ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠬᠤᠷᠠᠯ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠦᠨᠡᠯᠡᠨ ᠵᠢᠱᠢᠬᠦ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/23
   7 ᠰᠠᠷ᠎ᠠ ᠶᠢᠨ 19 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠤᠷᠠᠯ ᠦᠵᠡᠰᠬᠦᠯᠡᠩ ᠤᠨ ᠲᠥᠪ ᠲᠤ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠪᠥᠬᠦ ᠬᠤᠰᠢᠭᠤᠨ ᠤ 2023 ᠣᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠦᠨᠡᠯᠡᠨ ᠵᠢᠱᠢᠬᠦ ᠵᠢᠴᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠵᠤ ᠦᠨᠡᠯᠡᠨ ᠵᠢᠱᠢᠬᠦ ᠮᠡᠳᠡᠭᠡᠯᠡᠯ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧᠦ ᠵᠢᠶᠦ᠋ᠨ ᠢᠦᠶ ᠬᠤᠷᠠᠯ ᠢ ᠡᠷᠭᠢᠯᠡᠵᠦ᠂ ᠬᠤᠰᠢᠭᠤᠨ ᠤ ᠤᠳᠤᠷᠢᠳᠤᠯᠭ᠎ᠠ ᠷᠧᠨ ᠯᠢ ᠵᠢᠴᠢ ᠡᠯ᠎ᠡ ᠬᠠᠮᠢᠶ᠎ᠠ ᠪᠥᠬᠦᠶ ᠨᠢᠭᠡᠴᠡ ᠪᠠ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠥᠷᠲᠡᠭᠡ ᠶᠢᠨ ᠳᠠᠷᠤᠭ᠎ᠠ ᠪᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠵᠠᠶ᠃
   ᠬᠤᠷᠠᠯ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠦᠭᠰᠡᠨ ᠪᠠᠶᠢᠳᠠᠯ ᠵᠢᠴᠢ ᠬᠤᠶᠠᠳᠤᠭᠠᠷ ᠤᠯᠠᠷᠢᠯ ᠳᠤ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠪᠡᠶᠡᠯᠡᠭᠦᠯᠦᠭᠰᠡᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠵᠦ᠂ ︽ᠤᠯᠠᠭᠠᠨᠴᠠᠪ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠭᠤᠤᠯᠳᠠᠯᠭ᠎ᠠ ᠲᠠᠢ ᠡᠭᠦᠷᠭᠡ ᠶᠢ ᠱᠠᠯᠠᠪᠳᠠᠭᠤᠯᠤᠨ ᠭᠦᠢᠴᠡᠳᠬᠡᠬᠦ ᠲᠤᠬᠠᠶ ᠠᠵᠢᠯ ᠤᠨ ᠲᠥᠰᠦᠯ︾᠂ ︽2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ ᠶᠢᠨ ᠬᠡᠷᠡᠭᠵᠢᠭᠦᠯᠬᠦ ᠲᠥᠰᠦᠯ︾ ᠵᠢᠴᠢ ︽ᠤᠯᠠᠭᠠᠨᠴᠠᠪ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠦ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠤᠰᠬᠠᠶ ᠠᠵᠢᠯᠯᠠᠭ᠎ᠠ ᠶᠢᠨ ᠲᠥᠰᠦᠯ︾ ᠤᠨ ᠬᠤᠯᠪᠣᠭᠳᠠᠯ ᠪᠥᠬᠦᠶ ᠭᠤᠤᠯᠳᠠᠯᠭ᠎ᠠ ᠪᠠ ᠠᠭᠤᠯᠭ᠎ᠠ ᠳᠤ ᠲᠠᠶᠢᠯᠤᠮᠵᠢ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠷᠧᠨ ᠯᠢ 2024 ᠣᠨ ᠤ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠳᠤ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠨᠡ ᠵᠢᠯ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠪᠠ ᠣᠨ ᠤ ᠬᠠᠷᠠᠯᠲᠠ ᠶᠢ ᠲᠣᠳᠣᠷᠬᠠᠶᠢᠯᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃    ᠾᠧᠦ ᠵᠢᠶᠦ᠋ᠨ ᠢᠦᠢ ᠬᠠᠮᠤᠭ ᠡᠴᠦᠰ ᠲᠤ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠳ ᠦᠵᠡᠯ ᠰᠠᠨᠠᠭ᠎ᠠ ᠤᠬᠠᠮᠰᠠᠷ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠠᠷᠯᠠᠨ ᠮᠡᠳᠡᠭᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ︽5 ᠬᠤᠷᠢᠭ᠎ᠠ ᠱᠤᠭᠤᠮ︾ ᠢ ᠡᠷᠡᠰ ᠰᠠᠬᠢᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃                                      ᠤᠷᠴᠢᠭᠤᠯᠤᠭᠴᠢ᠄ ᠰᠤᠷᠤᠨ᠎ᠠ                                     ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号