︽ᠠᠯᠭᠤᠷ ᠪᠠᠶᠢᠭᠠᠷᠠᠢ᠂ ᠠᠭᠠᠵᠢᠮᠬᠠᠨ ᠭᠠᠷᠴᠤ ᠢᠷᠡᠭᠡᠷᠠᠢ᠂ ᠪᠢᠳᠡ ᠴᠢᠮᠠᠢ ᠲᠦᠰᠢᠵᠦ ᠠᠪᠤᠶ᠎ᠠ︾ ︽ᠲᠠ | ᠨᠠᠷ ᠲᠤ ᠮᠠᠰᠢ ᠲᠠᠯᠠᠷᠬᠠᠵᠤ ᠪᠠᠶᠢᠨ᠎ᠠ᠂ ᠲᠡᠭᠡᠬᠦ ᠦᠭᠡᠢ ᠪᠣᠯ ᠮᠠᠨ ᠤ ᠬᠡᠳᠤ ᠯᠠᠪ ᠭᠠᠷᠴᠤ ᠴᠢᠳᠠᠬᠤ ᠦᠭᠡᠢ᠂ ᠦᠨᠡᠬᠡᠷ | ᠲᠠᠯᠠᠷᠬᠠᠵᠤ ᠪᠠᠶᠢᠨ᠎ᠠ︕︾ ᠭᠡᠵᠦ ᠬᠡᠯᠡᠪᠡ᠃ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠲᠡᠷᠭᠡᠨ ᠳᠣᠲᠣᠷᠠᠬᠢ | ᠰᠢᠶᠤᠤ ᠸᠠᠩ ᠪᠣᠯᠤᠨ ᠨᠠᠶᠢᠵᠠ ᠨᠠᠷ ᠠᠮᠵᠢᠯᠲᠠ ᠲᠠᠢ ᠪᠠᠷ ᠠᠪᠤᠷᠠᠭᠳᠠᠵᠤ᠂ ᠬᠡᠳᠦᠨ ᠬᠥᠮᠦᠨ ᠠᠮᠠ ᠨᠢᠭᠡᠲᠡᠢ ᠠᠪᠤᠷᠠᠨ | ᠲᠤᠰᠠᠯᠠᠭᠳᠠᠭᠰᠠᠨ ᠠᠷᠠᠳ ᠤᠨ ᠴᠠᠭᠳᠠᠭ᠎ᠠ ᠳᠤ ᠲᠠᠯᠠᠷᠬᠠᠪᠠ᠃ ᠪᠣᠷᠣᠭᠠᠨ ᠲᠠᠢ ᠰᠥᠨᠢ 7 ᠵᠤᠭᠠᠴᠠᠭᠰᠠᠳ ᠢ | ᠠᠪᠤᠷᠠᠭᠰᠠᠨ ︽ᠲᠦᠷᠭᠡᠨ ᠴᠠᠭᠳᠠᠭᠠᠨ ᠤ ᠠᠪᠤᠷᠠᠯᠲᠠ︾ ᠨᠢ ᠤᠯᠠᠭᠠᠨᠴᠠᠪ ᠤᠨ ᠴᠠᠬᠠᠷ ᠪᠠᠷᠠᠭᠤᠨ ᠭᠠᠷᠤᠨ ᠬᠤᠶᠢᠳᠤ | ᠬᠤᠰᠢᠭᠤᠨ ᠤ ᠪᠠᠶᠠᠨᠴᠠᠭᠠᠨ ᠪᠠᠯᠭᠠᠰᠤᠨ ᠳᠤ ᠶᠠᠪᠤᠭᠳᠠᠪᠠ᠃ | | 7 ᠰᠠᠷ᠎ᠠ ᠶᠢᠨ 2 ᠤᠨ ᠡᠳᠦᠷ ᠤᠨ 21 ᠴᠠᠭ 54 ᠮᠢᠨᠦ᠋ᠲ ᠤᠨ ᠦᠶ᠎ᠡ ᠪᠠᠷ᠂ ᠤᠯᠠᠭᠠᠨᠴᠠᠪ ᠤᠨ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠰᠠᠯᠪᠤᠷᠢ | ᠠᠩᠭᠢ ᠶᠢᠨ ᠠᠷᠠᠳ ᠤᠨ ᠲᠤᠰᠠᠯᠠᠬᠤ ᠴᠠᠭᠳᠠᠭ᠎ᠠ ᠬᠠᠷᠢᠶᠠᠲᠤ ᠣᠷᠣᠨ ᠳᠠᠭᠠᠨ ᠵᠣᠨ ᠤ ᠰᠦᠨᠢ ᠶᠢᠨ ᠠᠮᠤᠷ ᠢ | ᠬᠠᠮᠠᠭᠠᠯᠠᠬᠤ ᠲᠣᠭᠤᠷᠢᠨ ᠪᠠᠶᠢᠴᠠᠭᠠᠬᠤ ᠤᠬᠠᠭᠤᠯᠤᠨ ᠰᠡᠷᠭᠡᠶᠢᠯᠡᠬᠦ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ | ᠥᠷᠨᠢᠭᠦᠯᠵᠦ᠂ ᠪᠠᠶᠠᠨᠴᠠᠭᠠᠨ ᠪᠠᠯᠭᠠᠰᠤᠨ ᠤ ᠵᠢᠤᠢ ᠯᠦᠨ ᠠᠭᠤᠳᠠᠮ ᠲᠠᠯᠠᠪᠠᠶ ᠶᠢᠨ ᠡᠷᠭᠢᠯᠲᠡ ᠶᠢᠨ ᠵᠠᠮ ᠳᠡᠭᠡᠷ᠎ᠡ ᠨᠢᠭᠡ | ᠤᠳᠠᠭᠠᠨ ᠤ ᠭᠠᠭᠴᠠ ᠲᠠᠯ᠎ᠠ ᠶᠢᠨ ᠵᠠᠮ ᠬᠠᠷᠢᠯᠴᠠᠭᠠᠨ ᠤ ᠠᠳᠡᠯ ᠭᠠᠷᠴᠤ᠂ ᠬᠤᠳᠠᠯᠳᠤᠭᠠᠨ ᠤ ᠶᠠᠪᠤᠳᠠᠯ ᠤᠨ ᠲᠡᠷᠭᠡ | ᠵᠠᠮ ᠤᠨ ᠬᠠᠵᠠᠭᠤ ᠳᠤ ᠤᠷᠪᠠᠭᠰᠠᠨ ᠪᠠᠶᠢᠨ᠎ᠠ᠃ | ᠶᠡᠭᠡ ᠠᠩᠭᠢ ᠶᠢᠨ ᠠᠷᠠᠳ ᠤᠨ ᠲᠤᠰᠠᠯᠠᠬᠤ ᠴᠠᠭᠳᠠᠭ᠎ᠠ ᠲᠡᠷᠡ ᠳᠠᠷᠤᠶ ᠳᠤᠨᠢ ᠬᠦᠷᠴᠦ ᠪᠠᠶᠢᠳᠠᠯ ᠢ ᠣᠶᠢᠯᠠᠭᠠᠵᠤ᠂ | ᠵᠢᠯᠣᠭᠤᠴᠢ ᠵᠢᠴᠢ ᠠᠶᠠᠨᠴᠢᠳ ᠨᠡᠶᠢᠲᠡ 7 ᠲᠡᠷᠭᠡᠨ ᠳᠤ ᠬᠠᠰᠢᠭᠳᠠᠭᠰᠠᠨ ᠢ ᠣᠯᠵᠤ ᠮᠡᠳᠡᠭᠰᠡᠨ ᠪᠥᠭᠡᠳ ᠲᠡᠷᠭᠡ | ᠬᠦᠰᠭᠡ ᠶᠢᠨ ᠴᠢᠶ᠋ᠢᠤ ᠲᠣᠰᠣ ᠯᠡᠪᠡᠷᠡᠵᠦ᠂ ᠭᠠᠯ ᠭᠠᠷᠬᠤ ᠠᠶᠤᠯ ᠲᠦᠭᠰᠢᠭᠦᠷᠢ ᠲᠤᠯᠭᠠᠷᠠᠵᠤ᠂ ᠴᠠᠭᠳᠠᠭ᠎ᠠ ᠨᠠᠷ ᠳᠠᠷᠤᠶ | ᠲᠦᠷᠭᠡᠨ ᠪᠣᠷᠣᠭᠠᠨ ᠢ ᠰᠥᠷᠥᠨ ᠬᠠᠰᠢᠭᠳᠠᠭᠰᠠᠨ ᠬᠥᠮᠦᠰ ᠢ ᠪᠦᠬᠦᠨ ᠢ ᠠᠪᠤᠷᠠᠵᠤ᠂ ᠲᠡᠷᠡ ᠳᠠᠷᠤᠶ ᠳᠤᠨᠢ ᠵᠠᠮ | ᠬᠠᠷᠢᠯᠴᠠᠭᠠᠨ ᠤ ᠴᠠᠭᠳᠠᠭ᠎ᠠ ᠲᠠᠢ ᠬᠠᠷᠢᠯᠴᠠᠵᠤ ᠲᠤᠬᠠᠶ ᠶᠢᠨ ᠲᠠᠯᠠᠪᠤᠷ ᠲᠤ ᠬᠦᠷᠴᠦ ᠰᠢᠢᠳᠪᠦᠷᠢᠯᠡᠪᠡ᠃ ᠲᠤᠬᠠᠶ ᠶᠢᠨ | ᠲᠠᠯᠠᠪᠠᠶ ᠶᠢᠨ ᠪᠠᠶᠢᠴᠠᠭᠠᠯᠲᠠ ᠪᠠᠷ ᠳᠠᠮᠵᠢᠨ᠂ ᠨᠢᠭᠡᠨ ᠵᠢᠭᠤᠯᠴᠢᠨ ᠰᠢᠷᠬᠠᠲᠤᠭᠰᠠᠨ ᠠᠴᠠ ᠭᠠᠳᠠᠨ᠎ᠠ ᠪᠤᠰᠤᠳ ᠬᠥᠮᠦᠰ | ᠬᠡᠳᠦ᠋ᠢᠪᠡᠷ ᠰᠣᠴᠢᠭᠰᠠᠨ ᠪᠣᠯᠪᠠᠴᠤ ᠰᠢᠷᠬᠠᠲᠤᠭᠰᠠᠨ ᠦᠭᠡᠶ᠃ ︽ᠬᠤᠶᠢᠰᠢᠳᠠ ᠲᠡᠷᠭᠡ ᠵᠢᠯᠣᠭᠤᠳᠬᠤ ᠨᠢ | ᠶᠠᠭᠠᠬᠢᠭᠰᠠᠨ ᠴᠤ ᠪᠢᠲᠡᠭᠡᠢ ᠬᠢᠴᠢᠶᠡᠭᠡᠷᠡᠢ᠂ ᠠᠯᠭᠤᠷ ᠶᠠᠪᠤ︕ ᠬᠡᠷᠪᠡ ᠬᠠᠪᠰᠤᠷᠬᠤ ᠴᠢᠬᠤᠯᠠ ᠲᠠᠢ ᠪᠣᠯ ᠲᠡᠷᠡ | ᠳᠠᠷᠤᠢ ᠳᠤᠨᠢ ᠪᠢᠳᠡᠨ ᠲᠠᠢ ᠬᠠᠷᠢᠯᠴᠠᠵᠤ ᠪᠣᠯᠣᠨ᠎ᠠ᠃ ᠠᠶᠠᠷᠯᠠᠬᠤ ᠠᠴᠠ ᠡᠮᠦᠨ᠎ᠡ᠂ ᠠᠷᠠᠳ ᠤᠨ ᠴᠠᠭᠳᠠᠭ᠎ᠠ ᠨᠠᠷ | ᠰᠢᠷᠬᠠᠲᠤᠭᠰᠠᠳ ᠢ ᠰᠠᠶᠢᠲᠤᠷ ᠡᠮᠨᠡᠵᠦ᠂ ᠬᠤᠶᠢᠰᠢᠳᠠ ᠪᠣᠷᠣᠭᠠᠨ ᠤ ᠰᠥᠨᠢ ᠲᠡᠷᠭᠡ ᠵᠢᠯᠣᠭᠤᠳᠬᠤ ᠳᠠᠭᠠᠨ | ᠬᠢᠴᠢᠶᠡᠩᠭᠦᠶ ᠶᠠᠪᠤᠭᠠᠷᠠᠢ᠃ | | ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠦᠭᠰᠡᠨ ᠠᠴᠠ ᠨᠠᠰᠢ᠂ ᠤᠯᠠᠭᠠᠨᠴᠠᠪ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠠᠵᠢᠯ ᠢᠶᠠᠨ ᠤᠯᠠᠮ ᠨᠢᠭᠡ | ᠠᠯᠬᠤᠮ ᠴᠢᠩᠭᠠᠳᠬᠠᠵᠤ᠂ ᠪᠠᠶᠢᠭᠤᠯᠭ᠎ᠠ ᠶᠢᠨ ᠴᠠᠭᠳᠠᠭᠠᠨ ᠤ ᠬᠦᠴᠦᠨ ᠳᠣᠷᠣᠭᠰᠢ ᠪᠠᠭᠤᠵᠤ ᠨᠢᠭᠡᠳᠦᠭᠡᠷ ᠹᠷᠣᠨᠲ ᠤᠨ | ᠪᠣᠳᠠᠲᠤ ᠪᠠᠶᠢᠯᠳᠤᠭᠠᠨ ᠤ ᠰᠠᠯᠪᠤᠷᠢ ᠠᠩᠭᠢ ᠪᠣᠯᠵᠤ᠂ ︽ᠲᠣᠭᠲᠠᠩᠭᠤᠢ ᠪᠠᠶᠢᠳᠠᠯ ᠤᠨ ᠴᠠᠭᠳᠠᠭ᠎ᠠ︾ ᠶᠢ ︽ | ᠬᠥᠳᠡᠯᠦᠩᠭᠦᠶ ᠪᠠᠷ ᠰᠢᠢᠳᠪᠦᠷᠢᠯᠡᠬᠦ ᠴᠠᠭᠳᠠᠭ᠎ᠠ︾᠂ ︽ᠰᠠᠨᠠᠭᠠᠴᠢᠯᠠᠭᠠᠲᠤ ᠪᠤᠰᠤ ᠴᠤᠭᠯᠠᠷᠠᠬᠤ︾ ᠶᠢ ︽ | ᠰᠠᠨᠠᠭᠠᠴᠢᠯᠠᠭ᠎ᠠ ᠠᠴᠠ ᠪᠠᠨ ᠠᠷᠭᠠᠴᠠᠭᠠᠬᠤ︾᠂ ︽ᠣᠯᠠᠨ ᠲᠦᠮᠡᠨ ᠬᠡᠷ ᠲᠤᠨᠢ ᠬᠦᠷᠴᠦ ᠢᠷᠡᠬᠦ︾ ᠪᠣᠯᠭᠠᠨ | ᠬᠤᠪᠢᠷᠠᠭᠤᠯᠪᠠ ᠁ ᠡᠳᠡᠭᠡᠷ ᠠᠷᠠᠳ ᠣᠯᠠᠨ ᠤ ᠳᠡᠷᠭᠡᠳᠡ ᠰᠦᠯᠵᠢᠯᠳᠦᠨ ᠶᠠᠪᠤᠵᠤ ᠪᠠᠶᠢᠭ᠎ᠠ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠨᠠᠷ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠪᠦᠲᠦᠮᠵᠢᠲᠡᠶ ᠰᠡᠷᠭᠡᠶᠢᠯᠡᠨ ᠴᠣᠬᠢᠯᠲᠠ ᠥᠭᠴᠦ᠂ ᠬᠠᠷᠢᠶᠠᠲᠤ ᠣᠷᠣᠨ ᠤ ᠨᠡᠶᠢᠭᠡᠮ ᠤᠨ ᠠᠮᠤᠷ ᠲᠦᠪᠰᠢᠨ | ᠲᠣᠭᠲᠠᠭᠤᠨ ᠪᠠᠶᠢᠳᠠᠯ ᠳᠤ ᠬᠦᠴᠦᠨ ᠨᠡᠮᠡᠷᠢᠯᠡᠭᠰᠡᠨ ᠪᠠᠶᠢᠨ᠎ᠠ᠃ ᠲᠡᠳᠡ ᠪᠣᠯ ᠵᠠᠮ ᠳᠡᠭᠡᠷᠡᠬᠢ ᠨᠢᠭᠡᠨ ᠦᠵᠡᠰᠬᠦᠯᠡᠩᠲᠦ | ᠰᠠᠶᠢᠬᠠᠨ ᠦᠵᠡᠮᠵᠢ ᠪᠣᠯᠬᠤ ᠪᠠᠷ ᠪᠠᠷᠠᠬᠤ ᠦᠭᠡᠢ᠂ ᠨᠡᠩ ᠴᠤ ᠠᠷᠠᠳ ᠤᠯᠠᠨ ᠤ ᠰᠡᠳᠬᠢᠯ ᠤᠨ ︽ᠠᠮᠤᠷ | ᠲᠦᠪᠰᠢᠨ ᠤ ᠭᠡᠷᠡᠯᠲᠦ ᠳ᠋ᠧᠩ︾ ᠪᠣᠯᠤᠨ᠎ᠠ᠃ | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |