ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠬᠠᠮᠢᠶ᠎ᠠ ᠪᠥᠬᠦᠶ | ᠨᠢᠭᠡᠴᠡ ᠳᠤ᠄ | ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ | ᠰᠤᠳᠤᠯᠤᠨ ᠲᠣᠭᠲᠠᠭᠠᠬᠤ ᠪᠠᠷ ᠳᠡᠮᠵᠢᠨ᠂ ᠡᠳᠦᠭᠡ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 6 ᠰᠠᠷ᠎ᠠ ᠶᠢᠨ 20 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ | ᠭᠡᠷᠡᠭᠵᠢᠬᠦᠯᠬᠦ ᠨᠡᠷᠢᠠ ᠲᠦᠷᠢᠮ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠮᠠᠨ ᠤ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ | ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ | ᠲᠦᠷᠭᠡᠳᠬᠡᠨ ᠲᠠᠷᠬᠠᠭᠠᠵᠤ᠂ ᠬᠤᠲᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ ᠣᠷᠣᠨ ᠰᠠᠭᠤᠴᠠ ᠶᠢᠨ | ᠬᠦᠴᠢᠷᠳᠡᠯᠲᠡᠶ ᠬᠥᠮᠦᠰ ᠤᠨ ᠣᠷᠣᠨ ᠰᠠᠭᠤᠴᠠ ᠶᠢᠨ ᠬᠡᠷᠡᠭᠴᠡᠭᠡ ᠶᠢ ᠬᠦᠴᠦᠯᠡᠨ ᠰᠢᠢᠳᠪᠦᠷᠢᠯᠡᠬᠦ ᠶᠢᠨ ᠲᠥᠯᠥᠭᠡ᠂ ︽ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠠᠵᠢᠯ ᠤᠨ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ | 〔2021〕 22 ᠳ᠋ᠤᠭᠠᠷ ᠲᠣᠭᠠᠲᠤ︶᠂ ︽ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ | ᠠᠵᠢᠯ ᠢ ᠲᠦᠷᠭᠡᠳᠬᠡᠨ ᠬᠥᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ | 53 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠡᠷᠭᠡ 10 ᠰᠠᠯᠠᠭ᠎ᠠ ᠮᠥᠴᠢᠷ ᠤᠨ ︽ᠪᠠᠲᠤᠯᠠᠭ᠎ᠠ ᠶᠢᠨ | ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠲᠤᠬᠠᠶ ᠬᠡᠷᠡᠭᠵᠢᠭᠦᠯᠬᠦ ᠨᠠᠷᠢᠨ ᠲᠦᠷᠢᠮ︾ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠨᠠᠷᠢᠨ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠨᠠᠷᠢᠨ ᠳᠦᠷᠢᠮ ᠳᠤ ᠬᠡᠯᠡᠵᠦ ᠪᠠᠶᠢᠭ᠎ᠠ ᠪᠠᠲᠤᠯᠠᠭ᠎ᠠ ᠶᠢᠨ ᠴᠢᠨᠠᠷᠲᠠᠢ | ᠳᠦᠷᠢᠶᠡᠰᠦᠯᠡᠯ ᠤᠨ ᠣᠷᠣᠨ ᠰᠠᠭᠤᠴᠠ ᠪᠣᠯ ᠵᠠᠰᠠᠭ ᠤᠨ ᠣᠷᠳᠣᠨ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ | ᠬᠠᠩᠭᠠᠵᠤ᠂ ᠣᠯᠠᠨ ᠭᠤᠣᠯ ᠴᠣᠭᠴᠠ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠨᠦᠬᠦᠴᠡᠯ ᠳᠤ | ᠨᠡᠶᠢᠴᠡᠭᠰᠡᠨ ᠬᠤᠲᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ ᠳᠤ ᠬᠠᠨᠳᠤᠭᠤᠯᠤᠨ ᠱᠠᠲᠤ ᠦᠶ᠎ᠡ ᠶᠢᠨ ᠴᠢᠨᠠᠷᠲᠠᠢ | ᠣᠷᠣᠨ ᠰᠠᠭᠤᠴᠠ ᠶᠢᠨ ᠬᠦᠴᠢᠷᠳᠡᠯᠲᠡᠢ ᠬᠦᠮᠦᠰ ᠲᠤ ᠬᠠᠨᠳᠤᠭᠤᠯᠵᠤ᠂ ᠳᠦᠷᠢᠶᠡᠰᠦᠯᠡᠯ ᠤᠨ ᠬᠡᠷᠡᠭᠴᠡᠭᠡ᠂ | ᠳᠦᠷᠢᠶᠡᠰᠦᠨ ᠮᠦᠩᠭᠦ ᠶᠢᠨ ᠪᠠᠷᠢᠮᠵᠢᠶ᠎ᠠ ᠶᠢ ᠬᠢᠵᠠᠭᠠᠷᠯᠠᠭᠰᠠᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ | ᠵᠢᠭᠠᠵᠤ ᠪᠠᠶᠢᠨ᠎ᠠ᠃ | ᠭᠤᠷᠪᠠᠳᠤᠭᠠᠷ ᠵᠦᠢᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠠᠬᠢᠭᠤᠯᠬᠤ ᠳᠤᠭᠤᠶᠢᠯᠠᠩ ︵ᠳᠣᠷᠣᠭᠰᠢ ︽ᠠᠬᠢᠭᠤᠯᠬᠤ | ᠳᠤᠭᠤᠶᠢᠯᠠᠩ︾ ᠭᠡᠵᠦ ᠲᠣᠪᠴᠢᠯᠠᠨ᠎ᠠ︶ ᠢ ᠪᠠᠶᠢᠭᠤᠯᠵᠤ᠂ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠤᠪᠢᠳᠠᠨ | ᠬᠠᠮᠢᠶᠠᠷᠴᠤ ᠪᠠᠶᠢᠭ᠎ᠠ ᠳᠡᠳ᠋ ᠬᠤᠰᠢᠭᠤᠨ ᠳᠠᠷᠤᠭ᠎ᠠ ᠡᠭᠦᠷᠭᠡᠯᠡᠵᠦ᠂ ᠪᠦᠷᠢᠯᠳᠦᠬᠦᠨ ᠨᠢ ᠵᠠᠰᠠᠭ ᠤᠨ ᠣᠷᠳᠣᠨ ᠤ ᠠᠯᠪᠠᠨ | ᠭᠡᠷ᠂ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠨ᠎ᠡ᠃ | ᠠᠬᠢᠭᠤᠯᠬᠤ ᠳᠤᠭᠤᠶᠢᠯᠠᠩ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ | ᠬᠠᠮᠲᠤᠷᠠᠨ ᠬᠢᠨᠠᠨ ᠪᠠᠶᠢᠴᠠᠭᠠᠵᠤ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠲᠥᠷᠥᠯ | ᠵᠦᠢᠯ ᠢ ᠮᠠᠭᠠᠳᠯᠠᠨ ᠲᠣᠭᠲᠠᠭᠠᠭᠰᠠᠨ ᠪᠢᠴᠢᠭ ᠭᠠᠷᠭᠠᠵᠤ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ | ᠰᠠᠭᠤᠴᠠ ᠶᠢᠨ ᠴᠢᠬᠤᠯᠠ ᠶᠡᠭᠡ ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠬᠠᠮᠢᠶ᠎ᠠ ᠪᠥᠬᠦᠶ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠠᠬᠢᠭᠤᠯᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠵᠤ᠂ | ᠠᠯᠪᠠᠨ ᠭᠡᠷ ᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ | ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠲᠤ ᠪᠠᠶᠢᠭᠤᠯᠵᠤ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢᠨ ᠭᠡᠷ ᠪᠠᠶᠢᠰᠢᠩ ᠤᠨ ᠢᠷᠡᠯᠲᠡ ᠶᠢ ᠴᠤᠭᠯᠠᠭᠤᠯᠬᠤ᠂ ᠭᠤᠶᠤᠴᠢᠯᠠᠬᠤ᠂ ᠬᠢᠨᠠᠨ ᠵᠥᠪᠰᠢᠶᠡᠷᠡᠬᠦ᠂ | ᠭᠠᠷᠭᠠᠬᠤ ᠪᠠ ᠬᠢᠨᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ | ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠡᠭᠦᠷᠭᠡ ᠴᠢᠳᠠᠪᠤᠷᠢ ᠶᠢᠨ ᠶᠣᠰᠣᠭᠠᠷ᠂ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠶᠢᠨ | ᠶᠠᠪᠤᠴᠠ ᠳᠠᠬᠢ ᠬᠠᠮᠢᠶ᠎ᠠ ᠪᠥᠬᠦᠶ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ᠬᠤᠶᠠᠳᠤᠭᠠᠷ ᠪᠦᠯᠦᠭ ᠭᠡᠷ ᠪᠠᠶᠢᠰᠢᠩ ᠤᠨ ᠢᠷᠡᠯᠲᠡ ᠶᠢ ᠴᠤᠭᠯᠠᠭᠤᠯᠬᠤ ᠪᠠ ᠡᠵᠡᠩᠨᠡᠬᠦ | ᠳᠥᠷᠪᠡᠳᠦᠭᠡᠷ ᠵᠦᠢᠯ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠳᠤ ᠣᠯᠠᠨ ᠭᠤᠤᠯ | ᠴᠣᠭᠴᠠ ᠠᠴᠠ ᠬᠠᠩᠭᠠᠵᠤ᠂ ᠣᠯᠠᠨ ᠠᠷᠭ᠎ᠠ ᠵᠠᠮ ᠢᠶᠠᠷ ᠬᠠᠷᠰᠢ ᠰᠠᠭᠠᠳ ᠢ ᠪᠠᠲᠤᠯᠠᠵᠤ ᠪᠣᠯᠤᠨ᠎ᠠ᠂ ᠵᠠᠰᠠᠭ ᠤᠨ | ᠣᠷᠳᠣᠨ ᠤ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠵᠡᠷᠭᠡ ᠣᠯᠠᠨ ᠭᠤᠤᠯ ᠴᠣᠭᠴᠠ ᠠᠴᠠ ᠪᠡᠯᠡ | ᠣᠷᠣᠭᠤᠯᠵᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠦᠯᠡᠳᠡᠭᠡᠯ | ᠭᠡᠷ ᠪᠠᠶᠢᠰᠢᠩ ᠤᠨ ᠢᠷᠡᠯᠲᠡ ᠶᠢ ᠰᠢᠭᠤᠳ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ | ᠪᠣᠯᠭᠠᠨ ᠬᠡᠷᠡᠭᠯᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠣᠯᠤᠨ᠎ᠠ᠃ | ᠲᠠᠪᠤᠳᠤᠭᠠᠷ ᠵᠦᠢᠯ ᠴᠤᠭᠯᠠᠭᠤᠯᠤᠭᠰᠠᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠨᠢ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ︽ | ᠲᠥᠪᠯᠡᠷᠡᠩᠭᠦᠶ ᠮᠠᠶ᠋ᠢᠭ ᠤᠨ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠪᠠᠷᠢᠮᠵᠢᠶ᠎ᠠ ᠶᠢᠨ ᠲᠤᠬᠠᠶ ᠮᠡᠳᠡᠭᠳᠡᠯ︾ ︵ᠪᠦᠲᠦᠭᠡᠨ ᠪᠠᠶᠢᠭᠤᠯᠬᠤ ᠪᠠᠷᠢᠮᠵᠢᠶ᠎ᠠ ︹2021︺ 19 ᠳ᠋ᠤᠭᠡᠷ ᠲᠣᠭᠠᠲᠤ | ︶ ᠤᠨ ᠱᠠᠭᠠᠷᠳᠠᠯᠭ᠎ᠠ ᠳᠤ ᠨᠡᠶᠢᠴᠡᠵᠦ᠂ ᠳᠥᠭᠦᠮ ᠠᠪᠰᠠᠷᠬᠠᠨ᠂ ᠣᠷᠴᠢᠨ ᠲᠣᠭᠤᠷᠢᠨ ᠢ ᠬᠠᠮᠠᠭᠠᠯᠠᠬᠤ ᠦᠨᠳᠦᠰᠦᠨ | ᠵᠠᠰᠠᠯ ᠴᠢᠮᠡᠭᠯᠡᠯ ᠢ ᠬᠠᠩᠭᠠᠵᠤ᠂ ᠣᠷᠣᠵᠤ ᠰᠠᠭᠤᠬᠤ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ︔ ᠤᠰᠤ᠂ | ᠴᠠᠬᠢᠯᠭᠠᠨ᠂ ᠬᠡᠢ᠂ ᠳᠤᠯᠠᠭᠠᠯᠠᠭ᠎ᠠ᠂ ᠵᠠᠮ᠂ ᠴᠢᠮᠡᠭᠡ ᠬᠤᠯᠪᠣᠭ᠎ᠠ᠂ ᠭᠠᠯ ᠤᠨᠲᠠᠷᠠᠭᠠᠬᠤ ᠵᠡᠷᠭᠡ ᠬᠤᠲᠠ ᠶᠢᠨ | ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢ ᠢᠵᠢ ᠪᠦᠷᠢᠳᠦᠭᠦᠯᠵᠦ᠂ ᠦᠨᠳᠦᠰᠦᠨ ᠠᠮᠢᠳᠤᠷᠠᠯ ᠤᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ᠵᠢᠷᠭᠤᠳᠤᠭᠠᠷ ᠵᠦᠢᠯ ᠰᠢᠨ᠎ᠡ ᠪᠠᠷ ᠪᠠᠶᠢᠭᠤᠯᠬᠤ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ | ᠰᠠᠭᠤᠴᠠ ᠶᠢᠨ ᠲᠦᠷᠦᠯ ᠵᠦᠢᠯ ᠳᠤ ᠪᠠᠷᠢᠯᠭ᠎ᠠ ᠶᠢᠨ ᠲᠠᠯᠠᠪᠠᠢ ᠶᠢ 70 ᠺᠦᠸᠠᠳ᠋ ᠮᠧᠲᠷ ᠠᠴᠠ ᠬᠡᠲᠦᠷᠡᠬᠦ ᠦᠭᠡᠢ ᠪᠠᠭ᠎ᠠ | ᠭᠡᠷ ᠤᠨ ᠬᠡᠯᠪᠡᠷᠢ ᠪᠠᠷ ᠭᠤᠣᠯ ᠪᠣᠯᠭᠠᠵᠤ᠂ ᠲᠣᠬᠢᠷᠠᠭᠤᠯᠬᠤ ᠬᠠᠷᠢᠴᠠᠯ ᠢ 20% ᠠᠴᠠ ᠥᠨᠳᠥᠷ ᠪᠠᠶᠢᠯᠭᠠᠵᠤ ᠪᠣᠯᠬᠤ | ᠮᠥᠷᠲᠡᠭᠡᠨ ᠲᠠᠯᠠᠪᠠᠢ ᠶᠢ 90 ᠺᠦᠸᠠᠳ᠋ ᠮᠧᠲᠷ ᠤᠨ ᠭᠡᠷ ᠤᠨ ᠬᠡᠯᠪᠡᠷᠢ ᠠᠴᠠ ᠬᠡᠲᠦᠷᠡᠭᠦᠯᠵᠦ ᠪᠣᠯᠬᠤ ᠦᠭᠡᠢ᠃ | ᠦᠯᠡᠳᠡᠭᠡᠯ ᠬᠡᠷ ᠪᠠᠶᠢᠰᠢᠩ ᠢ ᠠᠰᠢᠭᠯᠠᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠲᠠᠯᠠᠪᠠᠶ ᠶᠢᠨ | ᠪᠠᠷᠢᠮᠵᠢᠶ᠎ᠠ ᠶᠢ ᠵᠣᠬᠢᠰᠲᠠᠶ ᠠᠭᠤᠵᠢᠭᠤ ᠲᠠᠯᠪᠢᠵᠤ ᠪᠣᠯᠤᠨ᠎ᠠ᠂ ᠭᠡᠷ ᠤᠨ ᠬᠡᠯᠪᠡᠷᠢ ᠮᠠᠶ᠋ᠢᠭ ᠨᠢ ᠶᠡᠭᠡ ᠮᠥᠷᠲᠡᠭᠡᠨ | ᠥᠭᠡᠷᠡᠴᠢᠯᠡᠨ ᠰᠢᠨᠡᠳᠬᠡᠬᠦ ᠳᠤ ᠲᠣᠬᠢᠷᠠᠬᠤ ᠦᠭᠡᠢ ᠪᠣᠯ ᠲᠠᠰᠤᠯᠭ᠎ᠠ ᠪᠠᠷ ᠲᠦᠷᠢᠶᠡᠰᠦᠯᠡᠵᠦ ᠪᠣᠯᠤᠨ᠎ᠠ᠂ ᠪᠠᠶᠢᠷᠢ ᠶᠢᠨ | ᠭᠡᠷ ᠤᠨ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠲᠠᠯᠠᠪᠠᠢ ᠶᠢ 30 | ᠲᠡᠭᠰᠢ ᠳᠥᠷᠪᠡᠯᠵᠢᠨ ᠮᠧᠲᠷ ᠢᠶᠠᠷ ᠭᠤᠣᠯ ᠪᠣᠯᠭᠠᠨ᠎ᠠ᠃ | ᠳᠣᠯᠣᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠴᠤᠭᠯᠠᠭᠤᠯᠬᠤ ᠠᠷᠭ᠎ᠠ | ᠮᠠᠶ᠋ᠢᠭ ᠲᠤ ᠭᠤᠤᠯᠳᠠᠭᠤ᠄ | ︵ᠨᠢᠭᠡ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ | ᠠᠰᠢᠭᠯᠠᠨ ᠪᠦᠲᠦᠭᠡᠨ ᠪᠠᠶᠢᠭᠤᠯᠬᠤ︔ | ︵ᠬᠤᠶᠠᠷ︶ ᠬᠥᠳᠡᠭᠡ ᠲᠤᠰᠭᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠠᠰᠢᠭᠯᠠᠨ ᠪᠦᠲᠦᠭᠡᠨ ᠪᠠᠶᠢᠭᠤᠯᠬᠤ︔ | ︵ᠭᠤᠷᠪᠠ︶ ᠠᠵᠤ ᠦᠢᠯᠡᠰ ᠤᠨ ᠬᠦᠷᠢᠶᠡᠯᠡᠩ ᠲᠣᠭᠤᠷᠢᠭ ᠵᠢᠴᠢ ᠠᠵᠤ ᠦᠢᠯᠡᠳᠪᠦᠷᠢ ᠶᠢᠨ ᠲᠥᠷᠥᠯ | ᠵᠦᠢᠯ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ︔ | ︵ᠲᠦᠷᠪᠡ︶ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠠᠩᠬᠠᠯᠭ᠎ᠠ ᠶᠢ ᠰᠢᠨ᠎ᠡ ᠪᠠᠷ ᠪᠠᠶᠢᠭᠤᠯᠬᠤ︔ | ︵ᠲᠠᠪᠤ︶ ᠰᠤᠯᠠ ᠲᠠᠯᠪᠢᠵᠤ ᠪᠠᠶᠢᠭ᠎ᠠ ᠪᠠ ᠦᠷ᠎ᠡ ᠠᠰᠢᠭ ᠳᠣᠣᠷ᠎ᠠ ᠠᠰᠢᠭᠯᠠᠭᠰᠠᠨ ᠬᠤᠳᠠᠯᠳᠤᠭ᠎ᠠ᠂ ᠠᠯᠪᠠᠯᠠᠬᠤ᠂ | ᠠᠵᠤ ᠦᠢᠯᠡᠳᠪᠦᠷᠢ ᠶᠢᠨ ᠬᠡᠷᠡᠭᠯᠡᠬᠦ ᠭᠡᠷ ᠵᠡᠷᠭᠡ ᠣᠷᠣᠨ ᠰᠠᠭᠤᠴᠠ ᠶᠢᠨ ᠪᠤᠰᠤ ᠪᠤᠶᠤ ᠦᠯᠡᠳᠡᠭᠡᠯ ᠣᠷᠣᠨ | ᠰᠠᠭᠤᠴᠠ ᠶᠢ ᠥᠭᠡᠷᠡᠴᠢᠯᠡᠨ ᠪᠠᠶᠢᠭᠤᠯᠬᠤ ︵ᠥᠭᠡᠷᠡᠴᠢᠯᠡᠨ ᠰᠢᠨᠡᠳᠬᠡᠬᠦ︶ | ︵ᠵᠢᠷᠭᠤᠭ᠎ᠠ︶ ᠡᠷᠭᠢᠯᠲᠡ ᠶᠢᠨ ᠬᠡᠷ ᠪᠠᠶᠢᠰᠢᠩ᠂ ᠨᠡᠶᠢᠲᠡ ᠶᠢᠨ ᠬᠡᠷ ᠵᠡᠷᠭᠡ ᠶᠢ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠪᠣᠯᠭᠠᠨ ᠰᠢᠭᠤᠳ ᠬᠡᠷᠡᠭᠯᠡᠨ᠎ᠡ᠃ | ︵ᠳᠤᠯᠤᠭ᠎ᠠ︶ ᠰᠤᠯᠠ ᠪᠠᠶᠢᠭ᠎ᠠ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠣᠯᠭᠠᠨ ᠬᠡᠷᠡᠭᠯᠡᠨ᠎ᠡ︔ | ︵ᠨᠠᠢᠮᠠ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠪᠠᠶᠢᠷᠢ ᠶᠢ | ᠰᠢᠭᠤᠳ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠣᠯᠭᠠᠨ ᠬᠡᠷᠡᠭᠯᠡᠨ᠎ᠡ︔ | ︵ᠶᠢᠰᠦ︶ ᠡᠯ᠎ᠡ ᠲᠥᠷᠥᠯ ᠤᠨ ᠴᠢᠳᠠᠪᠤᠷᠢᠲᠠᠨ ᠤ ᠣᠷᠣᠨ ᠰᠠᠭᠤᠴᠠ ᠶᠢ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠪᠣᠯᠭᠠᠨ ᠬᠡᠷᠡᠭᠯᠡᠨ᠎ᠡ︔ | ᠨᠠᠢᠮᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠬᠤ ᠳᠤ ᠲᠥᠷᠥᠯ | ᠵᠦᠢᠯ ᠢ ᠭᠤᠶᠤᠴᠢᠯᠠᠨ ᠮᠡᠳᠡᠭᠦᠯᠬᠦ ᠪᠠ ᠮᠠᠭᠠᠳᠯᠠᠨ ᠲᠣᠭᠲᠠᠭᠠᠬᠤ ᠲᠦᠷᠢᠮ ᠢ ᠬᠡᠷᠡᠭᠵᠢᠭᠦᠯᠵᠦ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠢᠯᠡᠴᠢᠯᠡᠭᠡᠨ ᠤ | ᠲᠥᠪ ᠠᠴᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠶᠢ ᠴᠤᠭᠯᠠᠭᠤᠯᠤᠨ | ᠬᠠᠮᠲᠤᠷᠠᠨ ᠬᠢᠨᠠᠨ ᠪᠠᠶᠢᠴᠠᠭᠠᠵᠤ᠂ ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭ᠎ᠠ ︽ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠮᠠᠭᠠᠳᠯᠠᠨ ᠲᠣᠭᠲᠠᠭᠠᠭᠰᠠᠨ ᠪᠢᠴᠢᠭ︾ ᠭᠠᠷᠭᠠᠵᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ︽ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ | ᠣᠷᠣᠨ ᠰᠠᠭᠤᠴᠠ ᠶᠢᠨ ᠲᠥᠷᠥᠯ ᠵᠦᠢᠯ ᠢ ᠮᠠᠭᠠᠳᠯᠠᠨ ᠲᠣᠭᠲᠠᠭᠠᠭᠰᠠᠨ ᠪᠢᠴᠢᠭ︾ ᠢᠶᠠᠷ ᠬᠠᠮᠢᠶ᠎ᠠ ᠪᠦᠬᠦᠢ ᠬᠢᠨᠠᠨ | ᠵᠥᠪᠰᠢᠶᠡᠷᠡᠬᠦ ᠭᠠᠷ ᠭᠦᠢᠴᠡᠳᠬᠡᠯ ᠢ ᠭᠦᠢᠴᠡᠳᠬᠡᠵᠦ᠂ ︽ᠡᠳ᠋ ᠤᠨ ᠵᠠᠰᠠᠭ ᠤᠨ ᠶᠠᠮᠤᠨ ᠤ ᠭᠠᠶᠢᠯᠢ ᠶᠢᠨ ᠶᠠᠪᠤᠳᠠᠯ ᠤᠨ | ᠶᠡᠷᠦᠩᠬᠡᠶ ᠲᠣᠪᠴᠢᠶ᠎ᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ | ᠠᠯᠪᠠᠨ ᠵᠠᠷ︾ ︵2021 ᠣᠨ ᠤ 24 ᠳ᠋ᠤᠭᠡᠷ ᠲᠣᠭᠠᠲᠤ︶ ᠵᠢᠴᠢ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ | ᠬᠤᠲᠠ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠪᠠ ᠠᠷᠠᠳ ᠤᠨ ᠬᠡᠷᠡᠭᠯᠡᠭᠡᠨ ᠤ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠦᠨ᠎ᠡ ᠬᠠᠩᠰᠢ ᠶᠢ | ᠬᠡᠷᠡᠭᠵᠢᠭᠦᠯᠵᠦ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠲᠥᠪ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠡᠯ᠎ᠡ ᠵᠦᠢᠯ ᠤᠨ ᠨᠥᠬᠦᠪᠥᠷᠢ ᠪᠡᠯᠡ ᠮᠥᠩᠭᠦ ᠪᠠ | ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠵᠤ ᠪᠣᠯᠤᠨ᠎ᠠ᠃ | ᠶᠢᠰᠦᠳᠦᠭᠡᠷ ᠵᠦᠢᠯ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠭᠤᠶᠤᠴᠢᠯᠠᠬᠤ ᠲᠥᠷᠥᠯ | ᠵᠦᠢᠯ ᠢ ᠮᠠᠭᠠᠳᠯᠠᠨ ᠲᠣᠭᠲᠠᠭᠠᠬᠤ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄ | ︵ᠨᠢᠭᠡ︶ ᠭᠤᠶᠤᠴᠢᠯᠠᠯ ᠤᠨ ᠪᠢᠴᠢᠭ | ︵ᠬᠤᠶᠠᠷ︶ ᠬᠡᠷᠡᠭᠵᠢᠭᠦᠯᠬᠦ ᠭᠤᠣᠯ ᠴᠣᠭᠴᠠ ᠶᠢᠨ ᠡᠵᠡᠩᠨᠡᠯᠲᠡ ᠶᠢᠨ ᠦᠨᠡᠮᠯᠡᠯ ᠵᠢᠴᠢ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠭᠡᠷᠡᠴᠢ ᠮᠠᠲ᠋ᠧᠷᠢᠶᠠᠯ︔ | ︵ᠭᠤᠷᠪᠠ︶ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ ᠬᠠᠷᠢᠶᠠᠯᠠᠯ ᠤᠨ ᠭᠡᠷᠡᠴᠢ ᠮᠠᠲ᠋ᠧᠷᠢᠶᠠᠯ ᠵᠢᠴᠢ ᠭᠡᠷ | ᠪᠠᠶᠢᠰᠢᠩ ᠤᠨ ᠥᠮᠴᠢᠯᠡᠬᠦ ᠡᠷᠬᠡ ᠶᠢᠨ ᠬᠠᠷᠢᠶᠠᠯᠠᠯ ᠤᠨ ᠭᠡᠷᠡᠴᠢ ᠮᠠᠲ᠋ᠧᠷᠢᠶᠠᠯ᠃ | ︵ᠲᠦᠷᠪᠡ︶ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠨᠢ ᠥᠮᠴᠢᠯᠡᠭᠴᠢ ᠶᠢ ᠥᠭᠡᠷᠡᠴᠢᠯᠡᠨ ᠪᠠᠶᠢᠭᠤᠯᠬᠤ | ᠵᠥᠪᠰᠢᠶᠡᠷᠡᠯ ᠤᠨ ᠪᠢᠴᠢᠭ᠂ ᠥᠭᠡᠷᠡᠴᠢᠯᠡᠨ ᠪᠠᠶᠢᠭᠤᠯᠬᠤ ᠲᠥᠰᠥᠯ ᠢ ᠬᠠᠩᠭᠠᠨ᠎ᠠ᠃ | ︵ᠲᠠᠪᠤ︶ ᠭᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ︔ | ᠠᠷᠪᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ | ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠠᠳᠠᠯᠢ ᠭᠠᠵᠠᠷ ᠤᠨ ᠬᠡᠰᠡᠭ᠂ ᠠᠳᠠᠯᠢ ᠶᠠᠰᠤ ᠴᠢᠨᠠᠷᠲᠠᠶ ᠭᠡᠷ ᠪᠠᠶᠢᠰᠢᠩ ᠤᠨ | ᠵᠠᠬ᠎ᠠ ᠳᠡᠯᠭᠡᠭᠦᠷ ᠤᠨ ᠲᠦᠷᠢᠶᠡᠰᠦᠨ ᠮᠥᠩᠭᠦ ᠶᠢᠨ ᠵᠠᠭᠤᠨ ᠤ ᠳᠠᠯ᠎ᠠ ᠠᠴᠠ ᠥᠨᠳᠥᠷ ᠪᠠᠶᠢᠯᠭᠠᠵᠤ ᠪᠣᠯᠬᠤ ᠦᠭᠡᠶ᠃ | ᠪᠣᠳᠠᠲᠠᠶ ᠲᠦᠷᠢᠶᠡᠰᠦᠨ ᠮᠥᠩᠭᠦ ᠶᠢᠨ ᠪᠠᠷᠢᠮᠵᠢᠶ᠎ᠠ ᠶᠢ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠠᠴᠠ | ᠲᠣᠭᠲᠠᠭᠠᠬᠤ ᠶᠢᠨ ᠬᠠᠮᠲᠤ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ | ᠠᠵᠢᠯ ᠢ ᠠᠬᠢᠭᠤᠯᠬᠤ ᠳᠤᠭᠤᠶᠢᠯᠠᠩ ᠳᠤ ᠮᠡᠳᠡᠭᠦᠯᠦᠨ ᠳᠠᠩᠰᠠᠯᠠᠭᠤᠯᠵᠤ᠂ ᠠᠳᠠᠯᠢ ᠨᠢᠭᠡ ᠲᠥᠷᠥᠯ ᠵᠦᠢᠯ ᠤᠨ | ᠲᠦᠷᠢᠶᠡᠰᠦᠨ ᠮᠥᠩᠭᠦ ᠶᠢ ᠵᠠᠷᠴᠢᠮ ᠳᠡᠭᠡᠷ᠎ᠡ ᠪᠠᠨ ᠭᠤᠷᠪᠠᠨ ᠵᠢᠯ ᠳᠤ ᠳᠠᠬᠢᠨ ᠬᠢᠨᠠᠨ ᠲᠣᠭᠲᠠᠭᠠᠵᠤ᠂ ᠴᠠᠭ | ᠲᠤᠬᠠᠶ ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠵᠠᠰᠠᠭ ᠤᠨ ᠣᠷᠳᠣᠨ ᠠᠴᠠ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠣᠷᠣᠯᠭ᠎ᠠ ᠶᠢ | ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠣᠰᠣᠭᠠᠷ᠂ ᠣᠷᠣᠯᠭ᠎ᠠ ᠵᠠᠷᠤᠯᠭ᠎ᠠ ᠶᠢ | ᠴᠢᠩᠭ᠎ᠠ ᠬᠡᠷᠡᠭᠵᠢᠭᠦᠯᠵᠦ᠂ ᠲᠦᠷᠢᠶᠡᠰᠦᠨ ᠮᠥᠩᠭᠦ ᠶᠢᠨ ᠣᠷᠣᠯᠭ᠎ᠠ ᠶᠢ ᠪᠦᠬᠦᠨ ᠢ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢᠨ ᠰᠡᠯᠪᠢᠨ ᠵᠠᠰᠠᠬᠤ᠂ ᠬᠠᠮᠠᠭᠠᠯᠠᠬᠤ᠂ ᠡᠵᠡᠩᠨᠡᠨ ᠬᠠᠮᠢᠶᠠᠷᠬᠤ ᠵᠡᠷᠭᠡ ᠳᠤ ᠬᠡᠷᠡᠭᠯᠡᠬᠦ | ᠵᠠᠷᠤᠯᠭ᠎ᠠ ᠳᠤ ᠬᠡᠷᠡᠭᠯᠡᠵᠦ᠂ ᠬᠦᠷᠦᠯᠴᠡᠬᠦ ᠦᠭᠡᠶ ᠬᠡᠰᠡᠭ ᠢ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ︽ᠬᠡᠨ ᠪᠡᠯᠡ ᠣᠷᠣᠭᠤᠯᠤᠭᠰᠠᠨ ᠪᠣᠯ ᠬᠡᠨ ᠥᠮᠴᠢᠯᠡᠬᠦ︾ | ᠡᠵᠡᠩᠨᠡᠯᠲᠡ ᠶᠢᠨ ᠵᠠᠭᠪᠤᠷ ᠢ ᠬᠡᠷᠡᠭᠵᠢᠭᠦᠯᠵᠦ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ | ᠰᠠᠭᠤᠴᠠ ᠶᠢᠨ ᠰᠢᠨᠵᠢ ᠴᠢᠨᠠᠷ ᠢ ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠭᠰᠠᠨ ᠤᠷᠢᠲᠠᠯ ᠳᠣᠤᠷ᠎ᠠ᠂ ᠪᠡᠯᠡ | ᠣᠷᠣᠭᠤᠯᠤᠭᠴᠢ ᠶᠢᠨ ᠡᠷᠬᠡ ᠠᠰᠢᠭ ᠢ ᠬᠠᠤᠯᠢ ᠶᠣᠰᠣᠭᠠᠷ ᠰᠢᠯᠵᠢᠭᠦᠯᠦᠨ ᠥᠭᠴᠦ ᠪᠣᠯᠤᠨ᠎ᠠ᠃ ᠪᠠᠲᠤᠯᠠᠭ᠎ᠠ ᠶᠢᠨ | ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠬᠤ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠪᠣᠷᠣᠯᠠᠭᠤᠯᠵᠤ ᠪᠣᠯᠬᠤ ᠦᠭᠡᠢ᠂ ᠡᠵᠡᠩᠨᠡᠬᠦ ᠬᠤᠭᠤᠴᠠᠭ᠎ᠠ ᠶᠢ 10 ᠵᠢᠯ ᠠᠴᠠ | ᠳᠣᠣᠷ᠎ᠠ ᠪᠠᠶᠢᠯᠭᠠᠵᠤ ᠪᠣᠯᠬᠤ ᠦᠭᠡᠢ᠃ ᠦᠮᠴᠢᠯᠡᠬᠦ ᠡᠷᠬᠡ ᠲᠠᠢ ᠨᠢᠭᠡᠴᠡ ᠶᠢᠨ ᠲᠣᠷᠰᠢᠯᠭ᠎ᠠ ᠪᠠᠷ ᠪᠠᠶᠠᠯᠢᠭ᠂ | ᠡᠵᠡᠩᠨᠡᠯᠳᠡ ᠶᠢᠨ ᠴᠢᠳᠡᠪᠦᠷᠢ ᠪᠠᠷ ᠴᠢᠩᠭ᠎ᠠ ᠭᠤᠷᠪᠠᠳᠡᠬᠢ ᠡᠳᠡᠭᠡᠳ ᠤᠨ ᠲᠣᠰᠬᠠᠢ ᠪᠠᠶᠢᠭᠤᠯᠥᠮᠵᠢ ᠶᠢ ᠰᠣᠩᠭᠤᠨ | ᠣᠷᠢᠵᠦ ᠡᠵᠡᠩᠨᠡᠨ ᠬᠠᠮᠢᠶᠡᠷᠬᠤ ᠶᠢ ᠬᠠᠷᠢᠭᠤᠴᠠᠭᠤᠯᠥᠨᠠ᠃ | ᠠᠷᠪᠠᠨ ᠭᠤᠷᠪᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢ | ᠡᠵᠡᠩᠨᠡᠯᠲᠡ ᠶᠢᠨ ᠬᠤᠭᠤᠴᠠᠭᠠᠨ ᠳᠤ ᠭᠡᠷ ᠪᠠᠶᠢᠰᠢᠩ ᠤᠨ ᠭᠤᠣᠯ ᠪᠦᠲᠦᠴᠡ᠂ ᠳᠠᠭᠠᠯᠲᠠ ᠲᠣᠨᠣᠭᠯᠠᠭᠠᠰᠤ᠂ ᠤᠰᠤ | ᠰᠡᠷᠭᠡᠶᠢᠯᠡᠬᠦ ᠪᠠᠷᠢᠯᠭ᠎ᠠ᠂ ᠭᠡᠷ ᠳᠣᠲᠣᠷᠠᠬᠢ ᠵᠠᠰᠠᠯ ᠴᠢᠮᠡᠭᠯᠡᠯ ᠵᠡᠷᠭᠡ ᠶᠢ ᠰᠡᠯᠪᠢᠨ ᠵᠠᠰᠠᠬᠤ᠂ ᠬᠠᠮᠠᠭᠠᠯᠠᠬᠤ ᠠᠵᠢᠯ ᠢ | ᠡᠷᠬᠡ ᠠᠰᠢᠭᠲᠤ ᠬᠥᠮᠥᠨ ᠪᠤᠶᠤ ᠲᠡᠭᠦᠨ ᠤ ᠨᠠᠶᠢᠳᠠᠭᠰᠠᠨ ᠡᠵᠡᠩᠨᠡᠨ ᠬᠠᠮᠢᠶᠠᠷᠬᠤ ᠨᠢᠭᠡᠴᠡ ᠠᠴᠠ ᠬᠠᠷᠢᠭᠤᠴᠠᠬᠤ ᠶᠢᠨ | ᠬᠠᠮᠲᠤ᠂ ᠲᠦᠷᠢᠶᠡᠰᠦᠯᠡᠭᠴᠢ ᠲᠠᠢ ᠲᠣᠭᠲᠠᠭᠰᠠᠨ ︽ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ | ᠰᠠᠭᠤᠴᠠ ᠶᠢᠨ ᠳᠦᠷᠢᠶᠡᠰᠦᠯᠡᠯ ᠤᠨ ᠭᠡᠷ᠎ᠡ︾ ᠳᠤ ᠲᠣᠳᠣᠷᠬᠠᠶᠢᠯᠠᠬᠤ ᠬᠡᠷᠡᠭᠲᠡᠶ᠃ | ᠭᠤᠷᠪᠠᠳᠤᠭᠠᠷ ᠪᠦᠯᠦᠭ ᠪᠠᠲᠤᠯᠠᠭ᠎ᠠ ᠶᠢᠨ ᠡᠲᠡᠭᠡᠳ᠂ ᠵᠥᠪᠰᠢᠶᠡᠷᠡᠨ ᠣᠷᠣᠭᠤᠯᠬᠤ ᠨᠥᠬᠦᠴᠡᠯ᠂ ᠭᠦᠢᠴᠡᠳᠬᠡᠬᠦ | ᠴᠤᠪᠤᠷᠠᠯ | ᠠᠷᠪᠠᠨ ᠳᠥᠷᠪᠡᠳᠦᠭᠡᠷ ᠵᠦᠢᠯ ᠪᠠᠲᠤᠯᠠᠬᠤ ᠡᠲᠡᠭᠡᠳ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠨᠢ ᠭᠤᠤᠯᠳᠠᠭᠤ ᠲᠣᠰ ᠣᠷᠣᠨ ᠤ ᠬᠤᠲᠠ | ᠪᠠᠯᠭᠠᠰᠤ ᠶᠢᠨ ᠥᠪᠡᠷ ᠤᠨ ᠪᠠᠶᠢᠭ᠎ᠠ ᠣᠷᠣᠨ ᠰᠠᠭᠤᠴᠠ ᠥᠬᠡᠶ ᠬᠤᠲᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ | ᠬᠥᠮᠦᠰ ᠲᠤ ᠰᠢᠨ᠎ᠡ ᠪᠠᠷ ᠠᠵᠢᠯ ᠣᠯᠤᠭᠰᠠᠨ ᠤᠶᠤᠲᠠᠳ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ | ᠬᠥᠮᠦᠰ᠂ ᠡᠷᠦᠬᠡ ᠠᠮᠠ ᠶᠢᠨ ᠪᠤᠰᠤ ᠪᠠᠶᠢᠩᠭᠤ ᠰᠠᠭᠤᠭ᠎ᠠ ᠬᠥᠮᠦᠰ᠂ ᠠᠵᠤ ᠠᠬᠤᠶᠢᠯᠠᠯ ᠤᠨ ᠬᠡᠷ ᠪᠠᠶᠢᠰᠢᠩ ᠥᠬᠡᠶ | ᠠᠵᠢᠯᠲᠠᠨ ᠠᠵᠢᠯᠴᠢᠨ ᠵᠡᠷᠭᠡ ᠬᠠᠮᠲᠤᠯᠢᠭ ᠢ ᠪᠠᠭᠲᠠᠭᠠᠨ᠎ᠠ᠃ | ᠠᠷᠪᠠᠨ ᠲᠠᠪᠤᠳᠤᠭᠠᠷ ᠵᠦᠢᠯ ᠭᠤᠶᠤᠴᠢᠯᠠᠬᠤ ᠨᠦᠬᠦᠴᠡᠯ | ︵ᠨᠢᠭᠡ︶ ᠭᠤᠶᠤᠴᠢᠯᠠᠭᠴᠢ ᠪᠦᠬᠦᠯᠢ ᠠᠷᠪᠠᠨ ᠨᠠᠢᠮᠠᠨ ᠨᠠᠰᠤ ᠬᠦᠷᠭᠡᠨ᠎ᠡ︔ | ︵ᠬᠤᠶᠠᠷ︶ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ︵ᠬᠠᠮᠲᠤᠷᠠᠨ ᠲᠦᠷᠢᠶᠡᠰᠦᠯᠡᠭᠴᠢ︶ ᠲᠤᠰ | ᠣᠷᠣᠨ ᠳᠤ ᠥᠪᠡᠷ ᠤᠨ ᠣᠷᠣᠨ ᠰᠠᠭᠤᠴᠠ ᠦᠭᠡᠢ᠃ | ︵ᠭᠤᠷᠪᠠ︶ ᠡᠷᠦᠬᠡ ᠠᠮᠠ ᠶᠢᠨ ᠲᠠᠩᠰᠠ ᠶᠢᠨ ᠪᠤᠰᠤ ᠪᠠᠶᠢᠩᠭᠤ ᠰᠠᠭᠤᠭ᠎ᠠ ᠬᠥᠮᠦᠰ ᠮᠠᠨ ᠤ ᠬᠤᠰᠢᠭᠤᠨ ᠳᠤ | ᠵᠢᠯ ᠲᠤᠷᠰᠢ ᠠᠮᠢᠳᠤᠷᠠᠬᠤ ᠪᠤᠶᠤ ᠠᠵᠢᠯᠯᠠᠵᠤ᠂ ᠲᠣᠰ ᠬᠤᠰᠢᠭᠤᠨ ᠤ ᠣᠷᠣᠰᠢᠨ ᠰᠠᠭᠤᠬᠤ ᠦᠨᠡᠮᠯᠡᠯ ᠲᠠᠢ ᠪᠤᠶᠤ | ᠮᠠᠨ ᠤ ᠬᠤᠰᠢᠭᠤᠨ ᠳᠤ ᠨᠡᠶᠢᠭᠡᠮ ᠤᠨ ᠳᠠᠭᠠᠳᠬᠠᠯ ᠢ 6 ᠰᠠᠷ᠎ᠠ ᠠᠴᠠ ᠳᠡᠭᠡᠭᠰᠢ ᠲᠤᠰᠢᠶᠠᠨ᠎ᠠ᠃ | ︵ᠳᠥᠷᠪᠡ︶ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ︵ᠬᠠᠮᠲᠤᠷᠠᠨ ᠲᠦᠷᠢᠶᠡᠰᠦᠯᠡᠭᠴᠢ︶ | ᠲᠣᠰ ᠬᠤᠰᠢᠭᠤᠨ ᠤ ᠬᠡᠪᠴᠢᠶᠡᠨ ᠳᠤ ᠶᠠᠭ ᠪᠤᠰᠤᠳ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠬᠦᠷᠲᠡᠵᠦ ᠪᠠᠶᠢᠬᠤ ᠦᠭᠡᠢ᠃ | ᠠᠷᠪᠠᠨ ᠵᠢᠷᠭᠤᠳᠤᠭᠠᠷ ᠵᠦᠢᠯ ᠭᠤᠶᠤᠴᠢᠯᠠᠬᠤ ᠮᠠᠲ᠋ᠧᠷᠢᠶᠠᠯ | ︵ᠨᠢᠭᠡ︶ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ | ᠣᠷᠣᠨ ᠰᠠᠭᠤᠴᠠ ᠶᠢᠨ ᠭᠤᠶᠤᠴᠢᠯᠠᠯ ᠤᠨ ᠬᠦᠰᠦᠨᠦᠭᠲᠦ︾ | ︵ᠬᠤᠶᠠᠷ︶ ᠭᠤᠶᠤᠴᠢᠯᠠᠭᠴᠢ ᠵᠢᠴᠢ ᠬᠠᠮᠲᠤᠪᠠᠷ ᠭᠡᠷ ᠪᠦᠯᠢ ᠶᠢᠨ ᠪᠦᠷᠢᠯᠳᠦᠬᠦᠨ ᠤ ᠪᠡᠶ᠎ᠡ ᠶᠢᠨ ᠦᠨᠡᠮᠯᠡᠯ ᠤᠨ | ᠪᠠᠭᠤᠯᠭᠠᠪᠤᠷᠢ︔ | ︵ᠭᠤᠷᠪᠠ︶ ᠡᠷᠦᠬᠡ ᠠᠮᠠ ᠶᠢᠨ ᠪᠤᠰᠤ ᠪᠠᠶᠢᠩᠭᠤ ᠰᠠᠭᠤᠭ᠎ᠠ ᠬᠥᠮᠥᠰ ᠲᠤ ᠣᠷᠣᠰᠢᠨ ᠰᠠᠭᠤᠬᠤ ᠦᠨᠡᠮᠯᠡᠯ ᠪᠤᠶᠤ | ᠬᠥᠳᠡᠯᠮᠦᠷᠢ ᠶᠢᠨ ᠭᠡᠷ᠎ᠡ᠂ ᠨᠡᠶᠢᠭᠡᠮ ᠤᠨ ᠳᠠᠭᠠᠳᠬᠠᠯ ᠤᠨ ᠲᠤᠰᠢᠶᠠᠬᠤ ᠭᠡᠷᠡᠴᠢ ᠪᠠᠷᠢᠮᠲᠠ ︵ᠪᠠᠭᠤᠯᠭᠠᠪᠤᠷᠢ︶ | ᠬᠠᠩᠭᠠᠬᠤ︔ | ︵ᠲᠦᠷᠪᠡ︶ ᠭᠤᠶᠤᠴᠢᠯᠬᠠᠴᠢ ᠵᠢᠴᠢ ᠬᠠᠮᠳᠣᠪᠡᠷ ᠭᠤᠶᠤᠴᠢᠯᠬᠠᠰᠠᠨ ᠭᠡᠷ ᠪᠦᠯᠢ ᠶᠢᠨ ᠪᠦᠷᠢᠯᠳᠦᠬᠦᠨ ᠤ | ᠤᠷᠤᠭ ᠤᠨ ᠪᠠᠶᠢᠳᠡᠯ ᠤᠨ ᠭᠡᠷᠡᠴᠢᠯᠡᠬᠦ ᠮᠠᠲ᠋ᠧᠷᠢᠶᠡᠯ︔ | ︵ᠲᠠᠪᠤ︶ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠠᠯᠠᠭ᠎ᠠ ᠮᠥᠴᠢᠷ ᠤᠨ ᠭᠠᠷᠭᠠᠭᠰᠠᠨ ᠬᠡᠷ | ᠪᠠᠶᠢᠰᠢᠩ ᠤᠨ ᠪᠠᠶᠢᠴᠠᠭᠠᠨ ᠯᠠᠪᠯᠠᠯᠲᠠ ᠶᠢᠨ ᠭᠡᠷᠡᠴᠢ︔ | ᠠᠷᠪᠠᠨ ᠳᠣᠯᠣᠳᠤᠭᠠᠷ ᠵᠦᠢᠯ ᠭᠦᠢᠴᠡᠳᠭᠡᠬᠦ ᠴᠤᠪᠤᠷᠠᠯ | ︵ᠨᠢᠭᠡ︶ ᠭᠤᠶᠤᠴᠢᠯᠠᠭᠴᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤ ᠭᠤᠶᠤᠴᠢᠯᠠᠯ ᠤᠨ ᠬᠦᠰᠦᠨᠦᠭᠲᠦ ᠵᠢᠴᠢ ᠬᠠᠷᠠᠭᠠᠯᠵᠠᠭᠰᠠᠨ | ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠪᠠ᠃ | ︵ᠬᠤᠶᠠᠷ︶ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ | ᠪᠠᠲᠤᠯᠠᠭ᠎ᠠ ᠶᠢᠨ ᠲᠥᠪ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠭᠤᠶᠤᠴᠢᠯᠠᠯ ᠤᠨ ᠮᠡᠳᠡᠭᠡ | ᠵᠠᠩᠭᠢ ᠪᠠᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠰᠢᠰᠲ᠋ᠧᠮ ᠳᠤ | ᠪᠢᠴᠢᠵᠦ ᠣᠷᠣᠭᠤᠯᠪᠠ︔ ᠡᠭᠦᠨ ᠤ ᠬᠠᠮᠲᠤ ᠠᠷᠪᠠᠨ ᠠᠵᠢᠯᠯᠠᠬᠤ ᠡᠳᠦᠷ ᠤᠨ ᠳᠣᠲᠣᠷ᠎ᠠ ᠮᠠᠲ᠋ᠧᠷᠢᠶᠠᠯ ᠢ | ᠬᠠᠷᠭᠤᠭᠤᠯᠤᠨ ᠰᠢᠯᠭᠠᠬᠤ᠂ ᠢᠯᠡ ᠨᠡᠶᠢᠲᠡᠯᠡᠬᠦ ᠵᠡᠷᠭᠡ ᠬᠢᠨᠠᠨ ᠬᠠᠷᠭᠤᠭᠤᠯᠬᠤ ᠠᠵᠢᠯ ᠢ ᠳᠠᠭᠤᠰᠬᠠᠵᠤ᠂ ᠢᠯᠡ | ᠨᠡᠶᠢᠲᠡᠯᠡᠬᠦ ᠬᠤᠭᠤᠴᠠᠭ᠎ᠠ ᠨᠢ ᠲᠠᠪᠤᠨ ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃ ᠨᠥᠬᠦᠴᠡᠯ ᠳᠤ | ᠨᠡᠶᠢᠴᠡᠬᠦ ᠥᠬᠡᠶ ᠭᠤᠶᠤᠴᠢᠯᠠᠭᠴᠢ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠭᠤᠷᠪᠠᠨ ᠠᠵᠢᠯ ᠤᠨ ᠡᠳᠦᠷ ᠤᠨ ᠳᠣᠲᠣᠷ᠎ᠠ ᠰᠢᠯᠲᠠᠭᠠᠨ ᠢ ᠨᠢ | ᠪᠢᠴᠢᠭ ᠢᠶᠠᠷ ᠮᠡᠳᠡᠭᠳᠡᠨ᠎ᠡ᠃ | ᠭᠤᠶᠤᠴᠢᠯᠠᠭᠴᠢ ᠠᠴᠠ ᠬᠢᠨᠠᠨ ᠬᠠᠷᠭᠤᠭᠤᠯᠤᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠣᠯ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤ | ᠪᠢᠴᠢᠭ ᠢᠶᠠᠷ ᠳᠠᠬᠢᠨ ᠬᠢᠨᠠᠭᠤᠯᠬᠤ ᠭᠤᠶᠤᠴᠢᠯᠠᠯ ᠢᠶᠠᠨ ᠪᠢᠴᠢᠭ ᠢᠶᠠᠷ ᠲᠤᠰᠢᠶᠠᠵᠤ ᠪᠣᠯᠣᠨ᠎ᠠ᠃ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠠᠬᠢᠨ ᠬᠢᠨᠠᠬᠤ ᠶᠢᠨ ᠬᠠᠮᠲᠤ ᠵᠢᠩᠬᠢᠨᠢ ᠪᠠᠷ ᠬᠦᠯᠢᠶᠡᠨ | ᠠᠪᠤᠭᠰᠠᠨ ᠡᠳᠦᠷ ᠠᠴᠠ ᠡᠬᠢᠯᠡᠨ ᠠᠷᠪᠠᠨ ᠠᠵᠢᠯᠯᠠᠬᠤ ᠡᠳᠦᠷ ᠤᠨ ᠳᠣᠲᠣᠷ᠎ᠠ ᠳᠠᠬᠢᠨ ᠬᠢᠨᠠᠭᠰᠠᠨ ᠦᠷ᠎ᠡ ᠳ᠋ᠦᠩ ᠢᠶᠠᠨ | ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ | ︵ᠭᠤᠷᠪᠠ︶ ᠢᠯᠡ ᠨᠡᠶᠢᠳᠡᠯᠡᠭᠰᠡᠨ ᠣᠨᠳᠣᠣ ᠰᠠᠨᠠᠯ ᠦᠭᠡᠢ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠦᠢᠯᠡᠴᠢᠯᠡᠭᠡᠨ ᠤ ᠲᠥᠪ ᠠᠴᠠ ᠭᠡᠷ ᠪᠠᠶᠢᠰᠢᠩ ᠤᠨ ᠬᠤᠪᠢᠶᠠᠷᠢᠯᠠᠯᠲᠠ ᠬᠢᠪᠡ᠃ ᠭᠡᠷ ᠪᠠᠶᠢᠰᠢᠩ ᠤᠨ ᠢᠷᠡᠯᠲᠡ | ᠭᠦᠢᠴᠡᠳ ᠪᠠᠶᠢᠬᠤ ᠪᠠᠶᠢᠳᠠᠯ ᠳᠣᠣᠷ᠎ᠠ᠂ ᠪᠠᠶᠢᠩᠭᠤᠵᠢᠭᠤᠯᠤᠨ ᠲᠦᠷᠢᠶᠡᠰᠦᠯᠡᠭᠦᠯᠬᠦ ᠶᠢ ᠬᠡᠷᠡᠭᠵᠢᠭᠦᠯᠵᠦ᠂ ᠵᠥᠪᠰᠢᠶᠡᠷᠡᠨ | ᠣᠷᠣᠭᠤᠯᠬᠤ ᠨᠥᠬᠦᠴᠡᠯ ᠳᠤ ᠨᠡᠶᠢᠴᠡᠬᠦ ᠡᠲᠡᠭᠡᠳ ᠲᠤ ︽ᠤᠷᠢᠳᠠᠪᠠᠷ ᠤᠷᠢᠳᠠᠪᠠᠷ ᠲᠦᠷᠢᠶᠡᠰᠦᠯᠡᠵᠦ᠂ ᠬᠡᠵᠢᠶ᠎ᠡ ᠴᠤ | ᠭᠡᠰᠡᠨ ᠲᠦᠷᠢᠶᠡᠰᠦᠯᠡᠬᠦ︾ ᠶᠢ ᠬᠡᠷᠡᠭᠵᠢᠭᠦᠯᠦᠨ᠎ᠡ᠃ ᠲᠦᠷᠢᠶᠡᠰᠦᠯᠡᠭᠦᠯᠬᠦ ᠬᠤᠭᠤᠴᠠᠭᠠᠨ ᠳᠤ ᠲᠥᠷᠥᠯ ᠵᠦᠢᠯ ᠤᠨ ᠭᠡᠷ | ᠪᠠᠶᠢᠰᠢᠩ ᠨᠢ ᠪᠦᠷᠢᠨ ᠲᠦᠷᠢᠶᠡᠰᠦ ᠪᠠᠶᠢᠪᠠᠯ᠂ ᠡᠭᠡᠯᠵᠢᠯᠡᠨ ᠲᠦᠷᠢᠶᠡᠰᠦᠯᠡᠬᠦ ᠶᠢ ᠬᠡᠷᠡᠭᠵᠢᠭᠦᠯᠵᠦ᠂ ᠡᠭᠡᠯᠵᠢᠯᠡᠨ | ᠲᠦᠷᠢᠶᠡᠰᠦᠯᠡᠬᠦ ᠨᠡᠷ᠎ᠡ ᠪᠠᠷ ᠲᠠᠩᠰᠠ ᠪᠠᠶᠢᠭᠤᠯᠵᠤ᠂ ᠭᠤᠶᠤᠴᠢᠯᠠᠬᠤ᠂ ᠡᠮᠦᠨ᠎ᠡ ᠬᠤᠶᠢᠨᠠᠬᠢ ᠳᠠᠷᠠᠭᠠᠯᠠᠯ ᠢᠶᠠᠷ | ᠡᠭᠡᠯᠵᠢᠯᠡᠨ ᠲᠦᠷᠢᠶᠡᠰᠦᠯᠡᠬᠦ ᠶᠢ ᠬᠦᠯᠢᠶᠡᠨ᠎ᠡ᠃ | ︵ᠲᠦᠷᠪᠡ︶ ᠭᠤᠶᠤᠴᠢᠯᠠᠭᠴᠢ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠭᠠᠷᠭᠠᠭᠰᠠᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢ ᠲᠤᠬᠢᠷᠠᠭᠤᠯᠤᠨ ᠲᠦᠷᠢᠶᠡᠰᠦᠯᠡᠭᠦᠯᠬᠦ ᠮᠡᠳᠡᠭᠳᠡᠯ ᠤᠨ ᠬᠠᠭᠤᠳᠠᠰᠤ ᠶᠢ ᠲᠠᠪᠤᠨ ᠠᠵᠢᠯᠯᠠᠬᠤ ᠡᠳᠦᠷ ᠲᠤ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠡᠵᠡᠩᠨᠡᠨ ᠬᠠᠮᠢᠶᠠᠷᠬᠤ ᠨᠢᠭᠡᠴᠢ ᠳᠤ ᠬᠦᠷᠴᠦ | ᠣᠷᠣᠵᠤ ᠰᠠᠭᠤᠬᠤ ᠭᠠᠷ ᠭᠦᠢᠴᠡᠳᠬᠡᠯ ᠢ ᠭᠦᠢᠴᠡᠳᠬᠡᠵᠦ᠂ ᠬᠠᠮᠢᠶ᠎ᠠ ᠪᠦᠬᠦᠢ ᠵᠠᠷᠤᠳᠠᠯ ᠢ ᠲᠤᠰᠢᠶᠠᠬᠤ ᠶᠢᠨ ᠬᠠᠮᠲᠤ ︽ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠭᠡᠷ᠎ᠡ︾ ᠲᠣᠭᠲᠠᠬᠤ ᠲᠠᠪᠤᠨ | ᠠᠵᠢᠯᠯᠠᠬᠤ ᠡᠳᠦᠷ ᠤᠨ ᠳᠣᠲᠣᠷ᠎ᠠ ᠣᠷᠣᠵᠤ ᠰᠠᠭᠤᠬᠤ ᠭᠠᠷ ᠭᠦᠢᠴᠡᠳᠬᠡᠯ ᠢ ᠭᠦᠢᠴᠡᠳᠬᠡᠭᠰᠡᠨ ᠦᠭᠡᠢ ᠪᠣᠯ | ᠥᠪᠡᠷ ᠢᠶᠠᠨ ᠲᠠᠶᠠᠭᠳᠠᠭᠰᠠᠨ ᠢᠶᠠᠷ ᠦᠵᠡᠵᠦ᠂ ᠲᠠᠬᠢᠨ ᠭᠤᠶᠤᠴᠢᠯᠠᠬᠤ ᠴᠢᠬᠤᠯᠠᠲᠠᠶ ᠭᠡᠵᠦ ᠦᠵᠡᠪᠡ᠃ | ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠳᠦᠷᠢᠶᠡᠰᠦᠯᠡᠯ ᠤᠨ ᠭᠡᠷ᠎ᠡ ᠶᠢᠨ | ᠬᠤᠭᠤᠴᠠᠭ᠎ᠠ ᠶᠢ ᠡᠩ ᠤᠨ ᠪᠠᠶᠢᠳᠠᠯ ᠳᠤ 3 ᠵᠢᠯ ᠠᠴᠠ ᠬᠡᠲᠦᠷᠡᠭᠦᠯᠵᠦ ᠪᠣᠯᠬᠤ ᠦᠭᠡᠢ᠃ ᠲᠦᠷᠢᠶᠡᠰᠦᠯᠡᠬᠦ ᠭᠡᠷ᠎ᠡ ᠶᠢᠨ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠵᠥᠪᠰᠢᠶᠡᠷᠡᠨ ᠣᠷᠣᠭᠤᠯᠬᠤ ᠨᠥᠬᠦᠴᠡᠯ ᠳᠤ ᠨᠡᠶᠢᠴᠡᠬᠦ ᠶᠢ ᠨᠢ | ᠰᠢᠨ᠎ᠡ ᠪᠠᠷ ᠬᠢᠨᠠᠨ ᠬᠠᠷᠭᠤᠭᠤᠯᠤᠭᠠᠳ ᠦᠷᠭᠦᠯᠵᠢᠯᠡᠨ ᠲᠦᠷᠢᠶᠡᠰᠦᠯᠡᠵᠦ ᠪᠣᠯᠤᠨ᠎ᠠ᠃ | ᠳᠥᠷᠪᠡᠳᠦᠭᠡᠷ ᠪᠦᠯᠦᠭ᠂ ᠪᠤᠴᠠᠭᠠᠵᠤ ᠭᠠᠷᠭᠠᠬᠤ ᠬᠠᠮᠢᠶᠠᠷᠤᠯᠲᠠ | ᠠᠷᠪᠠᠨ ᠨᠠᠢᠮᠠᠳᠤᠭᠠᠷ ᠵᠦᠢᠯ ᠲᠦᠷᠢᠶᠡᠰᠦᠯᠡᠭᠴᠢ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ | ᠲᠦᠷᠢᠶᠡᠰᠦᠯᠡᠯ ᠤᠨ ᠭᠡᠷ᠎ᠡ ᠶᠢ ᠵᠣᠭᠰᠣᠭᠠᠵᠤ᠂ ᠨᠢᠭᠡᠨᠲᠡ ᠲᠦᠷᠢᠶᠡᠰᠦᠯᠡᠭᠰᠡᠨ ᠭᠡᠷ ᠪᠠᠶᠢᠰᠢᠩ ᠢ ᠬᠤᠷᠢᠶᠠᠨ ᠠᠪᠴᠤ᠂ | ᠪᠤᠴᠠᠭᠠᠵᠤ ᠭᠠᠷᠭᠠᠨ᠎ᠠ᠃ | 1.ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠠᠵᠢᠯᠯᠠᠵᠤ ᠠᠮᠢᠳᠤᠷᠠᠵᠤ ᠪᠠᠶᠢᠬᠤ ᠦᠬᠡᠢ︔ | 2. ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠤᠳᠠᠯᠳᠤᠨ ᠠᠪᠬᠤ᠂ ᠥᠪ ᠵᠠᠯᠭᠠᠮᠵᠢᠯᠠᠬᠤ᠂ | ᠪᠡᠯᠡᠭᠯᠡᠨ ᠬᠦᠷᠭᠡᠬᠦ ᠵᠡᠷᠭᠡ ᠪᠤᠰᠤᠳ ᠭᠡᠷ ᠪᠠᠶᠢᠰᠢᠩ ᠲᠠᠢ᠃ | 3. ᠳᠠᠭᠠᠭᠠᠨ ᠲᠦᠷᠢᠶᠡᠰᠦᠯᠡᠭᠦᠯᠦᠭᠰᠡᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ | ᠰᠢᠯᠵᠢᠭᠦᠯᠦᠨ ᠵᠢᠭᠡᠯᠡᠭᠰᠡᠨ᠂ ᠰᠢᠯᠵᠢᠭᠦᠯᠦᠨ ᠲᠦᠷᠢᠶᠡᠰᠦᠯᠡᠭᠦᠯᠦᠭᠰᠡᠨ ᠪᠤᠶᠤ ᠳᠤᠷ᠎ᠠ ᠪᠠᠷ ᠢᠶᠠᠨ ᠰᠤᠯᠢᠬᠤ︔ | 4. ᠳᠠᠭᠠᠭᠠᠨ ᠲᠦᠷᠢᠶᠡᠰᠦᠯᠡᠭᠰᠡᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ | ᠬᠡᠷᠡᠭᠴᠡᠭᠡ ᠶᠢ ᠬᠤᠪᠢᠷᠠᠭᠤᠯᠬᠤ︔ | 5. ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠳᠠᠭᠠᠭᠠᠴᠢᠯᠠᠨ ᠲᠦᠷᠢᠶᠡᠰᠦᠯᠡᠬᠦ ᠪᠤᠶᠤ | ᠳᠤᠷ᠎ᠠ ᠪᠠᠷ ᠢᠶᠠᠨ ᠵᠠᠰᠠᠵᠤ᠂ ᠤᠤᠯ ᠪᠠᠶᠢᠳᠠᠯ ᠢ ᠰᠡᠷᠭᠦᠭᠡᠬᠦ ᠦᠭᠡᠢ︔ | 6᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠳᠣᠲᠣᠷ᠎ᠠ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠬᠢᠬᠦ︔ | 7᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠵᠡᠩᠨᠡᠨ ᠬᠠᠮᠢᠶᠠᠷᠬᠤ ᠨᠢᠭᠡᠴᠡ ᠶᠢᠨ ᠡᠳᠦᠷ ᠲᠤᠲᠤᠮ ᠤᠨ | ᠬᠠᠮᠢᠶᠠᠷᠤᠯᠲᠠ ᠶᠢᠨ ᠠᠵᠢᠯ ᠳᠤ ᠬᠠᠮᠵᠢᠯᠴᠠᠬᠤ ᠶᠢ ᠲᠡᠪᠴᠢᠭᠰᠡᠨ︔ | 8. ᠬᠤᠪᠢ ᠬᠥᠮᠦᠨ ᠤ ᠬᠤᠳᠠᠯ ᠬᠠᠭᠤᠷᠮᠠᠭ ᠮᠡᠳᠡᠭᠡ ᠵᠠᠩᠭᠢ ᠪᠠ ᠮᠠᠲ᠋ᠧᠷᠢᠶᠠᠯ ᠢ ᠲᠤᠰᠢᠶᠠᠭᠰᠠᠨ ᠪᠤᠶᠤ ᠮᠡᠬᠡᠯᠡᠬᠦ | ᠵᠡᠷᠭᠡ ᠲᠥᠪ ᠪᠤᠰᠤ ᠠᠷᠭ᠎ᠠ ᠪᠠᠷᠢᠯ ᠢᠶᠠᠷ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ | ᠲᠦᠷᠢᠶᠡᠰᠦᠯᠡᠭᠰᠡᠨ︔ | ᠠᠷᠪᠠ ᠶᠢᠰᠦᠳᠦᠭᠡᠷ ᠵᠦᠢᠯ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠶᠢᠨ ᠵᠥᠪᠰᠢᠶᠡᠷᠡᠨ | ᠣᠷᠣᠭᠤᠯᠬᠤ ᠨᠥᠬᠦᠴᠡᠯ ᠳᠤ ᠨᠡᠶᠢᠴᠡᠬᠦ ᠦᠭᠡᠢ ᠪᠤᠶᠤ ᠬᠤᠪᠢ ᠬᠥᠮᠦᠨ ᠤ ᠰᠢᠯᠲᠠᠭᠠᠨ ᠠᠴᠠ ᠪᠣᠯᠵᠤ ᠪᠠᠲᠤᠯᠠᠭ᠎ᠠ ᠶᠢᠨ | ᠴᠢᠨᠠᠷᠲᠠᠶ ᠳᠦᠷᠢᠶᠡᠰᠦᠯᠡᠯ ᠤᠨ ᠣᠷᠣᠨ ᠰᠠᠭᠤᠴᠠ ᠠᠴᠠ ᠤᠬᠤᠷᠢᠨ ᠭᠠᠷᠬᠤ ᠪᠠᠷ ᠰᠠᠨᠠᠭᠠᠴᠢᠯᠠᠭ᠎ᠠ ᠠᠴᠠ ᠪᠠᠨ | ᠭᠤᠶᠤᠴᠢᠯᠠᠭᠰᠠᠨ ᠪᠠᠶᠢᠪᠠᠯ᠂ ᠡᠵᠡᠩᠨᠡᠵᠦ ᠬᠠᠮᠢᠶᠠᠷᠬᠤ ᠨᠢᠭᠡᠴᠢ ᠨᠢ ᠲᠦᠷᠢᠶᠡᠰᠦᠯᠡᠬᠦ ᠭᠡᠷ᠎ᠡ ᠪᠠᠨ ᠬᠦᠴᠦᠨ ᠦᠭᠡᠢ | ᠪᠣᠯᠭᠠᠬᠤ ᠶᠢᠨ ᠬᠠᠮᠲᠤ᠂ ᠬᠠᠮᠤᠭ ᠤᠷᠲᠤ ᠳᠠᠭᠠᠨ 3 ᠰᠠᠷ᠎ᠠ ᠶᠢᠨ ᠰᠤᠯᠠᠯᠠᠵᠤ ᠪᠤᠴᠠᠭᠠᠬᠤ ᠰᠢᠯᠵᠢᠯᠲᠡ ᠶᠢᠨ | ᠬᠤᠭᠤᠴᠠᠭ᠎ᠠ ᠠᠴᠠ ᠬᠡᠲᠦᠷᠡᠬᠦ ᠦᠭᠡᠢ᠂ ᠰᠢᠯᠵᠢᠯᠲᠡ ᠶᠢᠨ ᠬᠤᠭᠤᠴᠠᠭᠠᠨ ᠳᠠᠬᠢ ᠲᠦᠷᠢᠶᠡᠰᠦᠨ ᠮᠥᠩᠭᠦ ᠶᠢ ᠤᠤᠯ ᠤᠨ | ᠭᠡᠷ᠎ᠡ ᠳᠤ ᠪᠣᠯᠵᠣᠨ ᠲᠣᠭᠲᠠᠭᠰᠠᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠪᠠᠷ ᠲᠤᠰᠢᠶᠠᠨ᠎ᠠ᠃ | ᠬᠤᠷᠢᠳᠤᠭᠠᠷ ᠵᠦᠢᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ | ᠰᠣᠯᠢᠬᠤ ᠲᠠᠪᠴᠠᠩ ᠪᠠᠶᠢᠭᠤᠯᠵᠤ᠂ ᠲᠦᠷᠢᠶᠡᠰᠦᠯᠡᠭᠴᠢ ᠠᠵᠢᠯ ᠰᠢᠯᠵᠢᠬᠦ ᠪᠤᠶᠤ ᠣᠷᠣᠰᠢᠨ ᠰᠠᠭᠤᠬᠤ ᠳᠤ ᠳᠥᠭᠦᠮ | ᠵᠡᠷᠭᠡ ᠰᠢᠯᠲᠠᠭᠠᠨ ᠠᠴᠠ ᠪᠣᠯᠵᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ | ᠪᠠᠲᠤᠯᠠᠭ᠎ᠠ ᠶᠢᠨ ᠲᠥᠪ ᠲᠤ ᠭᠡᠷ ᠪᠠᠶᠢᠰᠢᠩ ᠰᠣᠯᠢᠬᠤ ᠪᠠᠷ ᠭᠤᠶᠤᠴᠢᠯᠠᠵᠤ ᠪᠣᠯᠤᠨ᠎ᠠ᠃ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠬᠤᠷᠢᠨ ᠨᠢᠭᠡᠳᠦᠭᠡᠷ ᠵᠦᠢᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ | ᠶᠡᠷᠦᠩᠬᠡᠶᠢᠯᠡᠭᠰᠡᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠠᠴᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠭᠡᠷ ᠪᠠᠶᠢᠰᠢᠩ ᠤᠨ ᠢᠷᠡᠯᠲᠡ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ | ᠨᠡᠶᠢᠲᠡᠯᠡᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ | ᠲᠦᠷᠢᠶᠡᠰᠦᠯᠡᠭᠴᠢ ᠲᠦᠷᠢᠶᠡᠰᠦᠯᠡᠬᠦ ᠭᠡᠷ᠎ᠡ ᠶᠢ ᠦᠨᠳᠦᠰᠦᠯᠡᠨ᠂ ᠲᠣᠭᠲᠠᠭᠠᠯ ᠶᠣᠰᠣᠭᠠᠷ ᠠᠯᠪᠠᠨ ᠵᠢᠷᠤᠮ ᠤᠨ ᠰᠤᠷᠭᠠᠨ | ᠬᠥᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢ ᠭᠥᠷᠳᠡᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢ ᠭᠠᠷᠭᠠᠨ ᠠᠪᠴᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ | ᠮᠥᠩᠭᠦ ᠶᠢ ᠲᠤᠰᠢᠶᠠᠬᠤ ᠳᠤ ᠬᠡᠷᠡᠭᠯᠡᠵᠦ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠡᠷᠬᠡᠲᠦ | ᠬᠥᠮᠦᠨ ᠪᠤᠶᠤ ᠲᠡᠭᠦᠨ ᠤ ᠨᠠᠶᠢᠳᠠᠭᠰᠠᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠢ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠲᠣᠭᠲᠠᠭᠠᠯ ᠢ | ᠬᠡᠷᠡᠭᠵᠢᠭᠦᠯᠬᠦ ᠦᠭᠡᠢ᠂ ᠡᠵᠡᠩᠨᠡᠬᠦ ᠬᠤᠭᠤᠴᠠᠭ᠎ᠠ ᠨᠢ 10 ᠵᠢᠯ ᠪᠤᠶᠤ ᠡᠵᠡᠩᠨᠡᠬᠦ ᠬᠤᠭᠤᠴᠠᠭᠠᠨ ᠳᠤ ᠲᠤᠬᠠᠶ ᠶᠢᠨ | ᠭᠠᠵᠠᠷ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠶᠢ | ᠬᠦᠯᠢᠶᠡᠬᠦ ᠦᠭᠡᠢ ᠪᠣᠯ᠂ ᠨᠢᠭᠡᠨᠲᠡ ᠠᠪᠤᠭᠰᠠᠨ ᠳᠡᠭᠡᠳᠦ ᠱᠠᠲᠤᠨ ᠤ ᠨᠥᠬᠦᠪᠥᠷᠢ ᠵᠢᠴᠢ ᠠᠰᠢᠭ ᠬᠦᠷᠲᠡᠬᠦ ᠡᠳ᠋ ᠤᠨ | ᠵᠠᠰᠠᠭ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠪᠦᠬᠦ ᠲᠤᠭ᠎ᠠ ᠪᠠᠷ ᠪᠤᠴᠠᠭᠠᠨ ᠥᠭᠴᠦ᠂ ᠨᠢᠭᠡᠨᠲᠡ ᠬᠠᠰᠤᠵᠤ | ᠲᠠᠲᠠᠪᠤᠷᠢᠯᠠᠭᠰᠠᠨ ᠭᠠᠶᠢᠯᠢ ᠰᠦᠢᠳᠬᠡᠯ ᠢ ᠨᠡᠬᠡᠮᠵᠢᠯᠡᠨ ᠬᠤᠷᠢᠶᠠᠨ᠎ᠠ᠃ ᠪᠤᠴᠠᠭᠠᠬᠤ ᠦᠭᠡᠢ ᠪᠠᠶᠢᠪᠠᠯ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ | ᠡᠷᠬᠡᠲᠦ ᠬᠥᠮᠦᠨ ᠪᠤᠶᠤ ᠲᠡᠭᠦᠨ ᠤ ᠨᠠᠶᠢᠳᠠᠭᠰᠠᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠶᠢ ᠦᠨᠡᠨᠴᠢ | ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠬᠦ ᠶᠢᠨ ᠬᠠᠮᠲᠤ ᠠᠷᠠᠳ ᠤᠨ ᠰᠢᠭᠦᠬᠦ ᠬᠤᠷᠢᠶᠠᠨ ᠳᠤ ᠠᠯᠪᠠᠳᠠᠨ | ᠬᠡᠷᠡᠭᠵᠢᠭᠦᠯᠬᠦ ᠪᠠᠷ ᠬᠠᠤᠯᠢ ᠶᠣᠰᠣᠭᠠᠷ ᠭᠤᠶᠤᠴᠢᠯᠠᠪᠠ᠃ | ᠬᠤᠷᠢᠨ ᠳᠥᠷᠪᠡᠳᠦᠭᠡᠷ ᠵᠦᠢᠯ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠠᠴᠠ ᠤᠬᠤᠷᠢᠨ | ᠭᠠᠷᠬᠤ ᠴᠢᠬᠤᠯᠠᠲᠠᠶ ᠪᠣᠯᠪᠠᠴᠤ ᠳᠠᠭᠠᠬᠤ ᠥᠬᠡᠶ ᠪᠠᠶᠢᠪᠠᠯ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠲᠦᠷᠢᠶᠡᠰᠦᠯᠡᠭᠴᠢ ᠵᠢᠴᠢ ᠬᠠᠮᠲᠤ ᠶᠢᠨ | ᠲᠦᠷᠢᠶᠡᠰᠦᠯᠡᠭᠴᠢ ᠶᠢᠨ ᠦᠢᠯᠡ ᠠᠵᠢᠯᠯᠠᠭ᠎ᠠ ᠶᠢ ᠬᠤᠪᠢ ᠬᠥᠮᠦᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ | ᠲᠡᠮᠳᠡᠭᠯᠡᠨ ᠣᠷᠣᠭᠤᠯᠵᠤ᠂ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠢ ᠬᠠᠤᠯᠢ ᠶᠣᠰᠣᠭᠠᠷ ᠠᠷᠠᠳ ᠤᠨ ᠰᠢᠭᠦᠬᠦ | ᠬᠤᠷᠢᠶ᠎ᠠ ᠳᠤ ᠠᠯᠪᠠᠳᠠᠨ ᠬᠡᠷᠡᠭᠵᠢᠭᠦᠯᠬᠦ ᠪᠠᠷ ᠭᠤᠶᠤᠴᠢᠯᠠᠨ᠎ᠠ᠃ | ᠬᠤᠷᠢᠨ ᠲᠠᠪᠤᠳᠤᠭᠠᠷ ᠵᠦᠢᠯ ᠶᠠᠮᠠᠷᠪᠠ ᠨᠢᠭᠡᠴᠡ᠂ ᠬᠤᠪᠢ ᠬᠥᠮᠦᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ | ᠣᠷᠣᠨ ᠰᠠᠭᠤᠴᠠ ᠭᠤᠶᠤᠴᠢᠯᠠᠬᠤ᠂ ᠬᠡᠷᠡᠭᠯᠡᠬᠦ᠂ ᠬᠠᠮᠢᠶᠠᠷᠬᠤ ᠶᠠᠪᠤᠴᠠ ᠳᠤ ᠬᠠᠤᠯᠢ ᠵᠥᠷᠢᠴᠡᠭᠰᠡᠨ᠂ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ ᠴᠥᠮ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠵᠢᠴᠢ ᠬᠠᠮᠢᠶ᠎ᠠ | ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ ᠪᠣᠯᠤᠨ᠎ᠠ᠃ | ᠬᠤᠷᠢᠨ ᠵᠢᠷᠭᠤᠳᠤᠭᠠᠷ ᠵᠤᠷᠪᠤᠰ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |