳᠡᠰ ᠳᠠᠷᠠᠭᠠᠯᠠᠯ ᠪᠠ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢ ᠬᠢᠨᠠᠨ ᠬᠠᠮᠢᠶᠠᠷᠬᠤ | ᠬᠡᠷᠡᠭᠲᠡᠢ᠃ | ᠡᠯ᠎ᠡ ᠭᠠᠴᠠᠭ᠎ᠠ ᠲᠣᠰᠬᠤᠨ ᠤ ᠬᠤᠶᠠᠷ ᠵᠥᠪᠯᠡᠯ ᠪᠣᠯ ᠲᠣᠰᠬᠤᠨ ᠤ ᠱᠠᠲᠤᠨ ᠤ ᠬᠡᠷᠡᠯ ᠴᠡᠨᠡᠭ ᠤᠨ ᠴᠠᠬᠢᠯᠭᠠᠨ | ᠥᠷᠲᠡᠭᠡ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠡᠶᠢᠲᠡᠯᠡᠭᠰᠡᠨ ᠠᠰᠢᠭ ᠣᠷᠣᠯᠭ᠎ᠠ ᠶᠢᠨ | ᠬᠤᠪᠢᠶᠠᠷᠢᠯᠠᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠣᠰᠣᠭᠠᠷ᠂ ᠲᠣᠰ ᠭᠠᠴᠠᠭ᠎ᠠ ᠲᠣᠰᠬᠤᠨ ᠤ ᠠᠰᠢᠭ | ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠰᠦᠯ ᠢ ᠬᠠᠷᠢᠭᠤᠴᠠᠨ ᠲᠣᠭᠲᠠᠭᠠᠵᠤ᠂ ᠭᠠᠴᠠᠭ᠎ᠠ ᠲᠣᠰᠬᠤᠨ ᠤ ᠨᠠᠮ ᠤᠨ | ᠡᠭᠦᠷ ᠤᠨ ᠱᠦᠵᠢ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ | ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠵᠢᠯ ᠪᠦᠷᠢ ᠲᠣᠰᠬᠤᠨ ᠤ ᠲᠡᠰ ᠤᠨ ᠬᠡᠷᠡᠯ ᠴᠡᠨᠡᠭ ᠢᠶᠠᠷ ᠶᠠᠳᠠᠭᠤ ᠶᠢ | ᠲᠡᠳᠬᠦᠬᠦ ᠴᠠᠬᠢᠯᠭᠠᠨ ᠥᠷᠲᠡᠭᠡ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠳᠤ ᠨᠢᠭᠡ ᠤᠳᠠᠭ᠎ᠠ ᠬᠢᠨᠠᠨ | ᠪᠣᠳᠣᠯᠲᠠ ᠬᠢᠵᠦ᠂ ᠳᠡᠰ ᠳᠠᠷᠠᠭᠠᠯᠠᠯ ᠨᠢ ᠵᠢᠷᠤᠮᠵᠢᠯ ᠲᠠᠢ᠂ ᠪᠡᠯᠡ ᠮᠥᠩᠭᠦ ᠶᠢᠨ ᠬᠡᠷᠡᠭᠯᠡᠯᠲᠡ ᠨᠢ ᠵᠦᠶ ᠵᠣᠬᠢᠰᠲᠠᠶ | ᠪᠠᠶᠢᠬᠤ ᠶᠢ ᠦᠨᠡᠨᠬᠦ ᠪᠠᠲᠤᠯᠠᠨ᠎ᠠ᠃ | ᠲᠠᠪᠤᠳᠤᠭᠠᠷ ᠪᠦᠯᠦᠭ ᠠᠰᠢᠭ ᠣᠯᠵᠠᠪᠤᠷᠢ ᠶᠢᠨ ᠬᠤᠪᠢᠶᠠᠷᠢᠯᠠᠯ | ᠠᠷᠪᠠᠨ ᠭᠤᠷᠪᠠᠳᠤᠭᠠᠷ ᠵᠦᠢᠯ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ | ᠥᠷᠲᠡᠭᠡ ᠶᠢᠨ ᠠᠰᠢᠭ ᠣᠷᠣᠯᠭ᠎ᠠ ︵ᠳᠣᠷᠣᠭᠰᠢ ᠬᠡᠷᠡᠯ ᠴᠡᠨᠡᠭ ᠢᠶᠠᠷ ᠬᠠᠪᠰᠤᠷᠤᠨ ᠲᠡᠳᠬᠦᠭᠰᠡᠨ ᠠᠰᠢᠭ ᠣᠷᠣᠯᠭ᠎ᠠ | ᠭᠡᠵᠦ ᠲᠣᠪᠴᠢᠯᠠᠨ᠎ᠠ︶ ᠭᠡᠳᠡᠭ ᠨᠢ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠨᠥᠬᠦᠪᠥᠷᠢ ᠶᠢᠨ | ᠭᠠᠷᠴᠠᠭ ᠲᠤ ᠨᠢᠭᠡᠨᠲᠡ ᠵᠢᠭᠰᠠᠭᠠᠨ ᠣᠷᠣᠭᠤᠯᠤᠭᠰᠠᠨ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ | ᠲᠡᠳᠬᠦᠬᠦ ᠴᠠᠬᠢᠯᠭᠠᠨ ᠥᠷᠲᠡᠭᠡ ᠶᠢᠨ ᠴᠠᠬᠢᠯᠭᠠᠨ ᠭᠠᠷᠭᠠᠭᠰᠠᠨ ᠤ ᠠᠰᠢᠭ ᠣᠯᠵᠠᠪᠤᠷᠢ ᠶᠢ ᠵᠢᠭᠠᠵᠤ ᠪᠣᠶ᠂ ᠭᠠᠵᠠᠷ | ᠰᠢᠷᠣᠶ ︵ᠣᠶᠢᠲᠤ ᠭᠠᠵᠠᠷ︶ ᠲᠠᠲᠠᠪᠤᠷᠢᠯᠠᠨ ᠡᠵᠡᠯᠡᠭᠰᠡᠨ ᠵᠠᠷᠤᠳᠠᠯ᠂ ᠲᠠᠯᠠᠪᠤᠷ ᠭᠠᠵᠠᠷ ᠤᠨ ᠲᠦᠷᠢᠶᠡᠰᠦᠨ ᠮᠥᠩᠭᠦ᠂ | ᠡᠯ᠎ᠡ ᠲᠥᠷᠥᠯ ᠤᠨ ᠭᠠᠶᠢᠯᠢ ᠰᠦᠢᠳᠬᠡᠯ ᠤᠨ ᠳᠠᠭᠠᠳᠬᠠᠯ᠂ ᠡᠵᠡᠩᠨᠡᠵᠦ ᠠᠵᠢᠯᠯᠠᠭᠤᠯᠵᠤ ᠪᠠᠲᠤᠯᠠᠬᠤ ᠵᠡᠷᠭᠡ ᠵᠠᠷᠤᠳᠠᠯ ᠢ | ᠬᠠᠰᠤᠭᠰᠠᠨ ᠤ ᠳᠠᠷᠠᠭᠠᠬᠢ ᠵᠣᠭᠤᠰ ᠤᠨ ᠲᠤᠭ᠎ᠠ ᠶᠢ ᠵᠢᠭᠠᠵᠤ ᠪᠣᠶ᠃ | ᠡᠵᠡᠩᠨᠡᠯᠲᠡ ᠶᠢᠨ ᠥᠪᠡᠷ ᠤᠨ ᠥᠷᠲᠡᠭ ᠲᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢ ᠪᠠᠭᠲᠠᠭᠠᠨ᠎ᠠ᠄ | ᠨᠢᠭᠡ ᠳᠤ ᠲᠡᠭᠡᠭᠡᠪᠦᠷᠢ ᠶᠢᠨ ᠵᠠᠷᠤᠳᠠᠯ᠃ ᠬᠤᠰᠢᠭᠤᠨ ᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ | ᠠᠪᠬᠤ ᠦᠨ᠎ᠡ ᠬᠠᠩᠰᠢ ᠶᠢᠨ ᠪᠠᠷᠢᠮᠵᠢᠶ᠎ᠠ ᠶᠢ ᠦᠨᠳᠦᠰᠦᠯᠡᠨ᠂ ᠠᠵᠢᠯᠯᠠᠭᠤᠯᠵᠤ ᠪᠠᠲᠤᠯᠠᠬᠤ ᠬᠡᠯᠡᠯᠴᠡᠭᠡᠷ ᠶᠣᠰᠣᠭᠠᠷ᠂ | ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠠᠴᠠ ᠨᠡᠭᠦᠷᠡᠰᠦ ᠰᠢᠲᠠᠭᠠᠬᠤ ᠬᠡᠪ ᠳᠠᠭᠤᠷᠢᠶᠠᠯ | ᠪᠣᠯᠬᠤ ᠴᠠᠬᠢᠯᠭᠠᠨ ᠤ ᠦᠨ᠎ᠡ ᠠᠴᠠ ᠵᠣᠬᠢᠴᠠᠯᠳᠤᠭᠰᠠᠨ ᠣᠷᠣᠯᠭ᠎ᠠ᠂ ᠠᠵᠢᠯᠯᠠᠭᠤᠯᠵᠤ ᠪᠠᠲᠤᠯᠠᠬᠤ ᠺᠣᠮᠫᠠᠨᠢ ᠶᠢᠨ | ᠠᠵᠢᠯᠯᠠᠭᠤᠯᠵᠤ ᠪᠠᠲᠤᠯᠠᠬᠤ ᠵᠠᠷᠤᠳᠠᠯ ᠥᠭᠭᠦᠨ᠎ᠡ᠃ | ᠬᠤᠶᠠᠷ ᠲᠤ ᠡᠵᠡᠩᠨᠡᠨ ᠬᠠᠮᠢᠶᠠᠷᠬᠤ ᠵᠠᠷᠤᠳᠠᠯ᠃ ᠬᠡᠷᠡᠯ ᠴᠡᠨᠡᠭ ᠢ ᠬᠠᠪᠰᠤᠷᠤᠨ ᠲᠡᠳᠬᠦᠬᠦ ᠴᠠᠬᠢᠯᠭᠠᠨ | ᠥᠷᠲᠡᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠵᠠᠷᠤᠳᠠᠯ ᠢ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢ ᠺᠢᠯᠣᠸᠠᠲ | ᠴᠠᠭ ᠪᠦᠷᠢ ᠳᠤ 0.01 ᠲᠥᠭᠦᠷᠢᠭ ᠤᠨ ᠪᠠᠷᠢᠮᠵᠢᠶ᠎ᠠ ᠪᠠᠷ ᠭᠠᠷᠭᠠᠨ ᠠᠪᠴᠤ᠂ ᠬᠤᠰᠢᠭᠤᠨ ᠤ ᠲᠠᠷᠢᠶᠠᠯᠠᠩ ᠤᠨ ᠪᠠᠯᠠ | ᠣᠷᠣᠭᠤᠯᠤᠯᠲᠠ ᠶᠢᠨ ᠺᠣᠮᠫᠠᠨᠢ ᠠᠴᠠ ᠨᠡᠭᠦᠷᠡᠰᠦ ᠰᠢᠲᠠᠭᠠᠬᠤ ᠬᠡᠪ ᠳᠠᠭᠤᠷᠢᠶᠠᠯ ᠤᠨ ᠴᠠᠬᠢᠯᠭᠠᠨ ᠤ ᠦᠨ᠎ᠡ ᠶᠢ | ᠬᠠᠷᠠᠭᠠᠯᠵᠠᠭᠰᠠᠨ ᠣᠷᠣᠯᠭ᠎ᠠ ᠠᠴᠠ ᠰᠢᠭᠤᠳ ᠭᠠᠷᠭᠠᠨ ᠠᠪᠤᠨ᠎ᠠ᠃ | ᠭᠤᠷᠪᠠ ᠳᠤ ᠰᠡᠯᠪᠢᠨ ᠵᠠᠰᠠᠬᠤ ᠰᠠᠭᠤᠷᠢ ᠮᠥᠩᠭᠦ᠃ ᠰᠡᠯᠪᠢᠨ ᠵᠠᠰᠠᠬᠤ ᠰᠠᠭᠤᠷᠢ ᠮᠥᠩᠭᠦ ᠪᠠᠶᠢᠭᠤᠯᠵᠤ᠂ | ᠠᠵᠢᠯᠯᠠᠭᠤᠯᠵᠤ ᠬᠠᠮᠠᠭᠠᠯᠠᠬᠤ ᠳᠤ ᠬᠡᠷᠡᠭᠯᠡᠬᠦ ᠰᠡᠯᠪᠢᠨ ᠵᠠᠰᠠᠬᠤ᠂ ᠪᠠᠶᠢᠴᠠᠭᠠᠨ ᠬᠡᠮᠵᠢᠬᠦ᠂ ᠮᠡᠷᠭᠡᠵᠢᠯ ᠤᠨ | ᠥᠭᠡᠷᠡᠴᠢᠯᠡᠯᠲᠡ ᠵᠡᠷᠭᠡ ᠵᠠᠷᠤᠳᠠᠯ ᠢ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠶᠢ ᠺᠢᠯᠣᠸᠠᠲ ᠴᠠᠭ ᠪᠦᠷᠢ ᠳᠤ 0.02 | ᠲᠥᠭᠦᠷᠢᠭ ᠤᠨ ᠪᠠᠷᠢᠮᠵᠢᠶ᠎ᠠ ᠪᠠᠷ ᠭᠠᠷᠭᠠᠨ ᠠᠪᠴᠤ᠂ ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ | ᠺᠣᠮᠫᠠᠨᠢ ᠠᠴᠠ ᠨᠡᠭᠦᠷᠡᠰᠦ ᠰᠢᠲᠠᠭᠠᠬᠤ ᠬᠡᠪ ᠳᠠᠭᠤᠷᠢᠶᠠᠯ ᠤᠨ ᠴᠠᠬᠢᠯᠭᠠᠨ ᠤ ᠦᠨ᠎ᠡ ᠶᠢ ᠬᠠᠷᠠᠭᠠᠯᠵᠠᠭᠰᠠᠨ | ᠣᠷᠣᠯᠭ᠎ᠠ ᠶᠢᠨ ᠳᠣᠲᠣᠷ᠎ᠠ ᠠᠴᠠ ᠰᠢᠭᠤᠳ ᠭᠠᠷᠭᠠᠨ ᠠᠪᠤᠨ᠎ᠠ᠃ | ᠳᠥᠷᠪᠡ ᠳᠤ ᠭᠠᠵᠠᠷ ᠰᠢᠷᠤᠶ ᠶᠢᠨ ᠲᠦ᠋ᠷᠢᠶᠡᠰᠦᠯᠡᠬᠦ ᠰᠦᠢᠳᠭᠡᠯ᠃ ᠲᠣᠰᠬᠤᠨ ᠤ ᠱᠠᠲᠤᠨ ᠤ ᠬᠡᠷᠡᠯ ᠴᠡᠨᠡᠭ ᠢ | ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠲᠥᠷᠥᠯ ᠵᠦᠢᠯ ᠨᠢ ᠭᠠᠵᠠᠷ ᠰᠢᠷᠣᠶ ᠲᠦᠷᠢᠶᠡᠰᠦᠯᠡᠬᠦ ᠭᠠᠷ | ᠭᠦᠢᠴᠡᠳᠭᠡᠯ ᠢ ᠭᠦᠢᠴᠡᠳᠭᠡᠬᠦ ᠦᠶ᠎ᠡ ᠳᠤ᠂ ᠲᠦᠷᠢᠶᠡᠰᠦᠯᠡᠭᠦᠯᠬᠦ ᠵᠠᠷᠤᠳᠠᠯ ᠢ ᠨᠢᠭᠡᠨᠲᠡ ᠬᠤᠰᠢᠭᠤᠨ ᠤ ᠲᠠᠷᠢᠶᠠᠯᠠᠩ ᠤᠨ | ᠪᠠᠯᠠ ᠣᠷᠣᠭᠤᠯᠤᠯᠲᠠ ᠶᠢᠨ ᠺᠣᠮᠫᠠᠨᠢ ᠠᠴᠠ ᠨᠢᠭᠡᠳᠦᠯᠲᠡᠶ ᠳ᠋ᠦᠩᠨᠡᠨ ᠪᠤᠳᠤᠨ᠎ᠠ︔ 20 ᠵᠢᠯ ᠤᠨ ᠠᠵᠢᠯᠯᠠᠭᠤᠯᠤᠨ | ᠬᠠᠮᠠᠭᠠᠯᠠᠬᠤ ᠬᠤᠭᠤᠴᠠᠭᠠᠨ ᠳᠤ᠂ ᠺᠢᠯᠤᠸᠠᠲ ᠪᠦᠷᠢ ᠵᠢᠯ ᠳᠤ 7 ᠲᠥᠭᠦᠷᠢᠭ ᠤᠨ ᠪᠠᠷᠢᠮᠵᠢᠶ᠎ᠠ ᠪᠠᠷ ᠭᠠᠵᠠᠷ ᠰᠢᠷᠣᠶ | ᠲᠦᠷᠢᠶᠡᠰᠦᠯᠡᠬᠦ ᠵᠠᠷᠤᠳᠠᠯ ᠭᠠᠷᠭᠠᠨ ᠠᠪᠤᠨ᠎ᠠ᠃ | ᠲᠠᠪᠤ ᠳᠤ ᠭᠠᠶᠢᠯᠢ ᠰᠦᠢᠳᠬᠡᠯ ᠤᠨ ᠳᠠᠭᠠᠳᠬᠠᠯ ᠪᠣᠯᠤᠨ᠎ᠠ᠃ ᠡᠭᠦᠨ ᠳᠤ ᠡᠳ᠋ ᠬᠥᠷᠥᠩᠭᠡ ᠶᠢᠨ ᠠᠯᠢᠪᠠ | ᠳᠠᠭᠠᠳᠬᠠᠯ ᠵᠡᠷᠭᠡ ᠳᠠᠭᠠᠳᠬᠠᠯ ᠢ ᠪᠠᠭᠲᠠᠭᠠᠵᠤ᠂ ᠭᠠᠶᠢᠯᠢ ᠰᠦᠢᠳᠬᠡᠯ ᠤᠨ ᠳᠠᠭᠠᠳᠬᠠᠯ ᠢ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠥᠭᠴᠦ᠂ ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠰᠢᠭᠤᠳ | ᠨᠡᠭᠦᠷᠡᠰᠦ ᠰᠢᠲᠠᠭᠠᠬᠤ ᠬᠡᠪ ᠳᠠᠭᠤᠷᠢᠶᠠᠯ ᠴᠠᠬᠢᠯᠭᠠᠨ ᠤ ᠦᠨ᠎ᠡ ᠲᠠᠢ ᠬᠠᠷᠠᠭᠠᠯᠵᠠᠭᠰᠠᠨ ᠣᠷᠣᠯᠭ᠎ᠠ ᠶᠢᠨ | ᠳᠣᠲᠣᠷ᠎ᠠ ᠠᠴᠠ ᠲᠤᠰᠢᠶᠠᠨ᠎ᠠ᠃ | ᠵᠢᠷᠭᠤᠭ᠎ᠠ ᠳᠤ ᠴᠠᠬᠢᠯᠭᠠᠨ ᠥᠷᠲᠡᠭᠡ ᠶᠢᠨ ᠦᠨᠳᠦᠰᠦᠨ ᠰᠦᠢᠳᠬᠡᠯ ᠪᠣᠯᠤᠨ᠎ᠠ᠃ ᠰᠠᠷ᠎ᠠ ᠪᠦᠷᠢ ᠪᠣᠳᠠᠲᠠᠶ | ᠲᠤᠰᠢᠶᠠᠭᠰᠠᠨ ᠦᠨᠳᠦᠰᠦᠨ ᠴᠠᠬᠢᠯᠭᠠᠨ ᠤ ᠰᠦᠢᠳᠬᠡᠯ ᠤᠨ ᠲᠤᠭ᠎ᠠ ᠶᠢ ᠬᠤᠰᠢᠭᠤᠨ ᠤ ᠲᠠᠷᠢᠶᠠᠯᠠᠩ ᠤᠨ ᠪᠠᠯᠠ | ᠣᠷᠣᠭᠤᠯᠤᠯᠲᠠ ᠶᠢᠨ ᠺᠣᠮᠫᠠᠨᠢ ᠠᠴᠠ ᠨᠡᠭᠦᠷᠡᠰᠦ ᠰᠢᠲᠠᠭᠠᠬᠤ ᠬᠡᠪ ᠳᠠᠭᠤᠷᠢᠶᠠᠯ ᠴᠠᠬᠢᠯᠭᠠᠨ ᠤ ᠦᠨ᠎ᠡ ᠶᠢ ᠰᠢᠭᠤᠳ | ᠬᠠᠷᠠᠭᠠᠯᠵᠠᠭᠰᠠᠨ ᠣᠷᠣᠯᠭ᠎ᠠ ᠶᠢᠨ ᠳᠣᠲᠣᠷ᠎ᠠ ᠠᠴᠠ ᠲᠤᠰᠢᠶᠠᠨ᠎ᠠ᠃ | ᠳᠣᠯᠤᠭ᠎ᠠ ᠳᠤ᠂ ᠴᠠᠬᠢᠯᠭᠠᠨ ᠥᠷᠲᠡᠭᠡᠨ ᠤ ᠠᠶᠤᠩᠭ᠎ᠠ ᠠᠴᠠ ᠰᠡᠷᠭᠡᠶᠢᠯᠡᠬᠦ ᠪᠠᠶᠢᠴᠠᠭᠠᠨ ᠬᠡᠮᠵᠢᠯᠲᠡ ᠪᠠ ᠴᠠᠬᠢᠯᠭᠠᠨ | ᠲᠥᠬᠦᠭᠡᠷᠦᠮᠵᠢ ᠶᠢ ᠪᠠᠶᠢᠴᠠᠭᠠᠨ ᠬᠡᠮᠵᠢᠨ᠎ᠡ᠃ ᠴᠠᠬᠢᠯᠭᠠᠨ ᠥᠷᠲᠡᠭᠡᠨ ᠤ ᠠᠶᠤᠯᠭᠦᠢ ᠠᠵᠢᠯᠯᠠᠭᠠᠨ ᠤ ᠬᠠᠮᠢᠶ᠎ᠠ ᠪᠥᠬᠦᠶ | ᠲᠣᠭᠲᠠᠭᠠᠯ ᠶᠣᠰᠣᠭᠠᠷ᠂ ᠬᠡᠷᠡᠯ ᠴᠡᠨᠡᠭ ᠤᠨ ᠴᠠᠬᠢᠯᠭᠠᠨ ᠥᠷᠲᠡᠭᠡ ᠵᠢᠯ ᠪᠦᠷᠢ ᠨᠢᠭᠡ ᠤᠳᠠᠭ᠎ᠠ ᠠᠶᠤᠩᠭ᠎ᠠ ᠰᠡᠷᠭᠡᠶᠢᠯᠡᠬᠦ | ᠰᠢᠯᠭᠠᠨ ᠪᠠᠶᠢᠴᠠᠭᠠᠯᠲᠠ ᠬᠢᠵᠦ᠂ ᠬᠤᠶᠠᠷ ᠵᠢᠯ ᠪᠦᠷᠢ ᠨᠢᠭᠡ ᠤᠳᠠᠭ᠎ᠠ ᠴᠠᠬᠢᠯᠭᠠᠨ ᠲᠥᠬᠦᠭᠡᠷᠦᠮᠵᠢ ᠶᠢᠨ ᠰᠢᠯᠭᠠᠨ | ᠪᠠᠶᠢᠴᠠᠭᠠᠯᠲᠠ ᠬᠢᠵᠦ᠂ ᠵᠠᠷᠤᠳᠠᠯ ᠨᠢ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠯᠠᠪᠯᠠᠯᠲᠠ ᠪᠣᠯᠭᠠᠵᠤ᠂ | ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠠᠴᠠ ᠨᠡᠭᠦᠷᠡᠰᠦ ᠰᠢᠲᠠᠭᠠᠬᠤ ᠬᠡᠪ | ᠳᠠᠭᠤᠷᠢᠶᠠᠯ ᠤᠨ ᠴᠠᠬᠢᠯᠭᠠᠨ ᠤ ᠦᠨ᠎ᠡ ᠶᠢ ᠰᠢᠭᠤᠳ ᠬᠠᠷᠠᠭᠠᠯᠵᠠᠭᠰᠠᠨ ᠣᠷᠣᠯᠭ᠎ᠠ ᠠᠴᠠ ᠭᠠᠷᠭᠠᠨ ᠠᠪᠤᠨ᠎ᠠ᠃ | ᠳᠡᠭᠡᠷᠡᠬᠢ ᠬᠠᠮᠢᠶᠠᠷᠤᠯᠲᠠ ᠡᠵᠡᠩᠨᠡᠯᠲᠡ ᠶᠢᠨ ᠵᠠᠷᠤᠯᠭ᠎ᠠ ᠶᠢᠨ ᠳᠠᠷᠠᠭᠠᠬᠢ ᠴᠠᠬᠢᠯᠭᠠᠨ ᠭᠠᠷᠭᠠᠬᠤ ᠠᠰᠢᠭ ᠣᠯᠵᠠᠪᠤᠷᠢ ᠶᠢ | ᠬᠠᠰᠤᠵᠤ᠂ ᠭᠠᠴᠠᠭ᠎ᠠ ᠲᠣᠰᠬᠤᠨ ᠳᠤ ᠠᠰᠢᠭ ᠬᠦᠷᠲᠡᠭᠡᠬᠦ ᠶᠢᠨ ᠲᠥᠯᠥᠭᠡ ᠭᠡᠷᠡᠯ ᠴᠡᠨᠡᠭ ᠢᠶᠠᠷ ᠬᠠᠪᠰᠤᠷᠤᠨ | ᠲᠡᠳᠬᠦᠭᠰᠡᠨ ᠠᠰᠢᠭ ᠣᠷᠣᠯᠭ᠎ᠠ ᠣᠯᠬᠤ ᠬᠡᠷᠡᠭᠲᠡᠶ᠃ ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ | ᠺᠣᠮᠫᠠᠨᠢ ᠲᠣᠰᠬᠤᠨ ᠤ ᠱᠠᠲᠤᠨ ᠤ ᠬᠡᠷᠡᠯ ᠴᠡᠨᠡᠭ ᠤᠨ ᠴᠠᠬᠢᠯᠭᠠᠨ ᠥᠷᠲᠡᠭᠡ ᠶᠢᠨ ᠴᠠᠬᠢᠯᠭᠠᠨ ᠭᠠᠷᠭᠠᠭᠰᠠᠨ ᠠᠰᠢᠭ | ᠣᠷᠣᠯᠭ᠎ᠠ ᠶᠢ ᠬᠤᠰᠢᠭᠤᠨ ᠤ ᠡᠳ᠋ ᠤᠨ ᠵᠠᠰᠠᠭ ᠤᠨ ᠲᠠᠩᠰᠠᠨ ᠡᠷᠦᠬᠡ ᠳᠤ ᠨᠢᠭᠡᠳᠦᠯᠲᠡᠶ ᠰᠢᠯᠵᠢᠭᠦᠯᠦᠨ ᠣᠷᠣᠭᠤᠯᠵᠤ᠂ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠴᠠᠬᠢᠯᠭᠠᠨ ᠭᠠᠷᠭᠠᠭᠰᠠᠨ ᠠᠰᠢᠭ ᠣᠯᠵᠠᠪᠤᠷᠢ ᠶᠢ ᠤᠯᠠᠷᠢᠯ ᠢᠶᠠᠷ | ᠲᠣᠰ ᠲᠣᠰ ᠠᠰᠢᠭ ᠭᠥᠷᠳᠡᠭᠰᠡᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠯᠪᠠᠨ ᠤ ᠲᠠᠩᠰᠠᠨ | ᠡᠷᠦᠬᠡ ᠳᠤ ᠰᠢᠯᠵᠢᠭᠦᠯᠦᠨ ᠥᠭᠬᠦ ᠶᠢ ᠬᠠᠷᠢᠭᠤᠴᠠᠨ᠎ᠠ᠃ | ᠠᠷᠪᠠᠨ ᠳᠥᠷᠪᠡᠳᠦᠭᠡᠷ ᠵᠦᠢᠯ ᠬᠡᠷᠡᠯ ᠴᠡᠨᠡᠭ ᠢᠶᠠᠷ ᠬᠠᠪᠰᠤᠷᠤᠨ ᠲᠡᠳᠬᠦᠭᠰᠡᠨ ᠠᠰᠢᠭ ᠣᠷᠣᠯᠭ᠎ᠠ ᠶᠢᠨ | ᠬᠤᠪᠢᠶᠠᠷᠢᠯᠠᠯᠲᠠ ᠳᠤ ᠵᠠᠷᠯᠠᠨ ᠨᠡᠶᠢᠲᠡᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠠᠴᠠᠭ᠎ᠠ ᠲᠣᠰᠬᠤᠨ ᠵᠢᠯ ᠪᠦᠷᠢ | ᠠᠰᠢᠭ ᠣᠷᠣᠯᠭ᠎ᠠ ᠶᠢ ᠬᠤᠪᠢᠶᠠᠷᠢᠯᠠᠨ ᠬᠡᠷᠡᠭᠯᠡᠬᠦ ᠲᠥᠯᠥᠪᠯᠡᠭᠡ ᠲᠣᠭᠲᠠᠭᠠᠨ᠂ ᠲᠣᠰᠬᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠪᠠᠲᠤᠯᠠᠭᠤᠯᠬᠤ ᠶᠢᠨ ᠬᠠᠮᠲᠤ ᠵᠠᠷᠯᠠᠨ ᠨᠡᠶᠢᠲᠡᠯᠡᠭᠰᠡᠨ ᠤ ᠳᠠᠷᠠᠭ᠎ᠠ ᠣᠨᠳᠣᠤ | ᠰᠠᠨᠠᠯ ᠥᠬᠡᠶ ᠪᠣᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ | ᠬᠠᠷᠭᠤᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ | ᠳᠤ ᠮᠡᠳᠡᠭᠦᠯᠵᠦ ᠳᠠᠩᠰᠠᠯᠠᠭᠤᠯᠤᠨ᠎ᠠ᠃ | 1 . ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ ᠠᠰᠢᠭ | ᠣᠷᠣᠯᠭ᠎ᠠ ᠶᠢᠨ ᠬᠤᠪᠢᠶᠠᠷᠢᠯᠠᠯᠲᠠ ᠶᠢᠨ ᠠᠵᠢᠯ ᠢ ᠬᠡᠷᠡᠭᠵᠢᠭᠦᠯᠬᠦ ᠭᠤᠤᠯ ᠴᠣᠭᠴᠠ ᠨᠢ ᠭᠠᠴᠠᠭ᠎ᠠ ᠲᠣᠰᠬᠤᠨ ᠤ | ᠠᠷᠠᠳ ᠤᠨ ᠵᠥᠪᠯᠡᠯ ᠪᠣᠯᠤᠨ᠎ᠠ᠃ ᠬᠡᠷᠡᠯ ᠴᠡᠨᠡᠭ ᠢᠶᠠᠷ ᠬᠠᠪᠰᠤᠷᠤᠨ ᠲᠡᠳᠬᠦᠭᠰᠡᠨ ᠠᠰᠢᠭ ᠣᠷᠣᠯᠭ᠎ᠠ ᠨᠢ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠶ ᠶᠢ ᠪᠣᠶ ᠪᠣᠯᠭᠠᠵᠤ᠂ ᠭᠤᠤᠯᠳᠠᠭᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠬᠡᠷᠡᠭᠯᠡᠨ᠎ᠡ᠃ | 2. ᠭᠠᠴᠠᠭ᠎ᠠ ᠲᠣᠰᠬᠤᠨ ᠤ ᠠᠷᠠᠳ ᠤᠨ ᠵᠥᠪᠯᠡᠯ ᠬᠤᠪᠢᠶᠠᠷᠢᠯᠠᠨ ᠬᠡᠷᠡᠭᠯᠡᠬᠦ ᠲᠥᠯᠥᠪᠯᠡᠭᠡ ᠪᠠᠨ ᠦᠨᠳᠦᠰᠦᠯᠡᠨ | ᠵᠢᠯ ᠤᠨ ᠪᠣᠳᠠᠲᠠᠶ ᠴᠠᠬᠢᠯᠭᠠᠨ ᠭᠠᠷᠭᠠᠭᠰᠠᠨ ᠠᠰᠢᠭ ᠣᠷᠣᠯᠭ᠎ᠠ ᠳᠤ ᠬᠤᠪᠢᠶᠠᠷᠢᠯᠠᠯᠲᠠ ᠬᠢᠵᠦ᠂ ᠲᠤᠰ ᠵᠢᠯ ᠤᠨ | ᠵᠢᠯ ᠤᠨ ᠡᠴᠦᠰ ᠲᠤ ᠠᠰᠢᠭ ᠣᠷᠣᠯᠭ᠎ᠠ ᠶᠢᠨ ᠬᠤᠪᠢᠶᠠᠷᠢᠯᠠᠨ ᠬᠡᠷᠡᠭᠯᠡᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠶᠢᠨ | ᠬᠠᠮᠲᠤ ᠵᠢᠯ ᠪᠦᠷᠢ ᠶᠢᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠷ᠎ᠡ ᠨᠢᠭᠡ ᠵᠢᠯ ᠤᠨ ᠪᠡᠯᠡ ᠮᠥᠩᠭᠦ ᠶᠢᠨ | ᠠᠰᠢᠭ ᠣᠷᠣᠯᠭ᠎ᠠ ᠶᠢᠨ ᠪᠣᠳᠠᠲᠠᠶ ᠬᠤᠪᠢᠶᠠᠷᠢᠯᠠᠯᠲᠠ ᠶᠢᠨ ᠲᠥᠰᠦᠯ ᠢᠶᠠᠨ ᠳᠡᠰ ᠳᠠᠷᠠᠭᠠᠯᠠᠯ ᠶᠣᠰᠣᠭᠠᠷ ᠳᠡᠭᠡᠭᠰᠢ | ᠮᠡᠳᠡᠭᠦᠯᠬᠦ ᠬᠡᠷᠡᠭᠲᠡᠶ᠃ | 3᠂ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢ | ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠠᠴᠠ ᠪᠣᠳᠠᠲᠠᠶ ᠴᠠᠬᠢᠯᠭᠠᠨ ᠭᠠᠷᠭᠠᠭᠰᠠᠨ ᠴᠠᠬᠢᠯᠭᠠᠨ ᠤ | ᠬᠡᠮᠵᠢᠶ᠎ᠡ ᠶᠢᠨ ᠲᠣᠭᠠᠴᠠᠭ᠎ᠠ ᠬᠢᠵᠦ ᠴᠠᠬᠢᠯᠭᠠᠨ ᠭᠠᠷᠭᠠᠭᠰᠠᠨ ᠠᠰᠢᠭ ᠣᠯᠵᠠᠪᠤᠷᠢ ᠶᠢ ᠦᠨᠳᠦᠰᠦᠯᠡᠨ᠂ ᠨᠡᠭᠦᠷᠡᠰᠦ | ᠰᠢᠲᠠᠭᠠᠬᠤ ᠬᠡᠪ ᠳᠠᠭᠤᠷᠢᠶᠠᠯ ᠤᠨ ᠴᠠᠬᠢᠯᠭᠠᠨ ᠤ ᠦᠨ᠎ᠡ ᠲᠠᠢ ᠵᠣᠬᠢᠴᠠᠯᠳᠤᠭᠰᠠᠨ ᠣᠷᠣᠯᠭ᠎ᠠ ᠶᠢ ᠰᠠᠷ᠎ᠠ ᠪᠤᠶᠤ | ᠤᠯᠠᠷᠢᠯ ᠢᠶᠠᠷ ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠲᠤᠰᠬᠠᠶ ᠲᠠᠩᠰᠠᠨ | ᠡᠷᠦᠬᠡ ᠳᠤ ᠳ᠋ᠦᠩᠨᠡᠨ ᠰᠢᠯᠵᠢᠭᠦᠯᠪᠡ︔ ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ | ᠡᠵᠡᠩᠨᠡᠯᠲᠡ ᠶᠢᠨ ᠥᠪᠡᠷ ᠤᠨ ᠥᠷᠲᠡᠭ ᠢ ᠬᠠᠰᠤᠭᠰᠠᠨ ᠤ ᠳᠠᠷᠠᠭ᠎ᠠ ᠬᠤᠰᠢᠭᠤᠨ ᠤ ᠡᠳ᠋ ᠤᠨ ᠵᠠᠰᠠᠭ ᠤᠨ ᠲᠤᠰᠬᠠᠶ | ᠡᠷᠦᠬᠡ ᠳᠤ ᠨᠢᠭᠡᠳᠦᠯᠲᠡᠶ ᠰᠢᠯᠵᠢᠭᠦᠯᠦᠨ ᠣᠷᠣᠭᠤᠯᠵᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠰᠢᠭ | ᠣᠷᠣᠯᠭ᠎ᠠ ᠶᠢᠨ ᠬᠤᠪᠢᠶᠠᠷᠢᠯᠠᠯᠲᠠ ᠶᠢᠨ ᠬᠡᠷᠡᠭᠵᠢᠭᠦᠯᠬᠦ ᠠᠷᠭ᠎ᠠ᠂ ᠬᠢᠨᠠᠨ ᠬᠠᠷᠭᠤᠭᠤᠯᠤᠭᠰᠠᠨ ᠤ ᠳᠠᠷᠠᠭᠠᠬᠢ ᠠᠰᠢᠭ | ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠶᠢ ᠦᠨᠳᠦᠰᠦᠯᠡᠨ᠂ ᠡᠯ᠎ᠡ ᠰᠤᠮᠤ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠡᠳ᠋ ᠤᠨ ᠵᠠᠰᠠᠭ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠭᠠᠴᠠᠭ᠎ᠠ ᠲᠣᠰᠬᠤᠨ ᠤ ᠱᠠᠲᠤᠨ ᠤ ᠬᠡᠷᠡᠯ ᠴᠡᠨᠡᠭ ᠤᠨ ᠬᠠᠪᠰᠤᠷᠤᠨ ᠲᠡᠳᠬᠦᠬᠦ ᠴᠠᠬᠢᠯᠭᠠᠨ | ᠥᠷᠲᠡᠭᠡ ᠶᠢᠨ ᠠᠰᠢᠭ ᠣᠷᠣᠯᠭ᠎ᠠ ᠶᠢ ᠡᠯ᠎ᠡ ᠭᠠᠴᠠᠭ᠎ᠠ ᠲᠣᠰᠬᠤᠨ ᠤ ᠬᠠᠮᠲᠤ ᠶᠢᠨ ᠲᠠᠩᠰᠠᠨ ᠡᠷᠦᠬᠡ ᠳᠤ | ᠰᠢᠯᠵᠢᠭᠦᠯᠦᠨ ᠣᠷᠣᠭᠤᠯᠤᠨ᠎ᠠ᠃ ᠴᠠᠬᠢᠯᠭᠠᠨ ᠦᠷᠲᠡᠭᠡ ᠶᠢᠨ ᠠᠰᠢᠭ ᠣᠯᠵᠠᠪᠦᠷᠢ ᠶᠢᠨ ᠬᠤᠪᠢᠶᠡᠷᠢᠯᠡᠯ ᠪᠠ | ᠭᠡᠷᠡᠭᠯᠡᠯᠳᠡ ᠨᠢ ᠳᠡᠩᠰᠡ ᠡᠪᠭᠡᠮᠡᠯ ᠪᠠ ᠬᠢᠴᠢᠶᠡᠯ ᠲᠦᠷᠦᠯ ᠢ ᠨᠢᠭᠡᠳᠦᠯᠳᠡᠢ ᠪᠠᠷ ᠲᠣᠠᠠᠳᠠᠭᠠᠵᠦ᠂ ᠲᠣᠰᠬᠤᠨ ᠬᠤᠪᠢᠶᠡᠨ | ᠡᠬᠡ ᠳᠡᠩᠰᠡ ᠪᠠᠶᠢᠭᠤᠯᠬᠤ ᠭᠡᠷᠡᠭᠳᠡᠢ᠃ | ᠠᠵᠢᠯ ᠤᠨ ᠶᠠᠪᠤᠴᠠ᠄ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠲᠣᠰ ᠵᠢᠯ ᠤᠨ ᠠᠰᠢᠭ | ᠣᠷᠣᠯᠭ᠎ᠠ ᠶᠢ ᠬᠤᠪᠢᠶᠠᠷᠢᠯᠠᠨ ᠬᠡᠷᠡᠭᠯᠡᠬᠦ ᠲᠥᠯᠥᠪᠯᠡᠭᠡ ᠶᠢ ᠲᠣᠭᠲᠠᠭᠠᠪᠠ᠂ ᠲᠣᠰᠬᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠲᠤᠯᠠᠭᠰᠠᠨ ᠤ ᠬᠠᠮᠲᠤ ᠵᠠᠷᠯᠠᠨ ᠨᠡᠶᠢᠲᠡᠯᠡᠨ᠎ᠡ - ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ - ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠳᠤ ᠳᠠᠩᠰᠠᠯᠠᠭᠤᠯᠬᠤ - ᠭᠠᠴᠠᠭ᠎ᠠ ᠲᠣᠰᠬᠤᠨ ᠤ ᠠᠷᠠᠳ ᠤᠨ ᠵᠥᠪᠯᠡᠯ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠵᠢᠷᠭᠤᠳᠤᠭᠠᠷ ᠪᠦᠯᠦᠭ ᠭᠠᠴᠠᠭ᠎ᠠ ᠲᠣᠰᠬᠤᠨ ᠤ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ | ᠠᠷᠪᠠᠨ ᠲᠠᠪᠤᠳᠤᠭᠠᠷ ᠵᠦᠢᠯ ᠲᠤᠰ ᠬᠡᠷᠡᠭᠵᠢᠭᠦᠯᠬᠦ ᠨᠠᠷᠢᠨ ᠳᠦᠷᠢᠮ ᠤᠨ ᠬᠤᠶᠠᠳᠤᠭᠠᠷ ᠪᠦᠯᠦᠭ ᠤᠨ | ᠳᠥᠷᠪᠡᠳᠦᠭᠡᠷ ᠵᠦᠢᠯ᠂ ᠲᠠᠪᠤᠳᠤᠭᠠᠷ ᠵᠦᠢᠯ ᠢ ᠡᠪᠳᠡᠬᠦ ᠦᠭᠡᠶ ᠪᠠᠶᠢᠳᠠᠯ ᠤᠨ ᠳᠣᠤᠷ᠎ᠠ᠂ ᠠᠰᠢᠭ ᠣᠯᠵᠠᠪᠤᠷᠢ ᠶᠢ | ᠬᠤᠪᠢᠶᠠᠷᠢᠯᠠᠨ ᠬᠡᠷᠡᠭᠯᠡᠬᠦ ᠬᠡᠪᠴᠢᠶ᠎ᠡ ᠨᠢ ᠳᠣᠤᠷᠠᠬᠢ ᠮᠡᠲᠦ᠄ | 1. ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ᠎ᠡ᠃ ᠵᠢᠯ ᠪᠦᠷᠢ ᠶᠢᠨ ᠭᠡᠷᠡᠯ ᠤᠨ | ᠡᠨᠧᠷᠭᠢ ᠪᠠᠷ ᠴᠠᠬᠢᠯᠭᠠᠨ ᠭᠠᠷᠭᠠᠭᠰᠠᠨ ᠤ ᠠᠰᠢᠭ ᠣᠷᠣᠯᠭ᠎ᠠ ᠳᠤ ᠪᠦᠬᠦ ᠬᠤᠰᠢᠭᠤᠨ ᠤ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ︵ᠬᠢᠨᠠᠨ ᠬᠡᠮᠵᠢᠭᠳᠡᠬᠦ ᠡᠲᠡᠭᠡᠳ ᠪᠠᠭᠲᠠᠨ᠎ᠠ︶ ᠶᠢᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢᠨ ᠡᠭᠦᠷᠭᠡ ᠶᠢ ᠡᠭᠦᠷᠭᠡᠯᠡᠭᠰᠡᠨ ᠴᠠᠯᠢᠩ ᠪᠠ ᠲᠣᠰᠬᠤᠨ ᠤ ᠱᠠᠲᠤᠨ ᠤ ᠨᠡᠶᠢᠲᠡ ᠶᠢᠨ | ᠠᠰᠠᠷᠠᠮᠵᠢ ᠶᠢᠨ ᠦᠢᠯᠡᠰ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠬᠥᠳᠡᠯᠮᠦᠷᠢ ᠬᠦᠴᠦᠨ ᠤ ᠵᠠᠷᠤᠯᠭ᠎ᠠ ᠶᠢ | ᠪᠦᠬᠦᠨ ᠢ ᠬᠠᠮᠤᠷᠤᠭᠤᠯᠵᠤ᠂ ᠬᠥᠳᠡᠯᠮᠦᠷᠢ ᠬᠦᠴᠦᠨ ᠤ ᠲᠤᠬᠠᠶ ᠶᠢᠨ ᠭᠠᠵᠠᠷ ᠪᠠ ᠣᠶᠢᠷ᠎ᠠ ᠬᠠᠪᠢ ᠳᠠᠭᠠᠨ ᠠᠵᠢᠯ | ᠤᠯᠬᠤ ᠶᠢ ᠳᠡᠮᠵᠢᠨ ᠵᠣᠷᠢᠭᠵᠢᠭᠤᠯᠤᠨ᠎ᠠ᠃ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠳᠣᠲᠣᠭᠠᠳᠤ ᠬᠥᠳᠡᠯᠭᠡᠬᠦ | ᠬᠦᠴᠦᠨ ᠢ ᠴᠢᠬᠤᠯᠠᠴᠢᠯᠠᠨ ᠬᠥᠭᠵᠢᠭᠡᠵᠦ᠂ ᠡᠯ᠎ᠡ ᠭᠠᠴᠠᠭ᠎ᠠ ᠲᠣᠰᠬᠤᠨ ᠪᠣᠳᠠᠲᠠᠶ ᠪᠠᠶᠢᠳᠠᠯ ᠢᠶᠠᠨ ᠦᠨᠳᠦᠰᠦᠯᠡᠨ ᠬᠡᠷᠡᠯ | ᠴᠡᠨᠡᠭ ᠢᠶᠠᠷ ᠬᠠᠪᠰᠤᠷᠤᠨ ᠲᠡᠳᠬᠦᠬᠦ ᠨᠡᠶᠢᠲᠡ ᠶᠢᠨ ᠠᠰᠠᠷᠠᠮᠵᠢ ᠶᠢᠨ ᠲᠤᠰᠬᠠᠶ ᠠᠵᠢᠯ ᠤᠨ ᠪᠠᠶᠢᠷᠢ ᠳᠣᠭᠢᠷᠠᠭᠤᠯᠤᠨ᠎ᠠ᠂ | ᠵᠢᠱᠢᠶᠡᠯᠡᠪᠡᠯ ᠴᠠᠬᠢᠯᠭᠠᠨ ᠥᠷᠲᠡᠭᠡ ᠶᠢᠨ ᠬᠠᠮᠢᠶᠠᠷᠤᠨ ᠬᠠᠮᠠᠭᠠᠯᠠᠭᠴᠢ᠂ ᠵᠠᠮ ᠬᠠᠮᠠᠭᠠᠯᠠᠭᠴᠢ᠂ ᠨᠤᠲᠤᠭ ᠪᠡᠯᠴᠢᠭᠡᠷ ᠤᠨ | ᠬᠠᠮᠠᠭᠠᠯᠠᠭᠴᠢ᠂ ᠴᠡᠪᠡᠷᠯᠡᠭᠴᠢ᠂ ᠭᠠᠯ ᠰᠡᠷᠭᠡᠶᠢᠯᠡᠭᠴᠢ᠂ ᠠᠮᠤᠷ ᠲᠦᠪᠰᠢᠨ ᠤ ᠲᠣᠭᠤᠷᠢᠨ ᠬᠠᠮᠠᠭᠠᠯᠠᠭᠴᠢ᠂ | ᠡᠶᠡᠳᠡᠭᠦᠯᠦᠭᠴᠢ᠂ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭᠴᠦᠳ ᠢ ᠠᠰᠠᠷᠠᠬᠤ ᠵᠡᠷᠭᠡ ᠪᠠᠶᠢᠵᠤ᠂ ᠭᠠᠴᠠᠭ᠎ᠠ | ᠲᠣᠰᠬᠤᠨ ᠤ ᠳᠣᠲᠣᠷᠠᠬᠢ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠭᠳᠡᠬᠦ ᠡᠲᠡᠭᠡᠳ ᠪᠠᠭᠲᠠᠨ᠎ᠠ︶ ᠶᠢᠨ | ᠬᠥᠳᠡᠯᠮᠦᠷᠢ ᠬᠦᠴᠦᠨ ᠤ ᠲᠣᠰ ᠪᠡᠶ᠎ᠡ ᠶᠢᠨ ᠬᠥᠳᠡᠯᠮᠦᠷᠢ ᠪᠠᠷ ᠢᠶᠠᠨ ᠳᠡᠮᠵᠢᠨ ᠣᠷᠣᠯᠭ᠎ᠠ ᠪᠠᠨ ᠨᠡᠮᠡᠭᠳᠡᠭᠦᠯᠬᠦ ᠶᠢ | ᠳᠠᠶᠢᠴᠢᠯᠠᠨ᠎ᠠ︔ ᠵᠢᠴᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠬᠡᠮᠵᠢᠭᠳᠡᠬᠦ ᠡᠲᠡᠭᠡᠳ ᠪᠠᠭᠲᠠᠨ᠎ᠠ︶ | ᠶᠢ ᠢᠳᠡᠪᠬᠢᠲᠡᠶ ᠳᠣᠭᠢᠷᠠᠭᠤᠯᠤᠨ ᠲᠣᠰᠬᠤᠨ ᠤ ᠱᠠᠲᠤᠨ ᠤ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ | ᠦᠢᠯᠡᠰ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠣᠬᠤᠷ ᠬᠤᠭᠤᠴᠠᠭᠠᠨ ᠤ ᠬᠥᠯᠥᠰᠥᠨ ᠠᠵᠢᠯ ᠬᠢᠬᠦ | ᠣᠷᠣᠯᠭ᠎ᠠ ᠶᠢ ᠨᠡᠮᠡᠭᠳᠡᠭᠦᠯᠦᠨ᠎ᠡ᠃ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ | ᠰᠢᠨᠵᠢᠬᠦ ᠡᠲᠡᠭᠡᠳ ᠪᠠᠭᠲᠠᠨ᠎ᠠ︶ ᠶᠢ ᠴᠢᠳᠠᠯ ᠤᠨ ᠢᠶᠠᠨ ᠬᠢᠷᠢ ᠪᠠᠷ ᠬᠥᠳᠡᠯᠮᠦᠷᠢᠯᠡᠬᠦ ᠪᠠᠷ ᠳᠠᠮᠵᠢᠭᠤᠯᠤᠨ | ᠣᠷᠣᠯᠭ᠎ᠠ ᠶᠢ ᠨᠢ ᠨᠡᠮᠡᠭᠳᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ | ᠲᠣᠬᠢᠷᠠᠭᠤᠯᠬᠤ ᠳᠤ ᠨᠢᠭᠡ ᠬᠥᠮᠦᠨ ᠣᠯᠠᠨ ᠠᠵᠢᠯ ᠤᠨ ᠪᠠᠶᠢᠷᠢ ᠲᠣᠬᠢᠷᠠᠭᠤᠯᠵᠤ ᠪᠣᠯᠬᠤ ᠦᠭᠡᠶ᠂ ᠨᠢᠭᠡ ᠡᠷᠦᠬᠡ | ᠣᠯᠠᠨ ᠠᠵᠢᠯ ᠤᠨ ᠪᠠᠶᠢᠷᠢ ᠭᠠᠷᠭᠠᠵᠤ ᠪᠣᠯᠬᠤ ᠦᠭᠡᠶ᠃ ᠭᠡᠷᠡᠯ ᠴᠡᠨᠡᠭ ᠢᠶᠠᠷ ᠬᠠᠪᠰᠤᠷᠤᠨ ᠲᠡᠳᠬᠦᠭᠰᠡᠨ ᠠᠰᠢᠭ | ᠣᠷᠣᠯᠭ᠎ᠠ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠢᠵᠠᠭᠠᠷᠯᠠᠬᠤ ᠬᠠᠷᠢᠴᠠᠯ ᠳᠤ | ᠬᠡᠷᠡᠭᠯᠡᠬᠦ ᠦᠭᠡᠢ᠂ ᠭᠡᠷᠡᠯ ᠴᠡᠨᠡᠭ ᠢᠶᠠᠷ ᠬᠠᠪᠰᠤᠷᠤᠨ ᠲᠡᠳᠬᠦᠭᠰᠡᠨ ᠠᠰᠢᠭ ᠣᠷᠣᠯᠭ᠎ᠠ ᠶᠢᠨ ᠡᠷᠬᠡ ᠶᠢ ᠨᠤᠲᠠᠯᠠᠨ | ᠲᠣᠭᠲᠠᠭᠠᠭᠰᠠᠨ ᠭᠠᠴᠠᠭ᠎ᠠ ᠲᠣᠰᠬᠤᠨ ᠤ ᠪᠣᠳᠠᠲᠠᠶ ᠲᠠᠢ ᠤᠶᠠᠯᠳᠤᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠳᠤ ᠤᠷᠢᠵᠤ ᠬᠡᠷᠡᠭᠯᠡᠭᠰᠡᠨ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠰᠢᠨᠵᠢᠬᠦ ᠡᠲᠡᠭᠡᠳ | ᠪᠠᠭᠲᠠᠨ᠎ᠠ︶ ᠶᠢ ᠬᠠᠩᠭᠠᠭᠰᠠᠨ ᠰᠠᠭᠤᠷᠢᠨ ᠳᠡᠭᠡᠷ᠎ᠡ ᠪᠣᠳᠠᠲᠠᠶ ᠪᠠᠶᠢᠳᠠᠯ ᠢᠶᠠᠨ ᠦᠨᠳᠦᠰᠦᠯᠡᠨ ᠲᠤᠬᠠᠶ ᠶᠢᠨ | ᠭᠠᠵᠠᠷ ᠲᠤᠨᠢ ᠣᠶᠢᠷ᠎ᠠ ᠬᠠᠪᠢ ᠳᠤᠨᠢ ᠰᠣᠩᠭᠤᠨ ᠤᠷᠢᠵᠤ ᠣᠷᠣᠯᠭ᠎ᠠ ᠨᠡᠯᠢᠶᠡᠳ ᠳᠣᠤᠷ᠎ᠠ ᠮᠠᠯᠵᠢᠬᠤ ᠲᠠᠷᠢᠶᠠᠯᠠᠬᠤ | ᠡᠷᠦᠬᠡ ᠶᠢ ᠣᠷᠣᠯᠴᠠᠭᠤᠯᠵᠤ ᠪᠣᠯᠤᠨ᠎ᠠ᠃ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠴᠠᠯᠢᠩ ᠤᠨ ᠪᠠᠷᠢᠮᠵᠢᠶ᠎ᠠ ᠶᠢ ᠪᠥᠬᠦ | ᠬᠤᠰᠢᠭᠤᠨ ᠤ ᠠᠳᠠᠯᠢᠪᠲᠤᠷ ᠠᠵᠢᠯ ᠤᠨ ᠪᠠᠶᠢᠷᠢ ᠲᠠᠢ ᠠᠳᠠᠯᠢ ᠪᠠᠷᠢᠮᠵᠢᠶ᠎ᠠ ᠪᠠᠷ ᠬᠡᠷᠡᠭᠵᠢᠭᠦᠯᠬᠦ ᠬᠡᠷᠡᠭᠲᠡᠶ︔ ᠬᠠᠭᠠᠰ ︵ | ᠪᠠᠭᠤᠷᠠᠢ︶ ᠬᠥᠳᠡᠯᠮᠦᠷᠢ ᠬᠦᠴᠦᠨ ᠤ ᠬᠥᠮᠦᠨ ᠠᠮᠠ ᠳᠤ ᠠᠵᠢᠯ ᠣᠯᠭᠤᠬᠤ ᠠᠵᠢᠯ ᠤᠨ ᠪᠠᠶᠢᠷᠢ ᠶᠢᠨ ᠴᠠᠯᠢᠩ ᠤᠨ | ᠪᠠᠷᠢᠮᠵᠢᠶ᠎ᠠ ᠶᠢ ᠵᠣᠬᠢᠰᠲᠠᠶ ᠪᠠᠭᠤᠷᠠᠭᠤᠯᠵᠤ ᠪᠣᠯᠤᠨ᠎ᠠ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢ ᠭᠠᠴᠠᠭ᠎ᠠ ᠲᠣᠰᠬᠤᠨ ᠠᠴᠠ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠬᠥᠳᠡᠯᠦᠩᠭᠦᠶ ᠪᠠᠷ | ᠬᠠᠮᠢᠶᠠᠷᠬᠤ ᠶᠢ ᠬᠡᠷᠡᠭᠵᠢᠭᠦᠯᠦᠨ᠎ᠡ᠃ | 2. ᠱᠠᠩᠨᠠᠵᠤ ᠨᠦᠬᠦᠪᠦᠷᠢᠯᠡᠬᠦ | ︵1︶ ᠰᠢᠯᠭᠠᠷᠠᠭᠤᠯᠵᠤ ᠭᠠᠷᠭᠠᠭᠰᠠᠨ ᠠᠵᠢᠯᠴᠢ ᠬᠥᠳᠡᠯᠮᠦᠷᠢᠴᠢ ᠪᠠᠷ ᠪᠠᠶᠠᠵᠢᠬᠤ᠂ ᠰᠠᠬᠢᠯᠭ᠎ᠠ ᠪᠠᠲᠤ ᠶᠢ ᠵᠢᠷᠤᠮᠯᠠᠨ | ᠬᠠᠤᠯᠢ ᠴᠠᠭᠠᠵᠠ ᠶᠢ ᠰᠠᠬᠢᠬᠤ᠂ ᠭᠡᠷ ᠪᠦᠯᠢ ᠡᠶ᠎ᠡ ᠨᠠᠶᠢᠷᠲᠠᠢ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ | ᠬᠠᠶᠢᠷᠠᠯᠠᠬᠤ᠂ ᠦᠨᠡᠨᠴᠢ ᠢᠲᠡᠭᠡᠮᠵᠢᠲᠡᠢ᠂ ᠠᠷᠢᠭᠤᠨ ᠴᠡᠪᠡᠷ ᠴᠡᠪᠡᠷ ᠴᠡᠮᠴᠡᠭᠡᠷ᠂ ᠪᠦᠯᠬᠦᠮᠳᠡᠨ ᠬᠠᠪᠰᠤᠷᠤᠯᠴᠠᠬᠤ᠂ | ᠰᠢᠨ᠎ᠡ ᠰᠤᠷᠲᠠᠯ ᠢ ᠡᠷᠬᠢᠮᠯᠡᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ | ᠨᠡᠶᠢᠲᠡ ᠶᠢᠨ ᠠᠰᠠᠷᠠᠮᠵᠢ ᠵᠡᠷᠭᠡ ᠵᠢᠱᠢᠶᠡᠴᠢ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠬᠦ ᠡᠲᠡᠭᠡᠳ | ᠪᠠᠭᠲᠠᠨ᠎ᠠ︶ ᠳᠤ ᠵᠣᠬᠢᠬᠤ ᠪᠡᠯᠡ ᠮᠥᠩᠭᠦ ᠶᠢᠨ ᠱᠠᠩᠨᠠᠯ ᠣᠯᠭᠤᠨ᠎ᠠ᠃ ᠰᠢᠯᠭᠠᠷᠠᠭᠤᠯᠵᠤ ᠰᠢᠯᠭᠠᠨ ᠭᠠᠷᠭᠠᠭᠰᠠᠨ | ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠭᠳᠡᠬᠦ ᠡᠲᠡᠭᠡᠳ ᠢ ᠪᠠᠭᠲᠠᠭᠠᠨ᠎ᠠ︶ ᠡᠷᠦᠬᠡ ᠪᠦᠷᠢ ᠳᠤ ᠵᠢᠯ | ᠪᠦᠷᠢ 1000 ᠲᠥᠭᠦᠷᠢᠭ ᠠᠴᠠ ᠬᠡᠲᠦᠷᠡᠭᠦᠯᠬᠦ ᠦᠭᠡᠢ ᠪᠣᠯ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵2︶ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠭᠰᠡᠨ ᠡᠲᠡᠭᠡᠳ ᠪᠠᠭᠲᠠᠨ᠎ᠠ︶ ᠶᠢᠨ ᠡᠪᠡᠳᠴᠢᠨ᠂ | ᠵᠡᠮᠳᠡᠭ᠂ ᠰᠤᠷᠤᠯᠭ᠎ᠠ᠂ ᠭᠠᠮᠰᠢᠭ᠂ ᠰᠠᠨᠠᠭᠠᠨ ᠳᠤ ᠥᠬᠡᠶ ᠰᠢᠷᠬᠠᠲᠤᠯ ᠠᠴᠠ ᠪᠣᠯᠵᠣ ᠭᠠᠷᠤᠭᠰᠠᠨ ᠬᠦᠴᠢᠷᠳᠡᠯ ᠳᠤ | ᠲᠦᠷ ᠴᠠᠭ ᠤᠨ ᠠᠪᠤᠷᠠᠨ ᠲᠤᠰᠠᠯᠠᠯᠲᠠ ᠣᠯᠭᠤᠨ᠎ᠠ᠃ ᠲᠦᠷ ᠴᠠᠭ ᠤᠨ ᠠᠪᠤᠷᠠᠨ ᠲᠤᠰᠠᠯᠠᠬᠤ ᠲᠥᠷᠥᠯ ᠤᠨ | ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠭᠳᠡᠬᠦ ᠡᠲᠡᠭᠡᠳ ᠪᠠᠭᠲᠠᠨ᠎ᠠ︶︶ ᠪᠣᠳᠠᠲᠤ ᠪᠠᠶᠢᠳᠠᠯ ᠢ | ᠦᠨᠳᠦᠰᠦᠯᠡᠨ ᠠᠪᠤᠷᠠᠨ ᠲᠤᠰᠠᠯᠠᠵᠤ᠂ ᠪᠡᠯᠡ ᠮᠥᠩᠭᠦ ᠶᠢ 3000 ᠲᠥᠭᠦᠷᠢᠭ ᠠᠴᠠ ᠳᠠᠪᠠᠭᠤᠯᠬᠤ ᠦᠭᠡᠢ᠃ | ︵3︶ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠥᠷᠨᠢᠭᠦᠯᠦᠨ᠎ᠡ᠃ ᠭᠤᠣᠯᠳᠠᠭᠤ | ᠭᠠᠴᠠᠭ᠎ᠠ ᠲᠣᠰᠬᠤᠨ ᠤ ᠳᠣᠲᠣᠷᠠᠬᠢ ᠦᠢᠯᠡᠳᠪᠦᠷᠢᠯᠡᠯ ᠤᠨ ᠪᠡᠯᠡᠳᠬᠡᠮᠵᠢ ᠶᠢ ᠬᠠᠮᠠᠭᠠᠯᠠᠬᠤ᠂ ᠵᠠᠮ ᠢ ᠰᠡᠯᠪᠢᠨ ᠵᠠᠰᠠᠬᠤ᠂ | ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠵᠡᠷᠭᠡ ᠣᠯᠠᠨ ᠨᠡᠶᠢᠲᠡ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠠᠮᠲᠤ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠡᠷᠡᠭᠯᠡᠵᠦ᠂ | ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ ᠡᠷᠬᠡᠪᠰᠢ ᠴᠢᠳᠠᠯ ᠤᠨ ᠬᠢᠷᠢ ᠪᠠᠷ ᠢᠶᠠᠨ ᠬᠢᠬᠦ ᠬᠡᠷᠡᠭᠲᠡᠢ᠃ | | ︵4︶ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠪᠠᠶᠢᠴᠠᠭᠠᠭᠳᠠᠬᠤ ᠡᠲᠡᠭᠡᠳ ᠪᠠᠭᠲᠠᠨ᠎ᠠ︶ ᠶᠢᠨ ᠠᠵᠤ | ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠨ᠎ᠡ᠃ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ᠂ ᠠᠵᠤ | ᠦᠢᠯᠡᠰ ᠢ ᠢᠳᠡᠪᠬᠢᠲᠡᠶ ᠬᠥᠭᠵᠢᠭᠦᠯᠬᠦ ᠵᠢᠱᠢᠶ᠎ᠡ ᠦᠵᠡᠭᠦᠯᠬᠦ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ | ᠰᠢᠨᠵᠢᠬᠦ ᠡᠲᠡᠭᠡᠳ ᠪᠠᠭᠲᠠᠨ᠎ᠠ︶ ᠶᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠬᠠᠮᠢᠶ᠎ᠠ ᠪᠦᠬᠦᠢ | ᠱᠠᠭᠠᠷᠳᠠᠯᠭ᠎ᠠ ᠶᠣᠰᠣᠭᠠᠷ ᠵᠣᠬᠢᠬᠤ ᠬᠡᠮᠵᠢᠶᠡᠨ ᠤ ᠲᠡᠳᠬᠦᠨ ᠳᠡᠮᠵᠢᠬᠦ ᠨᠥᠬᠦᠪᠥᠷᠢ ᠥᠭᠬᠦ ᠬᠡᠷᠡᠭᠲᠡᠢ᠃ | ︵5︶ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠲᠠᠶᠢᠴᠢᠯᠠᠨ ᠠᠵᠢᠯ ᠣᠯᠭᠤᠬᠤ ᠪᠠᠷ ᠨᠡᠯᠢᠶᠡᠳ | ᠤᠯᠠᠨ᠂ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠬᠡᠷᠡᠭᠯᠡᠬᠦ ᠠᠵᠤ ᠦᠢᠯᠡᠰ ᠢ ᠳᠡᠮᠵᠢᠵᠦ᠂ ᠮᠠᠯᠵᠢᠬᠤ | ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ | ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠦᠷᠦᠯ ᠵᠦᠢᠯ ᠳᠤ ᠬᠡᠷᠡᠭᠯᠡᠬᠦ ᠶᠢ | ᠳᠡᠮᠵᠢᠨ᠎ᠡ᠃ | ︵6︶ ᠲᠤᠰᠬᠤᠨ ᠤ ᠬᠠᠮᠲᠤ ᠶᠢᠨ ᠠᠵᠤ ᠠᠬᠤᠶ ᠶᠢᠨ ᠬᠤᠷᠠᠮᠳᠤᠯᠭ᠎ᠠ᠃ ᠲᠣᠰᠬᠤᠨ ᠤ ᠱᠠᠲᠤᠨ ᠤ ᠭᠡᠷᠡᠯ | ᠴᠡᠨᠡᠭ ᠢ ᠬᠠᠪᠰᠤᠷᠤᠨ ᠲᠡᠳᠬᠦᠬᠦ ᠴᠠᠬᠢᠯᠭᠠᠨ ᠥᠷᠲᠡᠭᠡᠨ ᠤ ᠠᠰᠢᠭ ᠣᠷᠣᠯᠭ᠎ᠠ ᠶᠢ ᠳᠡᠭᠡᠷ᠎ᠡ ᠳᠤᠷᠠᠳᠤᠭᠰᠠᠨ ᠠᠰᠢᠭ | ᠣᠷᠣᠯᠭ᠎ᠠ ᠪᠠᠷ ᠬᠤᠪᠢᠶᠠᠷᠢᠯᠠᠭᠰᠠᠨ ᠤ ᠳᠠᠷᠠᠭᠠᠬᠢ ᠦᠯᠡᠳᠡᠪᠦᠷᠢ ᠠᠰᠢᠭ ᠣᠷᠣᠯᠭ᠎ᠠ ᠶᠢ ᠲᠣᠰᠬᠤᠨ ᠤ ᠬᠠᠮᠲᠤ ᠶᠢᠨ | ᠠᠵᠤ ᠠᠬᠤᠶ ᠶᠢᠨ ᠬᠤᠷᠠᠮᠳᠤᠭᠤᠯᠭ᠎ᠠ ᠪᠣᠯᠭᠠᠵᠤ ᠪᠣᠯᠤᠨ᠎ᠠ᠃ | ᠠᠷᠪᠠᠨ ᠵᠢᠷᠭᠤᠳᠤᠭᠠᠷ ᠵᠦᠢᠯ ᠡᠯ᠎ᠡ ᠰᠤᠮᠤ ᠰᠢᠶᠠᠩ ᠪᠠᠯᠭᠠᠰᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ᠂ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠱᠠᠩᠨᠠᠨ ᠨᠥᠬᠦᠪᠥᠷᠢᠯᠡᠬᠦ᠂ ᠠᠵᠤ ᠦᠢᠯᠡᠰ ᠤᠨ | ᠬᠥᠭᠵᠢᠯᠲᠡ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠵᠡᠷᠭᠡ ᠲᠥᠷᠥᠯ ᠵᠦᠢᠯ ᠢ ᠬᠡᠷᠡᠭᠵᠢᠭᠦᠯᠬᠦ ᠬᠠᠮᠢᠶᠠᠷᠤᠯᠲᠠ ᠶᠢᠨ ᠴᠤᠪᠤᠷᠠᠯ᠂ ᠪᠠᠯᠠ ᠮᠥᠩᠭᠦ ᠶᠢᠨ ᠵᠠᠷᠤᠯᠭ᠎ᠠ ᠶᠢᠨ | ᠴᠤᠪᠤᠷᠠᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠵᠡᠷᠭᠡ ᠶᠢ ᠠᠮᠢᠳᠤᠯᠢᠭ ᠢᠶᠠᠷ ᠲᠣᠬᠢᠷᠠᠭᠤᠯᠵᠤ᠂ | ᠲᠥᠷᠥᠯ ᠵᠦᠢᠯ ᠤᠨ ᠪᠡᠯᠡᠳᠬᠡᠯ᠂ ᠡᠬᠢᠯᠡᠭᠦᠯᠦᠨ ᠬᠡᠷᠡᠭᠵᠢᠭᠦᠯᠬᠦ ᠠᠴᠠ ᠠᠪᠤᠭᠠᠳ ᠪᠠᠷᠢᠯᠭ᠎ᠠ ᠳᠠᠭᠤᠰᠴᠤ ᠰᠢᠯᠭᠠᠨ | ᠠᠪᠬᠤ ᠬᠦᠷᠲᠡᠯᠡᠬᠢ ᠪᠢᠲᠡᠭᠦᠦ ᠴᠠᠭᠠᠷᠢᠭ ᠢ ᠪᠣᠶ ᠪᠣᠯᠭᠠᠨ᠎ᠠ᠃ ᠳᠠᠩᠰᠠ ᠮᠡᠳᠡᠭᠦᠯᠬᠦ ᠳᠦᠷᠢᠮ ᠢ ᠬᠡᠷᠡᠭᠵᠢᠭᠦᠯᠬᠦ ᠲᠥᠷᠥᠯ | ᠵᠦᠢᠯ ᠤᠨ ᠶᠣᠰᠣᠭᠠᠷ᠂ ᠲᠥᠷᠥᠯ ᠵᠦᠢᠯ ᠤᠨ ᠳᠠᠩᠰᠠ ᠮᠡᠳᠡᠭᠦᠯᠬᠦ ᠴᠤᠪᠤᠷᠠᠯ ᠢ ᠨᠠᠷᠢᠯᠢᠭᠵᠢᠭᠤᠯᠵᠤ᠂ ᠳᠠᠩᠰᠠ | ᠮᠡᠳᠡᠭᠦᠯᠬᠦ ᠳᠡᠰ ᠳᠠᠷᠠᠭᠠᠯᠠᠯ ᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃ ᠭᠠᠴᠠᠭ᠎ᠠ ᠲᠣᠰᠬᠤᠨ ᠨᠢ ᠬᠡᠷᠡᠯ | ᠴᠡᠨᠡᠭ ᠢ ᠬᠠᠪᠰᠤᠷᠤᠨ ᠲᠡᠳᠬᠦᠭᠰᠡᠨ ᠠᠰᠢᠭ ᠣᠷᠣᠯᠭ᠎ᠠ ᠶᠢᠨ ᠡᠬᠡ ᠲᠠᠩᠰᠠ ᠶᠢ ᠪᠠᠶᠢᠭᠤᠯᠵᠤ᠂ ᠪᠠᠯᠠ ᠮᠥᠩᠭᠦ ᠶᠢᠨ | ᠬᠡᠷᠡᠭᠯᠡᠯᠲᠡ ᠶᠢ ᠵᠢᠷᠤᠮᠵᠢᠭᠤᠯᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠭᠡᠷᠡᠯ ᠴᠡᠨᠡᠭ ᠢ ᠬᠠᠪᠰᠤᠷᠤᠨ ᠲᠡᠳᠬᠦᠭᠰᠡᠨ ᠠᠰᠢᠭ ᠣᠷᠣᠯᠭ᠎ᠠ ᠳᠤ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠵᠢᠯ ᠪᠦᠷᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶ ᠪᠠᠷ ᠲᠦᠷᠦᠭᠦᠯᠡᠭᠦᠯᠦᠨ᠂ ᠡᠳ᠋ ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠰᠢᠭ ᠣᠷᠣᠯᠭ᠎ᠠ ᠶᠢᠨ ᠪᠠᠯᠠ ᠮᠥᠩᠭᠦ ᠶᠢ ᠬᠤᠪᠢᠶᠠᠷᠢᠯᠠᠨ | ᠬᠡᠷᠡᠭᠯᠡᠭᠰᠡᠨ ᠪᠠᠶᠢᠳᠠᠯ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠨ᠎ᠠ᠃ ᠠᠮᠵᠢᠯᠲᠠ ᠪᠦᠲᠦᠮᠵᠢ ᠶᠢ ᠦᠨᠡᠯᠡᠬᠦ | ᠭᠤᠤᠯ ᠠᠭᠤᠯᠭ᠎ᠠ ᠳᠤ᠄ ᠬᠡᠷᠡᠯ ᠴᠡᠨᠡᠭ ᠢ ᠬᠠᠪᠰᠤᠷᠤᠨ ᠲᠡᠳᠬᠦᠭᠰᠡᠨ ᠠᠰᠢᠭ ᠣᠷᠣᠯᠭ᠎ᠠ ᠶᠢᠨ ᠬᠡᠷᠡᠭᠯᠡᠯᠲᠡ | ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠭᠰᠠᠨ ᠪᠠᠶᠢᠳᠠᠯ᠂ ᠪᠠᠯᠠ ᠮᠥᠩᠭᠦ ᠰᠢᠯᠵᠢᠭᠦᠯᠦᠨ | ᠥᠭᠭᠦᠭᠰᠡᠨ᠂ ᠰᠢᠰᠲ᠋ᠧᠮ ᠲᠠᠢ ᠪᠢᠴᠢᠵᠦ ᠣᠷᠣᠭᠤᠯᠤᠭᠰᠠᠨ ᠪᠠᠶᠢᠳᠠᠯ᠂ ᠲᠥᠷᠥᠯ ᠵᠦᠢᠯ ᠢ ᠬᠡᠷᠡᠭᠵᠢᠭᠦᠯᠦᠭᠰᠡᠨ | ᠬᠠᠮᠢᠶᠠᠷᠤᠯᠲᠠ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠤᠨ ᠪᠠᠶᠢᠳᠠᠯ᠂ ᠮᠡᠳᠡᠭᠡ ᠵᠠᠩᠭᠢ ᠶᠢ ᠢᠯᠡ | ᠪᠣᠯᠭᠠᠬᠤ᠂ ᠵᠠᠷᠯᠠᠨ ᠨᠡᠶᠢᠲᠡᠯᠡᠬᠦ ᠲᠦᠷᠢᠮ ᠢ ᠨᠠᠶᠢᠳᠠᠪᠤᠷᠢᠵᠢᠭᠤᠯᠤᠭᠰᠠᠨ᠂ ᠲᠠᠩᠰᠠ ᠡᠪᠬᠡᠮᠡᠯ ᠤᠨ ᠬᠠᠮᠢᠶᠠᠷᠤᠯᠲᠠ᠂ | ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ ᠵᠡᠷᠭᠡ ᠲᠠᠯ᠎ᠠ ᠶᠢᠨ ᠪᠠᠶᠢᠳᠠᠯ ᠢ ᠪᠠᠭᠲᠠᠭᠠᠨ᠎ᠠ᠃ | ᠳᠣᠯᠣᠳᠤᠭᠠᠷ ᠪᠦᠯᠦᠭ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ | ᠠᠷᠪᠠᠨ ᠨᠠᠢᠮᠠᠳᠤᠭᠠᠷ ᠵᠦᠢᠯ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ | ᠲᠣᠰᠬᠤᠨ ᠨᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠢᠯᠡ ᠲᠣᠳᠣ ᠪᠠᠶᠢᠯᠭᠠᠬᠤ | ᠵᠠᠷᠴᠢᠮ ᠶᠣᠰᠣᠭᠠᠷ᠂ ᠰᠢᠯᠭᠠᠷᠠᠭᠤᠯᠬᠤ ᠳᠡᠰ ᠳᠠᠷᠠᠭᠠᠯᠠᠯ ᠢ ᠴᠢᠩᠳᠠᠯᠠᠵᠤ᠂ ᠲᠥᠪ ᠭᠤᠣᠯᠴᠢ ᠢᠯᠡ ᠲᠣᠳᠣ | ᠪᠠᠶᠢᠯᠭᠠᠵᠤ᠂ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠤ ᠠᠪᠬᠤ ᠬᠡᠷᠡᠭᠲᠡᠶ︔ ᠬᠤᠳᠠᠯ | ᠬᠡᠯᠡᠵᠦ ᠬᠠᠭᠤᠷᠮᠠᠭᠯᠠᠨ ᠵᠣᠬᠢᠶᠠᠵᠤ ᠪᠣᠯᠬᠤ ᠦᠭᠡᠢ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠪᠤᠶᠤ ᠲᠣᠭᠲᠠᠭᠠᠯ | ᠶᠣᠰᠣᠭᠠᠷ ᠬᠡᠷᠡᠭᠯᠡᠬᠦ ᠦᠭᠡᠢ ᠪᠠᠶᠢᠬᠤ ᠶᠢ ᠴᠢᠩᠭ᠎ᠠ ᠴᠠᠭᠠᠵᠠᠯᠠᠨ᠎ᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠢᠨᠠᠨ ᠪᠤᠳᠤᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠵᠡᠷᠭᠡ ᠰᠠᠯᠠᠭ᠎ᠠ ᠮᠥᠴᠢᠷ ᠬᠠᠷᠢᠭᠤᠴᠠᠯᠭᠠᠲᠤ ᠨᠢᠭᠡᠴᠡ ᠳᠤ ᠬᠢᠨᠠᠯᠲᠠ | ᠲᠠᠯᠪᠢᠬᠤ ᠪᠠᠨ ᠴᠢᠩᠭᠠᠳᠬᠠᠪᠠ᠃ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠵᠠᠯᠠᠷᠠᠭᠤᠯᠤᠨ | ᠰᠢᠢᠳᠪᠦᠷᠢᠯᠡᠵᠤ᠂ ᠠᠰᠠᠭᠤᠳᠠᠯ ᠬᠦᠨᠳᠦ ᠨᠣᠴᠢᠲᠠᠶ ᠪᠠᠶᠢᠪᠠᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠰᠠᠬᠢᠯᠭ᠎ᠠ ᠪᠠᠲᠤ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ | ᠬᠡᠷᠡᠭᠲᠡᠶ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠳᠦᠷᠢᠮ | ᠠᠷᠪᠠ ᠶᠢᠰᠦᠳᠦᠭᠡᠷ ᠵᠦᠢᠯ ᠲᠣᠰ ᠨᠠᠷᠢᠨ ᠲᠦᠷᠢᠮ ᠤᠨ ᠬᠡᠷᠡᠭᠵᠢᠭᠦᠯᠬᠦ ᠵᠢᠯ ᠬᠤᠭᠤᠴᠠᠭ᠎ᠠ ᠨᠢ 2024 ᠣᠨ ᠤ | 12 ᠳ᠋ᠤᠭᠠᠷ ᠰᠠᠷ᠎ᠠ - 2025 ᠣᠨ ᠤ 12 ᠳ᠋ᠤᠭᠠᠷ ᠰᠠᠷ᠎ᠠ ᠪᠣᠯᠲᠠᠯ᠎ᠠ᠂ ᠲᠣᠰ ᠬᠡᠷᠡᠭᠵᠢᠭᠦᠯᠬᠦ ᠵᠢᠯ | ᠬᠤᠭᠤᠴᠠᠭ᠎ᠠ ᠶᠢᠨ ᠬᠤᠭᠤᠴᠠᠭ᠎ᠠ ᠵᠢᠴᠢ 2025 ᠣᠨ ᠤ 12 ᠳ᠋ᠤᠭᠠᠷ ᠰᠠᠷ᠎ᠠ ᠠᠴᠠ ᠰᠡᠭᠦᠯᠡᠷ᠂ ᠲᠥᠷᠥ ᠶᠢᠨ | ᠪᠣᠳᠣᠯᠭ᠎ᠠ ᠶᠢᠨ ᠪᠠᠶᠢᠳᠠᠯ ᠢ ᠦᠨᠳᠦᠰᠦᠯᠡᠨ ᠴᠠᠭ ᠲᠤᠨᠢ ᠲᠣᠬᠢᠷᠠᠭᠤᠯᠤᠯᠲᠠ ᠬᠢᠵᠦ ᠪᠣᠯᠤᠨ᠎ᠠ᠃ ᠲᠣᠰ ᠬᠡᠷᠡᠭᠵᠢᠭᠦᠯᠬᠦ | ᠨᠠᠷᠢᠨ ᠲᠦᠷᠢᠮ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠠᠴᠠ ᠬᠠᠷᠢᠭᠤᠴᠠᠨ | ᠲᠠᠶᠢᠯᠪᠤᠷᠢᠯᠠᠨ᠎ᠠ᠃ | ᠬᠤᠷᠢᠳᠤᠭᠠᠷ ᠵᠦᠢᠯ ᠲᠣᠰ ᠬᠡᠷᠡᠭᠵᠢᠭᠦᠯᠬᠦ ᠨᠠᠷᠢᠨ ᠲᠦᠷᠢᠮ ᠢ 2024 ᠣᠨ ᠤ 1 ᠰᠠᠷ᠎ᠠ ᠠᠴᠠ ᠬᠡᠷᠡᠭᠵᠢᠭᠦᠯᠵᠦ᠂ | ᠤᠤᠯ ᠤᠨ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠣᠰᠬᠤᠨ ᠤ ᠲᠠᠰ ᠤᠨ ᠬᠡᠷᠡᠯ ᠴᠡᠨᠡᠭ ᠢᠶᠠᠷ | ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠬᠠᠮᠢᠶᠠᠷᠤᠯᠲᠠ ᠶᠢᠨ ᠠᠷᠭ᠎ᠠ︾ | ︵ᠬᠤᠶᠢᠲᠦ ᠵᠠᠰᠠᠭ ᠠᠯᠪᠠᠨ ᠲᠠᠷᠬᠠᠭᠠᠭᠰᠠᠨ 〔2021〕 37 ᠳ᠋ᠤᠭᠠᠷ ᠲᠣᠭᠠᠲᠤ︶ ᠶᠢ ᠬᠦᠴᠦᠨ ᠥᠬᠡᠶ | ᠪᠣᠯᠭᠠᠨ᠎ᠠ᠃ | | | ᠵᠣᠬᠢᠶᠠᠭᠴᠢ᠄ ᠸᠠᠩ ᠱᠠᠩ ᠱᠠᠩ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ |