ᠳᠤᠮᠳᠠᠳᠤ ᠶᠢᠨ ᠣᠯᠠᠨ ᠤᠯᠤᠰ ᠤᠨ ᠰᠢᠨᠵᠢᠯᠡᠬᠦ ᠤᠬᠠᠭᠠᠨ ᠤ ᠰᠣᠯᠢᠯᠴᠠᠭᠠᠨ ᠤ ᠰᠠᠭᠤᠷᠢ ᠮᠥᠩᠭᠦᠨ ᠤ ᠨᠡᠶᠢᠭᠡᠮᠯᠢᠭ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠴᠢᠯᠡᠭᠡ ᠵᠡᠷᠭᠡ ᠲᠥᠬᠦᠭᠡᠷᠦᠮᠵᠢ ᠶᠢ ᠬᠠᠨᠳᠤᠯᠭ᠎ᠠ ᠲᠠᠢ ᠪᠠᠷ ᠬᠠᠨᠳᠢᠪᠯᠠᠪᠠ
ᠨᠡᠶᠢᠲᠡᠯᠡᠭᠰᠡᠨ ᠴᠠᠭ᠄
2024/7/29
   7 ᠰᠠᠷ᠎ᠠ ᠶᠢᠨ 26 ᠤ ᠡᠳᠦᠷ᠂ ᠳᠤᠮᠳᠠᠳᠤ ᠶᠢᠨ ᠣᠯᠠᠨ ᠤᠯᠤᠰ ᠤᠨ ᠰᠢᠨᠵᠢᠯᠡᠬᠦ ᠤᠬᠠᠭᠠᠨ ᠤ ᠰᠣᠯᠢᠯᠴᠠᠭᠠᠨ ᠤ ᠰᠠᠭᠤᠷᠢ ᠮᠥᠩᠭᠦᠨ ᠤ ᠨᠡᠶᠢᠭᠡᠮᠯᠢᠭ ᠠᠴᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠴᠢᠯᠡᠭᠡᠨ ᠤ ᠲᠥᠬᠦᠭᠡᠷᠦᠮᠵᠢ ᠶᠢ ᠲᠣᠭᠲᠠᠭᠰᠠᠨ ᠴᠢᠭᠯᠡᠯ ᠲᠠᠢ ᠪᠠᠷ ᠬᠠᠨᠳᠢᠪᠯᠠᠨ ᠬᠦᠷᠭᠡᠬᠦ ᠶᠣᠰᠣᠯᠠᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠶᠠᠪᠤᠭᠳᠠᠵᠤ᠂ ᠰᠠᠭᠤᠷᠢ ᠮᠥᠩᠭᠦᠨ ᠤ ᠨᠡᠶᠢᠭᠡᠮᠯᠢᠭ ᠤᠨ ᠥᠪᠥᠷ ᠮᠣᠩᠭᠤᠯ ᠤᠨ ᠬᠡᠷᠡᠭ ᠡᠷᠬᠢᠯᠡᠬᠦ ᠭᠠᠵᠠᠷ ᠤᠨ ᠠᠵᠢᠯᠲᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠠᠵᠢᠯᠲᠠᠨ ᠲᠤᠰᠠᠯᠠᠬᠤ ᠶᠣᠰᠣᠯᠠᠯ ᠳᠤ ᠣᠷᠣᠯᠴᠠᠪᠠ᠃ ᠲᠣᠰ ᠤᠳᠠᠭᠠᠨ ᠤ ᠬᠠᠨᠳᠢᠪᠯᠠᠯ ᠤᠨ ᠵᠣᠷᠢᠯᠭ᠎ᠠ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠰᠠᠭᠤᠷᠢ ᠨᠥᠬᠦᠴᠡᠯ ᠢ ᠰᠠᠶᠢᠵᠢᠷᠠᠭᠤᠯᠬᠤ ᠶᠠᠪᠤᠳᠠᠯ ᠪᠠᠶᠢᠵᠤ᠂ ᠡᠮᠴᠢᠯᠡᠭᠡᠨ ᠤ ᠲᠥᠬᠦᠭᠡᠷᠦᠮᠵᠢ ᠬᠠᠷᠢᠴᠠᠩᠭᠤᠶ ᠪᠠᠷ ᠬᠤᠴᠣᠷᠤᠩᠭᠤᠶ ᠪᠠᠶᠢᠬᠤ ᠵᠡᠷᠭᠡ ᠪᠣᠭᠤᠮᠢ ᠶᠢᠨ ᠠᠰᠠᠭᠤᠳᠠᠯ ᠪᠣᠯᠤᠨ᠎ᠠ᠃
   ᠲᠣᠰ ᠤᠳᠠᠭᠠᠨ ᠤ ᠬᠠᠨᠳᠢᠪᠯᠠᠨ ᠲᠤᠰᠠᠯᠠᠬᠤ ᠠᠵᠢᠯᠯᠠᠭ᠎ᠠ ᠳᠤ ᠳᠤᠮᠳᠠᠳᠤ ᠶᠢᠨ ᠣᠯᠠᠨ ᠤᠯᠤᠰ ᠤᠨ ᠰᠢᠨᠵᠢᠯᠡᠬᠦ ᠤᠬᠠᠭᠠᠨ ᠤ ᠰᠣᠯᠢᠯᠴᠠᠭᠠᠨ ᠤ ᠰᠠᠭᠤᠷᠢ ᠮᠥᠩᠭᠦᠨ ᠤ ᠨᠡᠶᠢᠭᠡᠮᠯᠢᠭ ᠠᠴᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠨᠡᠶᠢᠲᠡ 50 ᠲᠦᠮᠡᠨ ᠲᠥᠭᠦᠷᠢᠭ ᠤᠨ ᠥᠷᠲᠡᠭ ᠪᠥᠬᠦᠶ ᠡᠮᠴᠢᠯᠡᠭᠡᠨ ᠤ ᠪᠠᠭᠠᠵᠢ ᠬᠡᠷᠡᠭᠰᠡᠯ ᠪᠠ ᠠᠯᠪᠠᠨ ᠬᠡᠷᠡᠭᠯᠡᠭᠡᠨ ᠤ ᠬᠡᠷᠡᠭᠰᠡᠯ ᠢ ᠬᠠᠨᠳᠢᠪᠯᠠᠪᠠ᠃ ᠬᠠᠨᠳᠢᠪᠯᠠᠨ ᠲᠤᠰᠠᠯᠠᠭᠰᠠᠨ ᠲᠥᠬᠦᠭᠡᠷᠦᠮᠵᠢ ᠳᠤ ᠤᠮᠠᠢ ᠶᠢᠨ ᠰᠢᠯ 1᠂ ᠠᠪᠴᠤ ᠶᠠᠪᠤᠬᠤ ᠳᠤ ᠲᠥᠬᠦᠮ ᠮᠠᠶ᠋ᠢᠭ ᠤᠨ ᠪᠤᠳᠤᠭᠲᠤ ᠮᠠᠰᠢᠨ 1᠂ ᠥᠩᠭᠡᠲᠦ ᠳᠠᠷᠤᠮᠠᠯᠯᠠᠬᠤ ᠮᠠᠰᠢᠨ 5᠂ ᠬᠠᠷ᠎ᠠ ᠴᠠᠭᠠᠨ ᠳᠠᠷᠤᠮᠠᠯᠯᠠᠬᠤ ᠮᠠᠰᠢᠨ 10᠂ ᠯᠢᠶᠠᠨ ᠰᠢᠶᠠᠩ ᠺᠣᠮᠫᠢᠦ᠋ᠲ᠋ᠧᠷ 10 ᠪᠣᠶ᠃                                         ᠤᠷᠴᠢᠭᠤᠯᠤᠭᠴᠢ᠄ ᠰᠤᠷᠤᠨ᠎ᠠ                                       ᠬᠢᠨᠠᠭᠴᠢ᠄ ᠡᠷᠳᠡᠨᠢᠴᠢᠮᠡᠭ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号