ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ 2024 ᠣᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2024/7/29
   7 ᠰᠠᠷ᠎ᠠ ᠶᠢᠨ 26 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2024 ᠣᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠮᠡᠳᠡᠯᠭᠡ ᠶᠢᠨ ᠤᠷᠤᠯᠳᠤᠭᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠶᠠᠪᠤᠭᠳᠠᠪᠠ᠃ ᠲᠤᠰ ᠤᠳᠠᠭᠠᠨ ᠤ ᠮᠡᠳᠡᠯᠭᠡ ᠶᠢᠨ ᠤᠷᠤᠯᠳᠤᠭᠠᠨ ᠪᠣᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠲᠥᠪᠯᠡᠷᠡᠩᠭᠦᠶ ᠢᠯᠡᠷᠡᠯ ᠪᠣᠯᠬᠤ ᠪᠠᠷ ᠪᠠᠷᠠᠬᠤ ᠦᠭᠡᠶ ᠪᠠᠰᠠ ᠪᠦᠬᠦ ᠠᠷᠠᠳ ᠢᠶᠠᠷ ᠢᠶᠠᠨ ᠰᠢᠨᠵᠢᠯᠡᠬᠦ ᠤᠬᠠᠭᠠᠨ ᠢ ᠬᠠᠮᠲᠤ ᠪᠠᠷ ᠡᠳ᠋ᠯᠡᠬᠦ ᠠᠵᠢᠯᠯᠠᠭ᠎ᠠ ᠪᠣᠯᠤᠨ᠎ᠠ᠃
   ᠲᠣᠰ ᠬᠤᠭᠤᠴᠠᠭᠠᠨ ᠤ ᠮᠡᠳᠡᠯᠭᠡ ᠶᠢᠨ ᠤᠷᠤᠯᠳᠤᠭᠠᠨ ᠨᠢ ᠨᠡᠷ᠎ᠡ ᠮᠡᠳᠡᠭᠦᠯᠬᠦ᠂ ᠰᠢᠯᠢᠨ ᠰᠣᠩᠭᠤᠬᠤ ᠪᠠᠷ ᠳᠡᠮᠵᠢᠨ᠂ ᠨᠡᠶᠢᠲᠡ 6 ᠲᠥᠯᠥᠭᠡᠯᠡᠭᠴᠢᠳ ᠤᠨ ᠠᠩᠭᠢ 24 ᠬᠥᠮᠦᠨ ᠤᠷᠤᠯᠳᠤᠭᠠᠨ ᠳᠤ ᠣᠷᠣᠯᠴᠠᠪᠠ᠃ ᠡᠳᠡᠭᠡᠷ ᠲᠦᠯᠦᠭᠡᠯᠡᠭᠴᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮ ᠡᠮᠨᠡᠯᠭᠡ ᠶᠢᠨ ᠰᠢᠰᠲ᠋ᠧᠮ᠂ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ᠂ ᠰᠤᠷᠭᠠᠨ ᠬᠥᠮᠦᠵᠢᠯ ᠤᠨ ᠰᠢᠰᠲ᠋ᠧᠮ ᠤᠨ ᠰᠢᠨᠵᠢᠯᠡᠬᠦ ᠤᠬᠠᠭᠠᠨᠴᠢ ᠶᠢᠨ ᠪᠠᠭ᠋ᠠᠷᠬᠠᠭᠴᠢ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠬᠤᠷᠠᠮᠳᠤᠭᠤᠯᠵᠤ᠂ ᠲᠡᠳᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠯᠠᠪᠳᠠᠭᠤᠨ ᠪᠠᠲᠤᠲᠠᠶ ᠮᠡᠳᠡᠯᠭᠡ ᠪᠠ ᠰᠢᠨᠵᠢᠯᠡᠬᠦ ᠤᠬᠠᠭᠠᠨ ᠤ ᠬᠠᠯᠠᠭᠤᠨ ᠰᠡᠳᠬᠢᠯᠭᠡ ᠶᠢ ᠤᠷᠤᠯᠳᠤᠭᠠᠨ ᠳᠤ ᠭᠦᠢᠴᠡᠳ ᠢᠯᠡᠷᠡᠭᠦᠯᠵᠡᠶ᠃
   ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠡᠯ᠎ᠡ ᠲᠥᠯᠥᠭᠡᠯᠡᠭᠴᠢᠳ ᠤᠨ ᠠᠩᠭᠢ ᠣᠷᠭᠢᠯᠤᠮ᠎ᠠ ᠬᠠᠯᠠᠭᠤᠨ ᠰᠡᠳᠬᠢᠯᠭᠡ ᠪᠠ ᠰᠢᠯᠭᠠᠷᠠᠭᠰᠠᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢᠶᠠᠷ ᠰᠢᠷᠦᠭᠦᠨ ᠲᠡᠮᠡᠴᠡᠯ ᠥᠷᠨᠢᠭᠦᠯᠪᠡ᠃ ᠲᠣᠰ ᠤᠳᠠᠭᠠᠨ ᠤ ᠤᠷᠤᠯᠳᠤᠭᠠᠨ ᠤ ᠮᠡᠳᠡᠯᠭᠡ ᠶᠢᠨ ᠬᠡᠪᠴᠢᠶ᠎ᠡ ᠨᠢ ︽ᠢᠳᠡᠭᠡᠨ ᠤ ᠠᠮᠤᠷ ᠲᠦᠪᠰᠢᠨ︾᠂ ︽ᠠᠮᠢ ᠨᠠᠰᠤ ᠬᠢᠭᠡᠳ ᠡᠷᠡᠭᠦᠯ ᠮᠡᠨᠳᠦ︾᠂ ︽ᠢᠳᠡᠭᠡᠨ ᠤᠮᠳᠠᠭᠠᠨ ᠤ ᠰᠢᠮ᠎ᠡ ᠲᠡᠵᠢᠭᠡᠯ︾᠂ ︽ᠵᠣᠬᠢᠶᠠᠮᠠᠯ ᠣᠶᠤᠨ ᠴᠢᠳᠠᠪᠤᠷᠢ︾᠂ ︽ᠡᠷᠡᠭᠦᠯ ᠬᠠᠮᠠᠭᠠᠯᠠᠯ ᠡᠷᠡᠭᠦᠯ ᠮᠡᠨᠳᠦ︾᠂ ︽ᠰᠦᠯᠵᠢᠶᠡᠨ ᠤ ᠠᠮᠤᠷ ᠲᠦᠪᠰᠢᠨ︾᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ︾᠂ ︽ᠥᠪᠥᠷ ᠮᠣᠩᠭᠤᠯ ᠤᠨ ᠤᠨᠴᠠᠯᠢᠭᠳᠤ ᠰᠢᠯᠭᠠᠯᠲᠠ ᠶᠢᠨ ᠰᠡᠳᠦᠪ︾ ᠵᠡᠷᠭᠡ ᠠᠭᠤᠯᠭ᠎ᠠ ᠳᠤ ᠬᠤᠯᠪᠣᠭᠳᠠᠵᠤ ᠪᠠᠶᠢᠪᠡ᠃    ᠵᠠᠪᠠᠯ ᠬᠠᠷᠢᠭᠤᠯᠬᠤ᠂ ᠵᠠᠪᠳᠤᠨ ᠬᠠᠷᠢᠭᠤᠯᠬᠤ᠂ ᠨᠡᠮᠡᠯᠲᠡ ᠤᠷᠤᠯᠳᠤᠭᠠᠨ ᠵᠡᠷᠭᠡ ᠭᠤᠭᠴᠤᠭ᠎ᠠ ᠶᠢᠨ ᠮᠥᠷᠦ᠋ᠢᠴᠡᠭᠡᠨ ᠢᠶᠠᠷ ᠳᠡᠮᠵᠢᠨ᠂ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ ᠭᠥᠷᠳᠡᠬᠦ ᠠᠩᠭᠢ ᠶᠢᠨ 1 ᠨᠡᠷᠡᠰ 4 ᠬᠥᠮᠦᠨ᠂ ᠬᠤᠶᠠᠳᠤᠭᠠᠷ ᠳᠡᠰ ᠤᠨ ᠱᠠᠩᠨᠠᠯ ᠭᠥᠷᠳᠡᠬᠦ ᠠᠩᠭᠢ ᠶᠢᠨ 2 ᠨᠡᠷᠡᠰ 8 ᠬᠥᠮᠦᠨ᠂ ᠭᠤᠷᠪᠠᠳᠤᠭᠠᠷ ᠳᠡᠰ ᠤᠨ ᠱᠠᠩᠨᠠᠯ ᠭᠥᠷᠳᠡᠬᠦ ᠡᠩᠨᠡᠭᠡ 3 ᠬᠥᠮᠦᠨ 12 ᠬᠥᠮᠦᠨ᠂ ᠬᠠᠮᠤᠭ ᠤᠨ ᠰᠠᠶᠢᠨ ᠰᠡᠳᠦᠪ ᠬᠠᠷᠢᠭᠤᠯᠤᠭᠰᠠᠨ ᠱᠠᠩᠨᠠᠯ 4 ᠬᠥᠮᠦᠨ ᠢ ᠰᠢᠯᠭᠠᠷᠠᠭᠤᠯᠪᠠ᠃
   ᠲᠤᠰ ᠤᠳᠠᠭᠠᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠥᠷᠭᠡᠨ ᠣᠯᠠᠨ ᠠᠷᠠᠳ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠳᠤ ᠰᠢᠨᠵᠢᠯᠡᠬᠦ ᠤᠬᠠᠭᠠᠨ ᠢ ᠰᠤᠷᠤᠯᠴᠠᠬᠤ᠂ ᠦᠵᠡᠯ ᠰᠠᠨᠠᠭ᠎ᠠ ᠪᠠᠨ ᠰᠣᠯᠢᠯᠴᠠᠬᠤ᠂ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠤ ᠨᠡᠶᠢᠭᠡᠮ ᠳᠠᠶᠠᠭᠠᠷ ᠤᠨ ᠬᠡᠪᠴᠢᠶᠡᠨ ᠳᠤ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠦᠬᠦ ᠬᠤᠰᠢᠭᠤᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠶ᠃    ᠲᠤᠰ ᠤᠳᠠᠭᠠᠨ ᠤ ᠠᠵᠢᠯᠯᠠᠭ᠎ᠠ ᠶᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠭᠰᠡᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ᠂ ᠤᠷᠤᠯᠳᠤᠭᠠᠨ ᠤ ᠠᠵᠢᠯᠯᠠᠭ᠎ᠠ ᠶᠢᠨ ᠬᠤᠭᠤᠴᠠᠭᠠᠨ ᠳᠤ᠂ ᠲᠠᠮᠢᠷᠴᠢᠳ ᠪᠠ ᠰᠢᠯᠭᠠᠷᠠᠭᠤᠯᠬᠤ ᠺᠣᠮᠢᠰ ᠤᠨ ᠭᠡᠰᠢᠭᠦᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠢ ᠲᠣᠭᠤᠷᠢᠨ ᠦᠵᠡᠭᠰᠡᠨ ᠪᠥᠭᠡᠳ ᠲᠡᠳᠡᠨ ᠳᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠮ ᠲᠡᠷᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ 100 ᠭᠠᠷᠤᠶ ᠬᠤᠪᠢ ᠲᠠᠷᠬᠠᠭᠠᠪᠠ᠃                                               ᠤᠷᠴᠢᠭᠤᠯᠤᠭᠴᠢ᠄ ᠰᠤᠷᠤᠨ᠎ᠠ                                               ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号