ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠭᠤᠷᠪᠠᠨ ᠲᠥᠷᠥᠯ ᠤᠨ ᠣᠨᠴᠠ ᠡᠮᠨᠡᠯᠭᠡ ᠶᠢᠨ ᠢᠳᠡᠭᠡᠨ ᠤ ᠳᠡᠩᠰᠡᠯᠡᠨ ᠬᠠᠮᠢᠶᠠᠷᠬᠤ ᠱᠠᠭᠠᠷᠳᠠᠯᠭ᠎ᠠ ᠶᠢ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2024/7/22
   ᠰᠢᠨᠬᠤᠸᠠ ᠰᠦᠯᠵᠢᠶ᠎ᠡ ᠶᠢᠨ ᠪᠡᠭᠡᠵᠢᠩ ᠤᠨ 7 ᠳ᠋ᠤᠭᠠᠷ ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ ︵ᠸᠠᠩ ᠰᠢᠨ︶ ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ︽ᠣᠨᠴᠠᠭᠠᠢ ᠠᠨᠠᠭᠠᠬᠤ ᠤᠬᠠᠭᠠᠨ ᠤ ᠬᠡᠷᠡᠭᠴᠡᠭᠡᠲᠦ ᠴᠠᠬᠢᠯᠭᠠᠨ ᠵᠠᠳᠠᠯᠤᠯ ᠤᠨ ᠡᠳ᠋ ᠢ ᠳᠠᠩᠰᠠᠯᠠᠬᠤ ᠵᠦᠭᠯᠡᠭᠦᠷ︾ ︽ᠣᠨᠴᠠᠭᠠᠢ ᠠᠨᠠᠭᠠᠬᠤ ᠤᠬᠠᠭᠠᠨ ᠤ ᠬᠡᠷᠡᠭᠴᠡᠭᠡᠲᠦ ᠨᠡᠭᠦᠷᠡᠰᠦᠲᠥ᠋ᠷᠥᠭᠴᠢ ᠶᠢᠨ ᠨᠢᠭᠡᠳᠪᠦᠷᠢ ᠶᠢᠨ ᠨᠠᠶᠢᠷᠠᠯᠭ᠎ᠠ ᠶᠢᠨ ᠢᠳᠡᠭᠡᠨ ᠢ ᠳᠠᠩᠰᠠᠯᠠᠬᠤ ᠵᠦᠭᠯᠡᠭᠦᠷ︾ ᠪᠣᠯᠣᠨ ︽ᠣᠨᠴᠠᠭᠠᠢ ᠠᠨᠠᠭᠠᠬᠤ ᠤᠬᠠᠭᠠᠨ ᠤ ᠬᠡᠷᠡᠭᠴᠡᠭᠡᠲᠦ ᠤᠭᠤᠷᠠᠭ ᠤᠨ ᠲᠣᠨᠤᠭ ᠤᠨ ᠨᠠᠶᠢᠷᠠᠯᠭ᠎ᠠ ᠲᠠᠢ ᠢᠳᠡᠭᠡᠨ ᠢ ᠳᠠᠩᠰᠠᠯᠠᠬᠤ ᠵᠦᠭᠯᠡᠭᠦᠷ︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠭᠤᠷᠪᠠᠨ ᠲᠥᠷᠥᠯ ᠤᠨ ᠦᠢᠯᠡᠳᠬᠦᠨ ᠤ ᠳᠠᠩᠰᠠᠯᠠᠭᠤᠯᠤᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠵᠢᠯᠣᠭᠤᠳᠤᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠣᠨᠴᠠ ᠡᠮᠨᠡᠯᠭᠡ ᠶᠢᠨ ᠢᠳᠡᠭᠡᠨ ᠤ ᠰᠢᠮ᠎ᠡ ᠲᠡᠵᠢᠭᠡᠯ ᠤᠨ ᠠᠮᠤᠷ ᠲᠦᠪᠰᠢᠨ ᠢ ᠪᠠᠲᠤᠯᠠᠪᠠ᠃     ᠣᠶᠢᠯᠠᠭᠠᠭᠰᠠᠨ ᠢᠶᠠᠷ᠂ ︽ᠵᠦᠭᠯᠡᠭᠦᠷ︾ ᠤᠨ ᠵᠣᠬᠢᠴᠠᠩᠭᠤᠶ ᠪᠠᠶᠢᠳᠠᠯ ᠳᠤ ᠨᠡᠶᠢᠴᠡᠬᠦ ᠦᠢᠯᠡᠳᠬᠦᠨ ᠢ ᠳᠣᠤᠷᠠᠬᠢ ᠳᠥᠷᠪᠡᠨ ᠲᠠᠯ᠎ᠠ ᠪᠠᠷ ᠳᠡᠩᠰᠡᠯᠡᠨ ᠲᠡᠮᠳᠡᠭᠯᠡᠬᠦ ᠪᠠᠷ ᠭᠤᠶᠤᠴᠢᠯᠠᠭᠰᠠᠨ ᠦᠨᠳᠦᠰᠦᠯᠡᠯ ᠤᠨ ᠲᠠᠯ᠎ᠠ ᠪᠠᠷ᠂ ᠳᠠᠩᠰᠠᠯᠠᠭᠤᠯᠬᠤ ᠪᠠᠷ ᠭᠤᠶᠤᠴᠢᠯᠠᠬᠤ ᠳᠤ ᠪᠠᠨ ᠵᠥᠪᠬᠡᠨ ᠦᠢᠯᠡᠳᠬᠦᠨ ᠤ ᠨᠠᠶᠢᠷᠠᠯᠭ᠎ᠠ ᠲᠠᠢ ᠵᠢᠷᠤᠭ ᠲᠥᠯᠥᠪᠯᠡᠭᠡ ᠶᠢᠨ ᠦᠨᠳᠦᠰᠦᠯᠡᠯ ᠢ ᠲᠤᠰᠢᠶᠠᠬᠤ ᠦᠭᠡᠢ ᠪᠠᠶᠢᠵᠤ ᠪᠣᠯᠤᠨ᠎ᠠ︔ ᠬᠤᠶᠠᠷ ᠲᠤ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠵᠢᠷᠤᠭ ᠲᠥᠯᠥᠪᠯᠡᠭᠡ ᠶᠢᠨ ᠦᠨᠳᠦᠰᠦᠯᠡᠯ᠂ ᠲᠤᠯᠭᠤᠷ ᠪᠢᠴᠢᠭ ᠤᠨ ᠮᠠᠲ᠋ᠧᠷᠢᠶᠠᠯ ᠵᠡᠷᠭᠡ ᠶᠢ ᠲᠤᠰᠢᠶᠠᠬᠤ ᠦᠭᠡᠢ︔ ᠭᠤᠷᠪᠠ ᠳᠤ᠂ ᠲᠣᠭᠲᠠᠪᠤᠷᠢᠲᠤ ᠴᠢᠨᠠᠷ ᠤᠨ ᠰᠤᠳᠤᠯᠭᠠᠨ ᠤ ᠲᠠᠯ᠎ᠠ ᠪᠠᠷ᠂ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠲᠣᠭᠲᠠᠪᠤᠷᠢᠲᠤ ᠴᠢᠨᠠᠷ ᠤᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠲᠡᠮᠳᠡᠭᠯᠡᠯ ᠢ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠭᠰᠡᠨ ᠰᠠᠭᠤᠷᠢᠨ ᠳᠡᠭᠡᠷ᠎ᠡ᠂ ᠳᠠᠩᠰᠠᠯᠠᠭᠤᠯᠬᠤ ᠪᠠᠷ ᠭᠤᠶᠤᠴᠢᠯᠠᠬᠤ ᠳᠠᠭᠠᠨ ᠵᠥᠪᠬᠡᠨ ᠲᠣᠭᠲᠠᠪᠤᠷᠢᠲᠤ ᠴᠢᠨᠠᠷᠲᠠᠶ ᠰᠤᠳᠤᠯᠭᠠᠨ ᠢ ᠥᠷᠨᠢᠭᠦᠯᠬᠦ ᠴᠠᠭ ᠵᠢᠴᠢ ᠬᠠᠮᠢᠶ᠎ᠠ ᠪᠥᠬᠦᠶ ᠪᠠᠶᠢᠳᠠᠯ ᠤᠨ ᠲᠣᠳᠣᠷᠬᠠᠶᠢᠯᠠᠯᠲᠠ ᠶᠢ ᠲᠤᠰᠢᠶᠠᠬᠤ ᠴᠢᠬᠤᠯᠠᠲᠠᠢ︔ ᠲᠦᠷᠪᠡ ᠳᠤ᠂ ᠰᠤᠳᠤᠯᠤᠨ ᠨᠡᠭᠡᠭᠡᠬᠦ ᠦᠢᠯᠡᠳᠪᠦᠷᠢᠯᠡᠯ ᠤᠨ ᠴᠢᠳᠠᠪᠤᠷᠢ ᠶᠢᠨ ᠲᠠᠯ᠎ᠠ ᠪᠠᠷ᠂ ᠳᠠᠩᠰᠠᠯᠠᠭᠤᠯᠬᠤ ᠪᠠᠷ ᠭᠤᠶᠤᠴᠢᠯᠠᠬᠤ ᠳᠠᠭᠠᠨ ᠵᠥᠪᠬᠡᠨ ᠰᠤᠳᠤᠯᠤᠨ ᠨᠡᠭᠡᠭᠡᠬᠦ ᠪᠠᠶᠢᠭᠤᠯᠤᠮᠵᠢ᠂ ᠦᠢᠯᠡᠳᠪᠦᠷᠢᠯᠡᠯ ᠤᠨ ᠲᠠᠯᠠᠪᠤᠷ ᠭᠠᠵᠠᠷ ᠤᠨ ᠭᠤᠤᠯ ᠲᠥᠬᠦᠭᠡᠷᠦᠮᠵᠢ ᠲᠥᠬᠦᠭᠡᠷᠦᠮᠵᠢ᠂ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠵᠡᠷᠭᠡ ᠪᠠᠶᠢᠳᠠᠯ ᠤᠨ ᠲᠤᠬᠠᠶ ᠨᠢᠭᠡᠳᠦᠯᠲᠦ ᠴᠢᠨᠠᠷᠲᠠᠶ ᠲᠣᠳᠣᠷᠬᠠᠶᠢᠯᠠᠯᠲᠠ ᠶᠢ ᠳᠡᠪᠰᠢᠭᠦᠯᠵᠦ᠂ ᠰᠤᠳᠤᠯᠤᠨ ᠨᠡᠭᠡᠭᠡᠬᠦ ᠴᠢᠳᠠᠪᠤᠷᠢ ᠪᠠ ᠦᠢᠯᠡᠳᠪᠦᠷᠢᠯᠡᠬᠦ ᠴᠢᠳᠠᠪᠤᠷᠢ ᠶᠢᠨ ᠮᠠᠲ᠋ᠧᠷᠢᠶᠠᠯ ᠤᠨ ᠠᠩᠬᠠᠨ ᠤ ᠪᠢᠴᠢᠭ ᠮᠠᠲ᠋ᠧᠷᠢᠶᠠᠯ ᠵᠢᠴᠢ ᠭᠡᠷᠡᠴᠢᠯᠡᠬᠦ ᠮᠠᠲ᠋ᠧᠷᠢᠶᠠᠯ ᠢ ᠲᠤᠰᠢᠶᠠᠬᠤ ᠦᠭᠡᠢ ᠪᠠᠶᠢᠵᠤ ᠪᠣᠯᠤᠨ᠎ᠠ᠃    ︽ᠵᠦᠭᠯᠡᠭᠦᠷ︾ ᠳᠤ ᠪᠠᠰᠠ ᠳᠡᠭᠡᠷ᠎ᠡ ᠳᠤᠷᠠᠳᠤᠭᠰᠠᠨ ᠭᠤᠷᠪᠠᠨ ᠲᠥᠷᠥᠯ ᠤᠨ ᠦᠢᠯᠡᠳᠬᠦᠨ ᠢ ᠳᠠᠩᠰᠠᠯᠠᠬᠤ ᠳᠤ ᠦᠢᠯᠡᠳᠪᠦᠷᠢᠯᠡᠯ ᠤᠨ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ ᠪᠠ ᠥᠯᠢᠭᠡᠷ ᠠᠪᠴᠤ ᠰᠢᠯᠭᠠᠨ ᠪᠠᠶᠢᠴᠠᠭᠠᠬᠤ ᠴᠢᠬᠤᠯᠠᠲᠠᠶ ᠪᠠᠶᠢᠳᠠᠯ ᠢ ᠲᠣᠳᠣᠷᠬᠠᠶᠢᠯᠠᠪᠠ︔ ᠡᠭᠦᠨ ᠳᠤ ᠭᠤᠶᠤᠴᠢᠯᠠᠭᠴᠢ ᠠᠴᠠ ᠠᠩᠬ᠎ᠠ ᠤᠳᠠᠭ᠎ᠠ ᠳᠠᠩᠰᠠᠯᠠᠭᠤᠯᠬᠤ ᠪᠠᠷ ᠭᠤᠶᠤᠴᠢᠯᠠᠭᠰᠠᠨ ᠣᠨᠴᠠᠭᠠᠶ ᠠᠨᠠᠭᠠᠬᠤ ᠤᠬᠠᠭᠠᠨ ᠤ ᠬᠡᠷᠡᠭᠴᠡᠭᠡ ᠶᠢᠨ ᠨᠠᠶᠢᠷᠠᠯᠭ᠎ᠠ ᠲᠠᠢ ᠢᠳᠡᠭᠡᠨ ᠢ ᠪᠠᠭᠲᠠᠭᠠᠨ᠎ᠠ︔ ᠦᠢᠯᠡᠳᠪᠦᠷᠢᠯᠡᠯ ᠤᠨ ᠱᠤᠭᠤᠮ ᠨᠢ ᠠᠩᠬ᠎ᠠ ᠤᠳᠠᠭ᠎ᠠ ᠳᠠᠩᠰᠠᠯᠠᠭᠤᠯᠬᠤ ᠪᠠᠷ ᠭᠤᠶᠤᠴᠢᠯᠠᠭᠰᠠᠨ ᠣᠨᠴᠠᠭᠠᠢ ᠠᠨᠠᠭᠠᠬᠤ ᠤᠬᠠᠭᠠᠨ ᠤ ᠬᠡᠷᠡᠭᠴᠡᠭᠡ ᠶᠢᠨ ᠨᠠᠶᠢᠷᠠᠯᠭ᠎ᠠ ᠲᠠᠢ ᠢᠳᠡᠭᠡᠨ ᠢ ᠪᠠᠭᠲᠠᠭᠠᠨ᠎ᠠ︔ ᠪᠤᠰᠤᠳ ᠦᠢᠯᠡᠳᠪᠦᠷᠢᠯᠡᠯ ᠤᠨ ᠲᠤᠬᠠᠢ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠯᠭᠠᠬᠤ ᠪᠠᠷ ᠭᠤᠶᠤᠴᠢᠯᠠᠭᠰᠠᠨ ᠪᠠ ᠥᠯᠢᠭᠡᠷ ᠠᠪᠴᠤ ᠰᠢᠯᠭᠠᠨ ᠪᠠᠶᠢᠴᠠᠭᠠᠬᠤ ᠴᠢᠬᠤᠯᠠᠲᠠᠢ ᠪᠠᠶᠢᠳᠠᠯ ᠣᠷᠣᠰᠢᠵᠤ ᠪᠠᠶᠢᠪᠠ᠂ ᠡᠭᠦᠨ ᠳᠤ ᠳᠠᠩᠰᠠᠯᠠᠭᠤᠯᠬᠤ ᠭᠤᠶᠤᠴᠢᠯᠠᠯ ᠳᠤ ᠦᠨᠡᠨ ᠪᠣᠳᠠᠲᠠᠢ ᠪᠠᠶᠢᠳᠠᠯ ᠣᠷᠣᠰᠢᠵᠤ ᠪᠠᠶᠢᠬᠤ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ᠂ ᠬᠠᠮᠢᠶ᠎ᠠ ᠪᠦᠬᠦᠢ ᠢᠯᠡᠴᠢᠯᠡᠨ ᠮᠡᠳᠡᠭᠦᠯᠦᠭᠰᠡᠨ ᠠᠰᠠᠭᠤᠳᠠᠯ ᠪᠤᠶᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠭᠤᠭᠤᠯᠤᠨ ᠪᠠᠶᠢᠴᠠᠭᠠᠬᠤ ᠴᠢᠬᠤᠯᠠᠲᠠᠢ ᠭᠡᠵᠦ ᠦᠵᠡᠭᠰᠡᠨ ᠠᠰᠠᠭᠤᠳᠠᠯ᠂ ᠮᠡᠷᠭᠡᠵᠢᠯ ᠤᠨ ᠬᠢᠨᠠᠨ ᠦᠨᠡᠯᠡᠬᠦ ᠶᠠᠪᠤᠴᠠ ᠳᠤ ᠲᠤᠬᠠᠢ ᠶᠢᠨ ᠲᠠᠯᠠᠪᠤᠷ ᠲᠤ ᠨᠤᠲᠠᠯᠠᠭᠤᠯᠬᠤ ᠴᠢᠬᠤᠯᠠᠲᠠᠢ ᠭᠡᠵᠦ ᠦᠵᠡᠭᠰᠡᠨ ᠵᠡᠷᠭᠡ ᠶᠢ ᠪᠠᠭᠲᠠᠭᠠᠨ᠎ᠠ᠃ ᠳᠡᠭᠡᠷ᠎ᠡ ᠳᠤᠷᠠᠳᠤᠭᠰᠠᠨ ᠪᠠᠶᠢᠳᠠᠯ ᠢ ᠭᠠᠷᠭᠠᠪᠠᠯ᠂ ᠡᠩ ᠤᠨ ᠪᠠᠶᠢᠳᠠᠯ ᠳᠤ ᠦᠢᠯᠡᠳᠪᠦᠷᠢᠯᠡᠯ ᠤᠨ ᠲᠤᠬᠠᠶ ᠶᠢᠨ ᠲᠠᠯᠠᠪᠠᠶ ᠳᠤ ᠬᠢᠨᠠᠨ ᠪᠠᠶᠢᠴᠠᠭᠠᠬᠤ ᠪᠠ ᠦᠯᠢᠭᠡᠷ ᠠᠪᠴᠤ ᠰᠢᠯᠭᠠᠨ ᠪᠠᠶᠢᠴᠠᠭᠠᠬᠤ ᠦᠭᠡᠶ᠃                                                ᠨᠠᠶᠢᠷᠠᠭᠤᠯᠤᠭᠴᠢ᠄ ᠹᠧᠩ ᠺᠥᠩ
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号